ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠡ ᠶᠢᠨ 8 ᠤ ᠴᠠᠬᠢᠯᠭᠠᠨ ᠮᠡᠳᠡᠭᠡ 6 ᠰᠠᠷ᠎ᠡ ᠶᠢᠨ 8 ᠤ ᠡᠳᠤᠷ | ᠂ ᠤᠯᠤᠰ ᠤᠨ ᠲᠡᠷᠢᠬᠦᠯᠡᠭᠴᠢ ᠰᠢ ᠶᠢᠨ ᠫᠢᠩ ᠬᠤᠶᠠᠳᠤᠭᠠᠷ ᠬᠤᠭᠤᠴᠠᠭᠠᠨ ᠤ ᠲᠤᠮᠳᠠᠳᠤ ᠤᠯᠤᠰ — ᠲᠤᠮᠳᠠ | ᠵᠡᠬᠦᠨ ᠡᠸᠦ᠋ᠷᠤᠫᠠ ᠶᠢᠨ ᠤᠯᠤᠰ ᠤᠳ ᠤᠨ ᠦᠵᠡᠰᠬᠦᠯᠡᠩ ᠤᠨ ᠴᠤᠬᠯᠠᠭᠠᠨ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠶᠢᠨ ᠤᠯᠤᠰ ᠤᠳ ᠤᠨ | ᠬᠠᠮᠳᠤᠷᠠᠯᠴᠠᠭᠠᠨ ᠤ ᠲᠤᠬᠳᠠᠴᠠ ᠪᠤᠯ ᠲᠤᠮᠳᠠᠳᠤ ᠤᠯᠤᠰ ᠪᠤᠯᠤᠨ ᠲᠤᠮᠳᠠ ᠵᠡᠬᠦᠨ ᠡᠸᠦ᠋ᠷᠤᠫᠠ ᠶᠢᠨ ᠤᠯᠤᠰ ᠤᠳ ᠤᠨ | ᠨᠦᠬᠦᠷᠯᠡᠯ ᠢᠶᠠᠨ ᠵᠤᠵᠠᠭᠠᠳᠬᠠᠵᠤ᠂ ᠬᠠᠮᠳᠤᠷᠠᠯᠴᠠᠭ᠎ᠠ ᠪᠠᠨ ᠦᠷᠭᠡᠳᠭᠡᠨ᠂ ᠬᠦᠭᠵᠢᠯᠳᠠ ᠶᠢ ᠬᠠᠮᠳᠤ ᠪᠠᠷ ᠡᠷᠢᠯᠬᠢᠯᠡᠬᠦ | ᠴᠢᠬᠤᠯᠠ ᠲᠠᠪᠴᠠᠩ ᠪᠤᠯᠤᠨ᠎ᠡ᠃ ᠡᠨᠡ ᠵᠢᠯ ᠤᠨ 2 ᠰᠠᠷ᠎ᠡ ᠳᠤ᠂ ᠲᠤᠮᠳᠠᠳᠤ ᠤᠯᠤᠰ — ᠲᠤᠮᠳᠠ ᠵᠡᠬᠦᠨ | ᠡᠸᠦ᠋ᠷᠤᠫᠠ ᠶᠢᠨ ᠤᠯᠤᠰ ᠤᠳ ᠤᠨ ᠤᠳᠤᠷᠢᠳᠬᠤ ᠬᠦᠮᠦᠰ ᠤᠨ ᠲᠦᠷᠦᠬᠦᠴᠤᠳ ᠤᠨ ᠬᠤᠷᠠᠯ ᠠᠮᠵᠢᠯᠳᠠᠳᠠᠢ | ᠬᠤᠷᠠᠯᠳᠤᠪᠠ᠂ ᠪᠢ ᠰᠢᠨ᠎ᠡ ᠪᠠᠶᠢᠳᠠᠯ ᠲᠤᠤᠷ᠎ᠡ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠶᠢᠨ | ᠤᠯᠤᠰ ᠤᠳ ᠤᠨ ᠬᠠᠮᠳᠤᠷᠠᠯᠴᠠᠭ᠎ᠠ ᠨᠢ ᠪᠤᠳᠠᠳᠠᠢ ᠶᠢ ᠡᠷᠬᠢᠮᠯᠡᠬᠦ ᠴᠢᠭᠯᠡᠯ ᠢ ᠪᠠᠷᠢᠮᠳᠠᠯᠠᠵᠤ᠂ ᠬᠠᠷᠢᠯᠴᠠᠨ ᠠᠰᠢᠬᠳᠠᠢ | ᠬᠠᠮᠳᠤ ᠪᠠᠷ ᠠᠰᠢᠭ ᠬᠦᠷᠳᠡᠬᠦ ᠬᠠᠮᠳᠤᠷᠠᠯᠴᠠᠭᠠᠨ ᠤ ᠦᠷ᠎ᠡ ᠪᠦᠳᠤᠭᠡᠯ ᠢᠶᠠᠨ ᠦᠷᠭᠡᠳᠭᠡᠬᠦ ᠶᠢ ᠴᠢᠬᠤᠯᠠᠴᠢᠯᠠᠵᠤ᠂ | ᠬᠤᠶᠢᠰᠢᠳᠠ ᠶᠢᠨ 5 ᠵᠢᠯ ᠳᠤ ᠲᠤᠮᠳᠠ ᠵᠡᠬᠦᠨ ᠡᠸᠦ᠋ᠷᠤᠫᠠ ᠶᠢᠨ ᠤᠯᠤᠰ ᠤᠳ ᠠᠴᠠ 1700 ᠳ᠋ᠦᠡᠭᠰᠢᠭᠤᠷ | ᠳ᠋ᠤᠯᠯᠠᠷ ᠠᠴᠠ ᠲᠡᠭᠡᠭᠰᠢ ᠦᠷᠳᠡᠭ ᠪᠦᠬᠦᠢ ᠲᠠᠸᠠᠷ ᠢ ᠤᠷᠤᠭᠤᠯᠬᠤ ᠪᠠᠷ ᠲᠦᠯᠦᠪᠯᠡᠵᠤ᠂ ᠢᠷᠠᠬᠦ 5 ᠵᠢᠯ ᠳᠤ ᠲᠤᠮᠳᠠ | ᠵᠡᠬᠦᠨ ᠡᠸᠦ᠋ᠷᠤᠫᠠ ᠶᠢᠨ ᠤᠯᠤᠰ ᠤᠳ ᠠᠴᠠ ᠲᠠᠷᠢᠶᠠᠯᠠᠩ ᠤᠨ ᠪᠦᠳᠦᠭᠡᠭᠳᠡᠬᠦᠨ ᠢ ᠤᠷᠤᠭᠤᠯᠬᠤ ᠬᠡᠮᠵᠢᠶ᠎ᠡ ᠶᠢ ᠬᠤᠶᠠᠷ | ᠲᠠᠬᠢᠨ ᠪᠤᠯᠭᠠᠨ ᠨᠡᠮᠡᠭᠳᠡᠬᠦᠯᠬᠦ ᠪᠠᠷ ᠴᠢᠷᠮᠠᠶᠢᠵᠤ᠂ ᠨᠢᠩᠪᠦ᠋ᠸᠧ ᠵᠡᠷᠭᠡ ᠭᠠᠵᠠᠷ ᠤᠨ ᠲᠤᠮᠳᠠᠳᠤ ᠤᠯᠤᠰ — ᠲᠤᠮᠳᠠ | ᠵᠡᠬᠦᠨ ᠡᠸᠦ᠋ᠷᠤᠫᠠ ᠶᠢᠨ ᠤᠯᠤᠰ ᠤᠳ ᠤᠨ ᠠᠵᠤ ᠠᠬᠤᠢ ᠠᠷᠠᠯᠵᠢᠶᠠᠨ ᠤ ᠬᠠᠮᠳᠤᠷᠠᠯᠴᠠᠭᠠᠨ ᠤ ᠵᠢᠱᠢᠶ᠎ᠡ ᠦᠵᠡᠬᠦᠯᠬᠦ | ᠤᠷᠤᠨ ᠤ ᠪᠦᠳᠦᠭᠡᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠬᠤ ᠪᠠᠷ ᠲᠤᠷᠠᠳᠪᠠ᠃ ᠬᠤᠯᠪᠤᠬᠳᠠᠯ ᠪᠦᠬᠦᠢ ᠡᠯ᠎ᠡ | ᠲᠠᠯ᠎ᠡ ᠶᠢᠨ ᠬᠢᠨ ᠤ ᠬᠠᠮᠳᠤ ᠶᠢᠨ ᠴᠢᠷᠮᠠᠶᠢᠯᠭ᠎ᠠ ᠪᠠᠷ᠂ ᠲᠦᠷᠦᠬᠦᠴᠤᠳ ᠤᠨ ᠬᠤᠷᠠᠯ ᠤᠨ ᠡᠯ᠎ᠡ ᠵᠦᠢᠯ ᠤᠨ ᠦᠷ᠎ᠡ | ᠪᠦᠳᠤᠭᠡᠯ ᠶᠠᠭ ᠨᠠᠶᠢᠳᠠᠪᠤᠷᠢᠵᠢᠭᠤᠯᠤᠬᠳᠠᠵᠤ ᠪᠠᠶᠢᠨ᠎ᠡ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠲᠤᠰ ᠬᠤᠭᠤᠴᠠᠭᠠᠨ ᠤ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠶᠢᠨ | ᠤᠯᠤᠰ ᠤᠳ ᠤᠨ ᠦᠵᠡᠰᠬᠦᠯᠡᠩ ᠤᠨ ᠴᠤᠬᠯᠠᠭᠠᠨ ᠢ ᠡᠷᠬᠢᠯᠡᠭᠰᠡᠨ ᠨᠢ ᠲᠤᠮᠳᠠᠳᠤ ᠤᠯᠤᠰ ᠤᠨ ᠵᠠᠬ᠎ᠠ ᠲᠡᠯᠭᠡᠬᠦᠷ ᠤᠨ | ᠲᠤᠮᠳᠠ ᠵᠡᠬᠦᠨ ᠡᠸᠦ᠋ᠷᠤᠫᠠ ᠶᠢᠨ ᠲᠠᠸᠠᠷ ᠤᠨ ᠲᠤᠬᠠᠢ ᠤᠢᠢᠯᠠᠭᠠᠯᠳᠠ ᠶᠢ ᠨᠡᠮᠡᠭᠳᠡᠬᠦᠯᠬᠦ ᠳᠤ ᠠᠰᠢᠬᠳᠠᠢ᠂ ᠲᠤᠮᠳᠠ | ᠵᠡᠬᠦᠨ ᠡᠸᠦ᠋ᠷᠤᠫᠠ ᠶᠢᠨ ᠤᠯᠤᠰ ᠤᠳ ᠤᠨ ᠲᠤᠮᠳᠠᠳᠤ ᠤᠯᠤᠰ ᠲᠠᠬᠢ ᠭᠠᠷᠭᠠᠯᠳᠠ ᠶᠢ ᠦᠷᠭᠡᠳᠭᠡᠬᠦ ᠳᠤ ᠠᠰᠢᠬᠳᠠᠢ᠂ | ᠡᠯ᠎ᠡ ᠲᠠᠯ᠎ᠡ ᠶᠢᠨ ᠬᠢᠨ ᠤ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠤᠨ ᠠᠪᠴᠢᠷᠠᠬᠰᠡᠨ | ᠦᠷᠢᠰᠦᠯᠳᠤᠭᠡᠨ ᠢ ᠢᠯᠡᠨ ᠲᠠᠪᠠᠵᠤ᠂ ᠠᠵᠤ ᠠᠬᠤᠢ ᠶᠢᠨ ᠰᠡᠷᠬᠦᠯᠳᠠ ᠶᠢ ᠠᠬᠢᠭᠤᠯᠬᠤ ᠳᠤ ᠠᠰᠢᠬᠳᠠᠢ ᠶᠤᠮ᠃ ᠡᠯ᠎ᠡ | ᠲᠠᠯ᠎ᠡ ᠶᠢᠨ ᠬᠢᠨ ᠡᠬᠦᠨ ᠢᠶᠠᠷ ᠠᠵᠠ ᠲᠤᠬᠢᠶᠠᠯ ᠪᠤᠯᠭᠠᠵᠤ᠂ ᠬᠠᠮᠳᠤᠷᠠᠯᠴᠠᠭᠠᠨ ᠤ ᠲᠠᠯᠳᠠ ᠬᠦᠴᠤᠨ ᠢᠶᠠᠨ ᠲᠠᠰᠤᠷᠠᠯᠳᠠ | ᠦᠭᠡᠢ ᠠᠭᠤᠳᠠᠯᠤᠨ᠂ ᠭᠠᠷ ᠬᠤᠯᠪᠤᠨ ᠨᠡᠩ ᠦᠷᠭᠡᠨ ᠬᠠᠮᠳᠤᠷᠠᠯᠴᠠᠭᠠᠨ ᠤ ᠤᠷᠤᠨ ᠵᠠᠢ ᠶᠢ ᠨᠡᠭᠡᠭᠡᠬᠦ ᠶᠢ ᠬᠦᠰᠡᠵᠤ | ᠪᠠᠶᠢᠨ᠎ᠡ ᠭᠡᠵᠤ ᠴᠢᠬᠤᠯᠠᠴᠢᠯᠠᠪᠠ᠃ | ᠬᠤᠶᠠᠳᠤᠭᠠᠷ ᠬᠤᠭᠤᠴᠠᠭᠠᠨ ᠤ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠶᠢᠨ | ᠤᠯᠤᠰ ᠤᠳ ᠤᠨ ᠦᠵᠡᠰᠬᠦᠯᠡᠩ ᠤᠨ ᠴᠤᠬᠯᠠᠭᠠᠨ ᠡᠨᠡ ᠡᠳᠦᠷ ᠵᠧᠵᠢᠶᠠᠩ ᠮᠤᠵᠢ ᠶᠢᠨ ᠨᠢᠩᠪᠦ᠋ᠸᠧ ᠬᠤᠳᠠ ᠳᠤ | ᠡᠬᠢᠯᠡᠵᠤ᠂ ︽ᠰᠢᠨ᠎ᠡ ᠪᠠᠶᠢᠷᠢᠰᠢᠯ ᠢ ᠪᠠᠶᠢᠭᠤᠯᠵᠤ᠂ ᠰᠢᠨ᠎ᠡ ᠠᠵᠠ ᠲᠤᠬᠢᠶᠠᠯ ᠢ ᠬᠠᠮᠳᠤ ᠪᠠᠷ ᠡᠳ᠋ᠯᠡᠬᠦ︾ ᠪᠠᠷ ᠭᠤᠤᠯ | ᠰᠡᠳᠦᠪ ᠪᠤᠯᠭᠠᠪᠠ᠃ ᠦᠵᠡᠰᠬᠦᠯᠡᠩ ᠤᠨ ᠴᠤᠬᠯᠠᠭᠠᠨ ᠢ ᠬᠤᠳᠠᠯᠳᠤᠭᠠᠨ ᠤ ᠶᠠᠪᠤᠳᠠᠯ ᠤᠨ ᠶᠠᠮᠤᠨ ᠪᠠ ᠵᠧᠵᠢᠶᠠᠩ | ᠮᠤᠵᠢ ᠶᠢᠨ ᠠᠷᠠᠳ ᠤᠨ ᠵᠠᠰᠠᠭ ᠤᠨ ᠤᠷᠳᠤᠨ ᠠᠴᠠ ᠬᠠᠮᠳᠤᠷᠠᠨ ᠡᠷᠬᠢᠯᠡᠵᠤ᠂ ᠲᠤᠮᠳᠠᠳᠤ ᠤᠯᠤᠰ ᠪᠠ ᠲᠤᠮᠳᠠ ᠵᠡᠬᠦᠨ | ᠡᠸᠦ᠋ᠷᠤᠫᠠ ᠶᠢᠨ ᠤᠯᠤᠰ ᠤᠳ ᠠᠴᠠ ᠢᠷᠡᠭᠰᠡᠨ ᠵᠤᠴᠢᠳ ᠪᠠ ᠠᠵᠤ ᠠᠬᠤᠢᠢᠯᠠᠯ ᠦᠵᠡᠰᠬᠦᠯᠡᠩ ᠳᠤ ᠤᠷᠤᠯᠴᠠᠵᠠᠢ᠃ |