ᠰᠢ ᠶᠢᠨ ᠫᠢᠩ ᠬᠤᠪᠸᠢ ᠶᠢᠨ ᠱᠢ ᠶᠠᠨ ᠬᠤᠳᠠ ᠶᠢᠨ ᠵᠠᠩ ᠸᠠᠨ ᠲᠣᠭᠤᠷᠢᠭ ᠤᠨ ᠶᠠᠨ ᠬᠤ᠋ ᠨᠡᠶᠢᠭᠡᠮ ᠲᠣᠭᠤᠷᠢᠭ ᠤᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠳᠤ ᠴᠢᠬᠤᠯᠠ ᠵᠢᠭᠠᠪᠤᠷᠢ ᠥᠭᠴᠤ ᠱᠠᠭᠠᠷᠲᠠᠬᠰᠠᠨ ᠨᠢ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠤᠭᠤᠬ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠵᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠭᠡᠷᠡᠭᠳᠠᠢ
ᠨᠡᠶᠢᠲᠡᠯᠡᠭᠰᠡᠨ ᠴᠠᠭ᠄
2021/6/17
     ᠯᠢ ᠺᠧ ᠴᠢᠶᠠᠩ ᠠᠪᠤᠷᠠᠨ ᠲᠤᠰᠠᠯᠠᠬᠤ ᠠᠵᠢᠯ ᠳᠤ ᠴᠣᠬᠤᠯᠠᠪᠤᠷᠢ ᠦᠭᠴᠠᠢ     6 ᠰᠠᠷ᠎ᠠ ᠶᠢᠨ 13 ᠤ ᠡᠳᠦᠷ ᠤᠨ 6 ᠴᠠᠭ 40 ᠮᠢᠨᠦ᠋ᠲ ᠤᠨ ᠦᠶ᠎ᠡ ᠪᠠᠷ᠂ ᠬᠤᠪᠸᠢ ᠶᠢᠨ ᠱᠢ ᠶᠠᠨ ᠬᠤᠳᠠ ᠶᠢᠨ ᠵᠠᠩ ᠸᠠᠨ ᠲᠣᠭᠤᠷᠢᠭ ᠤᠨ ᠶᠠᠨ ᠬᠤ᠋ ᠨᠡᠶᠢᠭᠡᠮ ᠲᠣᠭᠤᠷᠢᠭ ᠤᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠲᠤ ᠪᠠᠶᠢᠭᠠᠯᠢ ᠶᠢᠨ ᠰᠢᠲᠠᠮᠠᠬᠠᠢ ᠬᠡᠢ ᠶᠢᠨ ᠳᠡᠯᠪᠡᠷᠡᠯᠲᠡ ᠡᠭᠦᠰᠪᠡ᠃ ᠣᠳᠣᠬᠠᠨ ᠪᠣᠯᠲᠠᠯ᠎ᠠ 12 ᠬᠥᠮᠦᠨ ᠠᠳᠡᠵᠦ᠂ 37 ᠬᠥᠮᠦᠨ ᠬᠦᠨᠳᠦ ᠰᠢᠷᠬᠠᠲᠤᠵᠤ᠂ ᠬᠡᠰᠡᠭ ᠬᠦᠮᠦᠰ ᠠᠳᠠᠯᠢ ᠪᠤᠰᠤ ᠬᠡᠮᠵᠢᠶ᠎ᠡ ᠪᠠᠷ ᠰᠢᠷᠬᠠᠲᠤᠪᠠ᠃      ᠠᠳᠡᠯ ᠭᠠᠷᠤᠭᠰᠠᠨ ᠤ ᠳᠠᠷᠠᠭ᠎ᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠲᠡᠷᠡ ᠳᠠᠷᠤᠶ ᠳᠤᠨᠢ ᠴᠢᠬᠤᠯᠠ ᠵᠢᠭᠠᠪᠤᠷᠢ ᠥᠭᠴᠦ᠂ ᠬᠤᠪᠧᠶ ᠶᠢᠨ ᠱᠢ ᠶᠠᠨ ᠬᠤᠲᠠ ᠶᠢᠨ ᠪᠠᠶᠢᠭᠠᠯᠢ ᠶᠢᠨ ᠰᠢᠲᠠᠮᠠᠬᠠᠶ ᠬᠡᠶ ᠶᠢᠨ ᠳᠡᠯᠪᠡᠷᠡᠯᠲᠡ ᠶᠢᠨ ᠠᠳᠡᠯ ᠳᠤ ᠬᠦᠨᠳᠦ ᠶᠡᠭᠡ ᠬᠥᠮᠦᠨ ᠬᠠᠷ᠎ᠠ ᠠᠳᠡᠵᠦ ᠰᠢᠷᠬᠠᠲᠤᠪᠠ᠂ ᠬᠦᠨᠵᠡᠭᠡᠢ ᠰᠤᠷᠭᠠᠮᠵᠢ ᠠᠪᠬᠤ ᠭᠡᠷᠡᠭᠲᠡᠢ︕ ᠰᠢᠷᠬᠠᠲᠤᠭᠰᠠᠳ ᠢ ᠪᠦᠬᠦ ᠬᠦᠴᠦᠨ ᠢᠶᠠᠷ ᠢᠶᠠᠨ ᠠᠪᠤᠷᠠᠵᠤ᠂ ᠠᠳᠡᠵᠤ ᠰᠢᠷᠬᠠᠲᠤᠭᠰᠠᠨ ᠬᠥᠮᠦᠰ ᠤᠨ ᠲᠦᠷᠦᠯ ᠰᠠᠳᠤᠨ ᠢ ᠲᠣᠬᠤᠨᠢᠭᠤᠯᠬᠤ ᠵᠡᠷᠭᠡ ᠬᠤᠶᠢᠲᠤᠬᠢ ᠶᠠᠪᠤᠳᠠᠯ ᠢ ᠰᠠᠶᠢᠲᠤᠷ ᠬᠢᠵᠦ ᠂ ᠰᠢᠯᠲᠠᠭᠠᠨ ᠢ ᠠᠯᠢ ᠲᠦᠷᠭᠡᠨ ᠢᠶᠠᠷ ᠪᠠᠶᠢᠴᠠᠭᠠᠨ ᠲᠤᠳᠤᠯᠠᠵᠤ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠢ ᠬᠡᠪᠡ᠃ ᠰᠢ ᠶᠢᠨ ᠫᠢᠩ᠂ ᠤᠢᠢᠷ᠎ᠠ ᠶᠢᠨ ᠬᠤᠭᠤᠴᠠᠭᠠᠨ ᠳᠤ ᠪᠦᠬᠦ ᠤᠯᠤᠰ ᠤᠨ ᠤᠯᠠᠨ ᠭᠠᠵᠠᠷ ᠲᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠷᠡᠭ ᠡᠬᠦᠰᠪᠠ᠂ ᠡᠯ᠎ᠡ ᠭᠠᠵᠠᠷ ᠣᠷᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠯᠤᠰ ᠲᠦᠷᠦ ᠶᠢᠨ ᠰᠡᠷᠭᠡᠭ ᠴᠢᠨᠠᠷ ᠢᠶᠠᠨ ᠴᠢᠩᠭᠠᠳᠬᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠤᠭᠤᠬ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠦᠨᠳᠦ ᠶᠡᠭᠡ ᠭᠡᠨᠡᠳᠲᠡ ᠶᠢᠨ ᠬᠡᠷᠡᠭ ᠡᠭᠦᠰᠬᠦ ᠶᠢ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠪᠣᠯᠤᠨ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠨ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠣᠬᠤᠯᠠᠪᠤᠷᠢ ᠥᠭᠴᠦ᠂ ᠠᠶᠤᠯ ᠠᠴᠠ ᠠᠪᠤᠷᠠᠵᠤ ᠠᠪᠤᠷᠠᠨ ᠲᠤᠰᠠᠯᠠᠬᠤ ᠪᠠ ᠰᠢᠷᠬᠠᠲᠤᠭᠰᠠᠳ ᠢ ᠠᠪᠤᠷᠠᠨ ᠡᠮᠨᠡᠬᠦ ᠠᠵᠢᠯ ᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠠᠳᠡᠯ ᠰᠢᠷᠬᠠᠲᠤᠯ ᠢ ᠪᠠᠭᠠᠰᠬᠠᠵᠤ᠂ ᠠᠳᠡᠯ ᠤᠨ ᠰᠢᠯᠲᠠᠭᠠᠨ ᠢ ᠨᠠᠷᠢᠨ ᠬᠢᠨᠠᠮᠠᠭᠠᠢ ᠪᠠᠶᠢᠴᠠᠭᠠᠨ ᠲᠤᠳᠤᠯᠠᠵᠤ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠳᠤ ᠠᠮᠤᠷ ᠲᠦᠪᠰᠢᠨ ᠤ ᠠᠳᠡᠯ ᠮᠥᠨ ᠬᠦ ᠣᠯᠠᠨ ᠡᠭᠦᠰᠬᠦ ᠬᠠᠨᠳᠤᠰᠢ ᠲᠠᠢ ᠪᠠᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠬᠦᠢ ᠦᠢᠯᠡᠳᠪᠦᠷᠢᠯᠡᠯ ᠤᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠠᠴᠠ ᠡᠯ᠎ᠡ ᠭᠠᠵᠠᠷ ᠤᠨ ᠬᠢᠨ ᠢ ᠱᠠᠯᠠᠪᠳᠠᠭᠤᠯᠤᠨ ᠭᠤᠤᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠬᠡᠮ ᠰᠤᠭᠤᠬ ᠢ ᠵᠢᠭᠰᠠᠭᠠᠨ ᠪᠠᠶᠢᠴᠠᠭᠠᠬᠤ ᠠᠵᠢᠯ ᠢ ᠦᠨᠡᠨ ᠬᠦ ᠴᠢᠩᠭᠠᠳᠬᠠᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠬᠯᠠᠬᠤ ᠬᠡᠷᠡᠭᠲᠡᠶ ᠭᠡᠵᠤ ᠱᠠᠭᠠᠷᠳᠠᠪᠠ᠃      ᠰᠢ ᠶᠢᠨ ᠫᠢᠩ ᠤᠨ ᠵᠢᠭᠠᠪᠤᠷᠢ ᠪᠣᠯᠤᠨ ᠯᠢ ᠺᠧ ᠴᠢᠶᠠᠩ ᠤᠨ ᠱᠠᠭᠠᠷᠳᠠᠯᠭ᠎ᠠ ᠶᠤᠰᠤᠭᠠᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠨᠢᠭᠡᠨᠲᠡ ᠠᠵᠢᠯᠯᠠᠬᠤ ᠳᠤᠭᠤᠶᠢᠯᠠᠩ ᠲᠣᠮᠢᠯᠠᠨ ᠲᠤᠬᠠᠢ ᠶᠢᠨ ᠲᠠᠯᠠᠪᠠᠢ ᠳᠤ ᠣᠴᠢᠭᠤᠯᠵᠤ ᠠᠳᠡᠯ ᠢ ᠰᠢᠢᠳᠪᠦᠷᠢᠯᠡᠬᠦ ᠠᠵᠢᠯ ᠢ ᠵᠢᠯᠣᠭᠤᠳᠴᠤ ᠪᠠᠶᠢᠨ᠎ᠠ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠦᠨᠳᠦ ᠡᠪᠡᠳᠴᠢᠨ ᠤ ᠠᠨᠠᠭᠠᠬᠤ ᠤᠬᠠᠭᠠᠨ᠂ ᠲᠦᠯᠡᠭᠳᠡᠭᠰᠡᠨ ᠰᠢᠷᠬ᠎ᠠ᠂ ᠰᠡᠳᠬᠢᠴᠡ ᠶᠢᠨ ᠵᠢᠯᠤᠭᠤᠳᠤᠯᠭ᠎ᠠ ᠶᠢᠨ ᠲᠤᠰᠬᠠᠶ ᠮᠡᠷᠭᠡᠵᠢᠯᠲᠡᠨ ᠵᠡᠷᠭᠡ ᠶᠢ ᠰᠢᠯᠵᠢᠬᠦᠯᠤᠨ ᠲᠤᠮᠢᠯᠠᠵᠤ ᠤᠯᠤᠰ ᠤᠨ ᠲᠠᠰ ᠤᠨ ᠡᠮᠴᠢᠯᠡᠭᠡᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠠᠶᠢᠭᠤᠯᠤᠨ ᠲᠤᠬᠠᠶ ᠶᠢᠨ ᠭᠠᠵᠠᠷ ᠲᠤ ᠬᠦᠷᠴᠦ ᠠᠳᠡᠯ ᠤᠨ ᠪᠠᠴᠢᠮ ᠠᠨᠠᠭᠠᠬᠤ ᠤᠬᠠᠭᠠᠨ ᠤ ᠠᠪᠤᠷᠠᠨ ᠲᠤᠰᠠᠯᠠᠯᠲᠠ ᠶᠢ ᠰᠠᠶᠢᠲᠤᠷ ᠬᠢᠬᠦ ᠶᠢ ᠵᠢᠯᠣᠭᠤᠳᠤᠭᠤᠯᠪᠠ᠃ ᠬᠤᠪᠸᠢ ᠮᠤᠵᠢ ᠂ ᠱᠢ ᠶᠠᠨ ᠬᠤᠲᠠ ᠶᠢᠨ ᠨᠠᠮ ᠵᠠᠰᠠᠭ ᠤᠨ ᠬᠠᠷᠢᠭᠤᠴᠠᠯᠭᠠᠲᠠᠨ ᠨᠥᠬᠦᠳ ᠨᠢᠭᠡᠨᠲᠡ ᠲᠤᠬᠠᠶ ᠶᠢᠨ ᠲᠠᠯᠠᠪᠠᠶ ᠳᠤ ᠵᠢᠯᠣᠭᠤᠳᠤᠨ ᠰᠢᠢᠳᠪᠦᠷᠢᠯᠡᠵᠦ ᠪᠤᠢ᠃ ᠣᠳᠣᠬᠠᠨ ᠳᠤ᠂ ᠲᠤᠬᠠᠶ ᠶᠢᠨ ᠲᠠᠯᠠᠪᠠᠶ ᠶᠢᠨ ᠠᠪᠤᠷᠠᠨ ᠲᠤᠰᠠᠯᠠᠬᠤ᠂ ᠰᠢᠷᠬᠠᠲᠤᠭᠰᠠᠳ ᠢ ᠠᠪᠤᠷᠠᠨ ᠡᠮᠨᠡᠬᠦ ᠵᠡᠷᠭᠡ ᠠᠵᠢᠯ ᠶᠠᠭ ᠪᠠᠴᠢᠮ ᠶᠠᠭᠠᠷᠠᠯᠳᠠᠢ ᠪᠥᠭᠡᠳ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号