ᠯᠢ ᠺᠧ ᠴᠢᠶᠠᠩ᠄ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠮᠥᠨ ᠯᠡ‌ᠥᠭᠡᠷᠡᠴᠢᠯᠡᠯᠲᠡ ᠨᠡᠭᠡᠭᠡᠯᠲᠡ ᠬᠢᠬᠦ ᠳᠤ ᠲᠦᠰᠢᠭᠯᠡᠬᠦ ᠬᠡᠷᠡᠭᠲᠡᠢ
ᠨᠡᠶᠢᠲᠡᠯᠡᠭᠰᠡᠨ ᠴᠠᠭ᠄
2021/6/18
     ᠯᠢ ᠺᠧ ᠴᠢᠶᠠᠩ 6 ᠳ᠋ᠤᠭᠠᠷ ᠰᠠᠷ᠎ᠠ ᠶᠢᠨ 16 ᠤ ᠡᠳᠦᠷ ᠭᠢᠷᠢᠨ ᠤ ᠴᠠᠩᠴᠦ᠋ᠨ ᠳᠤ ᠳᠤᠮᠳᠠᠳᠤ ᠺᠣᠷᠢᠶᠠ ︵ᠴᠠᠩᠴᠦ᠋ᠨ︶ ᠶᠢᠨ ᠤᠯᠠᠨ ᠤᠯᠤᠰ ᠤᠨ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠲᠣᠭᠤᠷᠢᠭ ᠲᠤ ᠰᠢᠨᠵᠢᠯᠡᠨ ᠪᠠᠶᠢᠴᠠᠭᠠᠪᠠ᠃ ᠲᠣᠰ ᠲᠣᠭᠤᠷᠢᠭ ᠢ 2020 ᠣᠨ ᠤ 4 ᠳ᠋ᠦ᠋ᠭᠡᠷ ᠰᠠᠷ᠎ᠠ ᠳᠤ ᠪᠠᠶᠢᠭᠤᠯᠵᠤ᠂ ᠣᠳᠣᠬᠠᠨ ᠳᠤ ᠳᠤᠮᠳᠠᠳᠤ ᠭᠠᠳᠠᠭᠠᠳᠤ ᠶᠢᠨ ᠠᠵᠤ ᠠᠬᠤᠶᠢᠯᠠᠯ ᠨᠡᠶᠢᠲᠡ 700 ᠰᠢᠬᠠᠮ ᠪᠠᠶᠢᠨ᠎ᠠ᠃ ᠶᠡᠷᠦᠩᠬᠡᠶ ᠰᠠᠶᠢᠳ ᠬᠦᠷᠢᠶᠡᠯᠡᠩ ᠲᠣᠭᠤᠷᠢᠭ ᠲᠠᠬᠢ ᠺᠣᠷᠢᠶᠠ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠶᠠᠭᠤᠨ ᠳᠤ ᠠᠳᠡ ᠢᠷᠡᠵᠦ ᠪᠠᠯᠠ ᠣᠷᠣᠭᠤᠯᠬᠤ ᠵᠠᠮ ᠢ ᠰᠣᠩᠭᠤᠭᠰᠠᠨ ᠪᠣᠶ ᠭᠡᠵᠦ ᠠᠰᠠᠭᠤᠭᠰᠠᠨ ᠳᠤ᠂ ᠲᠡᠷᠡ ᠶᠡᠷᠦᠩᠬᠡᠶ ᠰᠠᠶᠢᠳ ᠲᠤ ᠴᠠᠩᠴᠦ᠋ᠨ ᠪᠣᠯᠤᠨ ᠺᠣᠷᠢᠶᠠ ᠶᠢᠨ ᠬᠤᠭᠤᠷᠣᠨᠳᠣᠬᠢ ᠭᠠᠵᠠᠷ ᠵᠦᠶ ᠶᠢᠨ ᠵᠠᠶ ᠨᠢ ᠣᠶᠢᠷ᠎ᠠ᠂ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶ᠎ᠡ ᠨᠢ ᠪᠦᠷᠢᠨ᠂ ᠰᠤᠷᠭᠠᠨ ᠬᠥᠮᠦᠵᠢᠯ ᠪᠣᠯᠤᠨ ᠴᠢᠳᠠᠪᠤᠷᠢᠲᠠᠨ ᠤ ᠡᠬᠢ ᠪᠠᠶᠠᠯᠢᠭ ᠨᠢ ᠴᠤ ᠨᠡᠯᠢᠶᠡᠳ ᠪᠠᠶᠠᠯᠢᠭ ᠪᠠᠶᠢᠵᠤ᠂ ᠠᠳᠡ ᠪᠠᠯᠠ ᠣᠷᠣᠭᠤᠯᠬᠤ ᠪᠣᠯ ᠮᠠᠰᠢ ᠰᠠᠶᠢᠨ ᠰᠣᠩᠭᠤᠯᠲᠠ ᠮᠥᠨ ᠭᠡᠵᠦ ᠬᠠᠷᠢᠭᠤᠯᠪᠠ᠃      ᠶᠡᠷᠦᠩᠬᠡᠶ ᠰᠠᠶᠢᠳ ᠪᠠᠰᠠ ᠣᠳᠣᠬᠠᠨ ᠳᠤ ᠰᠢᠢᠳᠪᠦᠷᠢᠯᠡᠬᠦ ᠴᠢᠬᠤᠯᠠᠲᠠᠢ ᠶᠠᠮᠠᠷ ᠬᠦᠴᠢᠷᠳᠡᠯ ᠪᠠᠶᠢᠬᠤ ᠲᠤᠬᠠᠢ ᠠᠰᠠᠭᠤᠪᠠ᠃ ᠺᠣᠷᠢᠶᠠ ᠶᠢᠨ ᠡᠨᠡ ᠬᠦ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠭᠠᠳᠠᠭᠠᠳᠤ ᠶᠢᠨ ᠳᠤᠮᠳᠠ ᠵᠢᠵᠢᠭ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠬᠤ ᠳᠤ ᠨᠡᠩ ᠤᠯᠠᠨ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠪᠠ ᠳᠡᠮᠵᠢᠯᠭᠡ ᠬᠠᠩᠭᠠᠬᠤ ᠶᠢ ᠬᠦᠰᠡᠵᠦ ᠪᠠᠶᠢᠨ᠎ᠠ ᠭᠡᠪᠡ᠃ ᠯᠢ ᠺᠧ ᠴᠢᠶᠠᠩ ᠬᠡᠯᠡᠬᠦ ᠳᠤ ᠪᠠᠨ᠂ ᠳᠤᠮᠳᠠᠳᠤ ᠤᠯᠤᠰ ᠭᠠᠳᠠᠭᠠᠳᠤ ᠶᠢᠨ ᠳᠤᠮᠳᠠ ᠵᠢᠵᠢᠭ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠤᠨ ᠠᠳᠠᠯ ᠦᠢᠯᠡᠰ ᠴᠣᠭᠴᠠᠯᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠪᠢᠳᠡ ᠯᠠᠪᠲᠠᠢ ᠨᠢᠭᠡ ᠯᠡ ᠠᠳᠠᠯᠢ ᠪᠠᠷ ᠬᠠᠨᠳᠤᠵᠤ ᠳᠡᠮᠵᠢᠯᠭᠡ ᠬᠠᠷᠠᠭᠠᠯᠵᠠᠯ ᠦᠵᠡᠭᠦᠯᠦᠨ᠎ᠡ᠃ ᠳᠤᠮᠳᠠ ᠵᠢᠵᠢᠭ ᠠᠵᠤ ᠠᠬᠤᠶᠢᠯᠠᠯ ᠨᠡᠩ ᠣᠯᠠᠨ ᠪᠣᠯᠪᠠᠯ ᠲᠤᠮᠤ ᠠᠵᠤ ᠠᠬᠤᠶᠢᠯᠠᠯ ᠰᠠᠶ᠋ᠢ ᠬᠥᠭᠵᠢᠨ ᠮᠠᠨᠳᠤᠵᠤ ᠴᠢᠳᠠᠨ᠎ᠠ᠃ ᠵᠠᠰᠠᠭ ᠤᠨ ᠣᠷᠳᠣᠨ ᠠᠷᠭ᠎ᠠ ᠪᠤᠳᠤᠵᠤ ᠪᠠᠶᠢᠭᠠᠳ ᠳᠤᠮᠳᠠ ᠵᠢᠵᠢᠭ ᠠᠵᠤ ᠠᠬᠤᠶᠢᠯᠠᠯ ᠤᠳ ᠲᠤ ᠲᠤᠯᠭᠠᠷᠠᠭᠰᠠᠨ ᠨᠡᠶᠢᠲᠡᠯᠢᠭ ᠴᠢᠨᠠᠷᠲᠠᠢ ᠠᠰᠠᠭᠤᠳᠠᠯ ᠤᠳ ᠢ ᠰᠢᠢᠳᠪᠦᠷᠢᠯᠡᠨ ᠥᠭᠴᠦ᠂ ᠲᠡᠳᠡᠨ ᠤ ᠦᠷᠭᠦᠯᠵᠢᠯᠡᠨ ᠬᠥᠭᠵᠢᠬᠦ ᠳᠤ ᠬᠥᠳᠡᠯᠭᠡᠬᠦ ᠬᠦᠴᠦᠨ ᠢ ᠬᠤᠷᠠᠮᠳᠤᠭᠤᠯᠤᠨ᠎ᠠ ᠭᠡᠵᠡᠢ᠃      ᠯᠢ ᠺᠧ ᠴᠢᠶᠠᠩ ᠢᠯᠡᠳᠬᠡᠬᠦ ᠳᠤ ᠪᠠᠨ᠂ ᠬᠢᠷᠢᠨ ᠮᠤᠵᠢ ᠨᠢ ᠵᠡᠭᠦᠨ ᠬᠤᠶᠢᠲᠤ ᠠᠽᠢᠶ᠎ᠠ ᠳᠤ ᠬᠠᠨᠳᠤᠭᠤᠯᠵᠤ᠂ ᠨᠡᠬᠡᠬᠡᠯᠳᠡ ᠪᠠᠨ ᠳᠠᠰᠤᠷᠠᠯᠳᠠ ᠦᠬᠡᠢ ᠥᠷᠭᠡᠳᠬᠡᠬᠦ ᠬᠡᠷᠡᠭᠲᠡᠢ᠃ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠮᠥᠨ ᠯᠡ ᠥᠭᠡᠷᠡᠴᠢᠯᠡᠯᠲᠡ ᠨᠡᠭᠡᠭᠡᠯᠳᠡ ᠬᠢᠬᠦ ᠳᠤ ᠲᠦᠰᠢᠭᠯᠡᠵᠦ᠂ ᠠᠮᠢᠵᠢᠷᠠᠯ ᠤᠨ ᠬᠦᠴᠦᠨ ᠢ ᠬᠥᠭᠵᠢᠭᠡᠵᠦ᠂ ᠡᠯ᠎ᠡ ᠲᠠᠯ᠎ᠠ ᠶᠢᠨ ᠴᠢᠳᠠᠪᠤᠷᠢᠲᠠᠳ ᠪᠠ ᠮᠡᠷᠭᠡᠵᠢᠯ ᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠵᠡᠭᠦᠨ ᠬᠤᠶᠢᠲᠤ ᠠᠽᠢᠶ᠎ᠠ ᠴᠢᠨᠠᠭᠰᠢᠯᠠᠪᠠᠯ ᠪᠦᠬᠦ ᠳᠡᠯᠡᠬᠡᠢ ᠶᠢᠨ ᠨᠡᠭᠦᠳᠡᠯ ᠲᠤᠮᠤ ᠵᠠᠬ᠎ᠠ ᠳᠡᠯᠭᠡᠭᠦᠷ ᠲᠠᠬᠢ ᠵᠡᠭᠦᠨ ᠬᠤᠶᠢᠲᠤ ᠣᠷᠣᠨ ᠤ ᠲᠤᠰ ᠪᠡᠶ᠎ᠡ ᠶᠢᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠵᠡᠭᠦᠨ ᠬᠤᠶᠢᠲᠤ ᠣᠷᠣᠨ ᠭᠡᠬᠦ ︽ᠲᠣᠯᠣᠭᠠᠶᠢᠯᠠᠭᠴᠢ︾ ᠶᠢᠨ ᠦᠢᠯᠡᠳᠦᠯ ᠢᠶᠠᠨ ᠪᠠᠳᠠᠷᠠᠭᠤᠯᠵᠤ᠂ ᠥᠭᠡᠷᠡᠴᠢᠯᠡᠯᠲᠡ ᠨᠡᠭᠡᠭᠡᠯᠳᠡ ᠶᠢᠨ ᠳᠤᠮᠳᠠ ᠰᠢᠨ᠎ᠡ ᠴᠤᠭ ᠵᠢᠪᠬᠤᠭ᠎ᠠ ᠪᠠᠨ ᠢᠯᠡᠷᠡᠭᠦᠯᠬᠦ ᠬᠡᠷᠡᠭᠲᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号