︽6 · 1︾ ᠤ ᠲᠡᠯᠡᠭᠡᠢ ᠶᠢᠨ ᠬᠡᠤᠬᠡᠳ ᠤᠨ ᠪᠠᠶᠠᠷ ᠬᠦᠷᠴᠤ ᠢᠷᠡᠬᠦ ᠲᠠᠰᠢᠷᠠᠮ ᠢᠶᠠᠷ᠂ ᠨᠠᠮ ᠤᠨ ᠲᠦᠪ | ᠬᠤᠷᠢᠶᠠᠠ ᠤ ᠶᠡᠷᠦᠩᠭᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠠ ᠤ | ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 30 ᠤ ᠡᠲᠦᠷ ᠵᠢᠶᠠᠩᠰᠦ ᠮᠤᠵᠢ ᠶᠢᠨ ᠬᠤᠸᠠᠢ ᠠᠨ ᠬᠤᠲᠠ ᠶᠢᠨ ᠰᠢᠨ | ᠠᠨ ᠪᠠᠭ᠎ᠠ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠤ ᠬᠠᠷᠢᠭᠤ ᠵᠠᠬᠢᠲᠠᠯ | ᠢᠯᠡᠭᠡᠵᠦ᠂ ᠲᠡᠳᠡᠨ ᠢ ᠲᠤᠲᠤᠨᠤ ᠪᠠᠷ ᠵᠤᠷᠢᠠᠠᠵᠢᠭᠤᠯᠤᠭᠰᠠᠠ ᠪᠦᠭᠡᠳ ᠲᠡᠲᠡ ᠪᠤᠯᠤᠨ ᠪᠦᠬᠦ ᠤᠯᠤᠰ ᠤᠨ ᠪᠠᠭᠠᠴᠤᠳ | ᠬᠡᠦᠬᠡᠳ ᠲᠤ ᠪᠠᠶᠠᠷ ᠤᠨ ᠡᠲᠦᠷ ᠤᠨ ᠵᠦᠩᠨᠡᠯ ᠳᠡᠪᠰᠢᠭᠦᠯᠪᠡ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠᠨ ᠤ ᠰᠤᠷᠭᠠᠭᠤᠯᠢ ᠪᠣᠯ ︽ᠰᠢᠨ ᠠᠨ ᠤ ᠠᠶᠠᠯᠠᠯ ᠤᠨ | ᠪᠦᠯᠬᠦᠮ︾ ᠤᠨ ᠡᠬᠡ ᠰᠤᠷᠭᠠᠭᠤᠯᠢ ᠮᠥᠨ᠂ ᠲᠠ ᠨᠠᠷ ᠵᠠᠬᠢᠳᠠᠯ ᠳᠠᠭᠠᠨ ᠰᠤᠷᠭᠠᠭᠤᠯᠢ ᠶᠢᠨ ᠬᠤᠪᠢᠰᠬᠠᠯᠳᠤ | ᠲᠡᠦᠬᠡ ᠶᠢᠨ ᠲᠦᠯᠤᠭᠡ ᠣᠮᠣᠭᠰᠢᠵᠤ ᠪᠠᠶᠢᠬᠤ ᠪᠠᠨ ᠢᠯᠡᠳᠬᠡᠭᠰᠡᠨ ᠪᠥᠭᠡᠳ ᠨᠠᠮ ᠤᠨ ᠲᠡᠦᠬᠡ ᠶᠢ ᠰᠤᠷᠤᠯᠴᠠᠭᠰᠠᠨ | ᠣᠯᠤᠯᠲᠠ ᠪᠠᠨ ᠴᠤ ᠶᠠᠷᠢᠭᠰᠠᠨ ᠪᠠᠶᠢᠨ᠎ᠠ ᠭᠡᠵᠦ ᠬᠡᠯᠡᠪᠡ᠃ | ᠰᠢ ᠶᠢᠨ ᠫᠢᠩ᠂ ᠲᠤᠬᠠᠢ ᠶᠢᠨ ᠵᠢᠯ ᠳᠤ᠂ ᠨᠠᠮ ᠤᠨ ᠬᠠᠯᠠᠮᠵᠢᠯᠠᠯ ᠪᠠ ᠤᠳᠤᠷᠢᠳᠤᠯᠭ᠎ᠠ ᠳᠣᠣᠷ᠎ᠠ᠂ ︽ᠰᠢᠨ | ᠠᠨ ᠤ ᠠᠶᠠᠯᠠᠯ ᠤᠨ ᠪᠦᠯᠬᠦᠮ︾ ᠤᠨ ᠬᠢᠨ ᠬᠦᠴᠢᠷ ᠪᠡᠷᠬᠡᠰᠢᠶᠡᠯ ᠠᠴᠠ ᠡᠮᠢᠶᠡᠯ ᠦᠭᠡᠢ ᠪᠠᠷ ᠳᠤᠮᠳᠠᠳᠤ ᠤᠯᠤᠰ ᠤᠨ | ᠶᠡᠭᠡᠩᠭᠢ ᠭᠡᠰᠡᠭ ᠭᠠᠵᠠᠷ ᠣᠷᠣᠨ ᠢᠶᠠᠷ ᠬᠦᠷᠴᠤ᠂ ᠤᠳᠬ᠎ᠠ ᠤᠷᠠᠯᠢᠭ ᠢᠶᠠᠷ ᠵᠡᠪᠰᠡᠭ ᠪᠣᠯᠭᠠᠨ᠂ ᠠᠷᠠᠳ ᠤᠯᠠᠨ ᠤ | ᠶᠠᠫᠣᠨ ᠢ ᠡᠰᠡᠷᠭᠦᠴᠡᠵᠦ ᠮᠥᠬᠦᠯ ᠠᠴᠠ ᠠᠪᠤᠷᠠᠬᠤ ᠶᠢ ᠤᠷᠢᠶᠠᠯᠠᠵᠤ᠂ ᠨᠠᠮ ᠤᠨ ᠵᠣᠷᠢᠯᠲᠠ ᠶᠢ ᠤᠬᠠᠭᠤᠯᠤᠨ᠂ | ᠤᠯᠤᠰ ᠢᠶᠠᠨ ᠬᠠᠶᠢᠷᠠᠯᠠᠵᠤ ᠡᠷᠡᠯᠬᠡᠭᠯᠡᠨ ᠤᠷᠤᠭᠰᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ | ᠲᠠ ᠨᠠᠷ ᠥᠪᠡᠷ ᠤᠨ ᠦᠰᠦᠨ ᠪᠤᠶᠢᠵᠢᠯᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠲᠡᠦᠬᠡ ᠶᠢ | ᠰᠠᠶᠢᠲᠤᠷ ᠰᠤᠷᠤᠯᠴᠠᠵᠤ᠂ ᠪᠠᠭᠠᠲᠤᠷ ᠵᠢᠱᠢᠶᠡᠴᠢ ᠬᠥᠮᠦᠰ ᠢᠶᠠᠷ ᠦᠯᠢᠭᠡᠷ ᠳᠠᠭᠤᠷᠢᠶᠠᠯ ᠪᠣᠯᠭᠠᠨ᠂ ᠬᠠᠷᠠᠬᠠᠨ | ᠪᠠᠭ᠎ᠠ ᠠᠴᠠ ᠪᠠᠨ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠡᠷᠴᠢ ᠵᠣᠷᠢᠭ ᠢᠶᠠᠨ ᠪᠠᠲᠤᠳᠬᠠᠵᠤ᠂ | ᠰᠢᠷᠭᠠᠭᠤ ᠬᠠᠳᠠᠭᠤᠵᠢᠯᠳᠠᠢ ᠰᠤᠷᠤᠯᠴᠠᠨ᠂ ᠬᠦᠰᠡᠯᠡᠩ ᠢᠶᠠᠨ ᠪᠤᠢ ᠪᠣᠯᠭᠠᠵᠤ᠂ ᠵᠠᠩ ᠴᠢᠨᠠᠷ ᠢᠶᠠᠨ ᠳᠠᠪᠲᠠᠨ | ᠪᠣᠯᠪᠠᠰᠤᠷᠠᠭᠤᠯᠵᠤ᠂ ᠴᠢᠳᠠᠪᠤᠷᠢ ᠪᠠᠨ ᠨᠡᠮᠡᠭᠳᠡᠭᠦᠯᠤᠨ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ | ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ | ᠵᠢᠭᠠᠵᠦ ᠭᠠᠷᠭᠠᠪᠠ᠃ | ᠰᠢᠨ ᠠᠨ ᠪᠠᠭ᠎ᠠ ᠰᠤᠷᠭᠠᠭᠤᠯᠢ ᠶᠢ ᠠᠷᠠᠳ ᠤᠨ ᠰᠤᠷᠭᠠᠨ ᠬᠦᠮᠦᠵᠢᠯᠳᠡᠨ ᠲᠤᠤ ᠰᠢᠩ ᡁᠢ 1929 | ᠣᠨ ᠳᠤ ᠡᠭᠦᠰᠭᠡᠨ ᠪᠠᠶᠢᠭᠤᠯᠵᠠᠢ᠃ 1935 ᠣᠨ ᠤ 10 ᠰᠠᠷ᠎ᠠ ᠳᠤ᠂ ᠲᠤᠰ ᠰᠤᠷᠭᠠᠭᠤᠯᠢ ᠶᠢᠨ 14 ᠰᠤᠷᠤᠭᠴᠢ | ︽ᠰᠢᠨ ᠠᠨ ᠤ ᠠᠶᠠᠯᠠᠯ ᠤᠨ ᠪᠦᠯᠬᠦᠮ︾ ᠢ ᠪᠠᠶᠢᠭᠤᠯᠵᠤ᠂ ᠤᠳᠬ᠎ᠠ ᠤᠷᠠᠯᠢᠭ ᠢᠶᠠᠷ ᠵᠡᠪᠰᠡᠭ ᠪᠣᠯᠭᠠᠵᠤ᠂ ᠶᠠᠫᠣᠨ ᠢ | ᠡᠰᠡᠷᠭᠦᠴᠡᠵᠦ ᠮᠥᠬᠦᠯ ᠠᠴᠠ ᠠᠪᠤᠷᠠᠬᠤ ᠶᠢ ᠤᠬᠠᠭᠤᠯᠪᠠ᠃ ᠮᠠᠤ ᠽᠧ ᠳ᠋ᠦᠩ᠂ ᠵᠧᠦ ᠡᠸᠠ ᠯᠠᠶ ᠵᠡᠷᠭᠡ ᠠᠬᠠᠮᠠᠳ | ᠨᠢᠭᠡ ᠦᠶ᠎ᠡ ᠶᠢᠨ ᠬᠤᠪᠢᠰᠬᠠᠯᠴᠢᠳ ᠤᠨ ᠬᠠᠯᠠᠮᠵᠢᠯᠠᠯ ᠵᠢᠯᠣᠭᠤᠳᠤᠯᠭ᠎ᠠ ᠳᠣᠣᠷ᠎ᠠ᠂ ︽ᠰᠢᠨ ᠠᠨ ᠤ ᠠᠶᠠᠯᠠᠯ ᠤᠨ | ᠪᠦᠯᠬᠦᠮ︾ ᠨᠠᠮ ᠤᠨ ᠵᠣᠷᠢᠯᠲᠠ ᠶᠢ ᠢᠳᠡᠪᠬᠢᠲᠡᠶ ᠤᠬᠠᠭᠤᠯᠵᠤ᠂ 17 ᠵᠢᠯ ᠤᠨ ᠳᠣᠲᠣᠷ᠎ᠠ 5 ᠲᠦᠮᠡ ᠭᠠᠷᠤᠶ | ᠭᠠᠵᠠᠷ ᠠᠶᠠᠯᠠᠵᠤ᠂ ᠪᠦᠬᠦ ᠤᠯᠤᠰ ᠤᠨ 22 ᠮᠤᠵᠢ ᠳᠤ ᠤᠯᠠ ᠮᠥᠷ ᠢᠶᠠᠨ ᠦᠯᠡᠳᠡᠭᠡᠨ᠂ ᠶᠠᠫᠣᠨ ᠢ ᠡᠰᠡᠷᠭᠦᠴᠡᠬᠦ | ᠳᠠᠶᠢᠨ ᠤ ᠢᠯᠠᠯᠲᠠ ᠶᠢ ᠲᠡᠮᠡᠴᠡᠨ ᠤᠯᠬᠤ᠂ ᠪᠦᠬᠦ ᠤᠯᠤᠰ ᠤᠨ ᠴᠢᠯᠦᠭᠡᠯᠡᠯᠲᠡ ᠶᠢ ᠲᠡᠮᠡᠴᠡᠨ ᠤᠯᠬᠤ ᠳᠤ ᠬᠤᠪᠢ | ᠨᠡᠮᠡᠷᠢ ᠦᠵᠡᠭᠦᠯᠬᠦ ᠪᠠᠷ ᠴᠢᠷᠮᠠᠶᠢᠪᠠ᠃ ᠣᠶᠢᠷ᠎ᠠ ᠳᠤ᠂ ᠰᠢᠨ ᠠᠨ ᠪᠠᠭ᠎ᠠ ᠰᠤᠷᠭᠠᠭᠤᠯᠢ ᠶᠢᠨ ᠲᠠᠪᠤᠳᠤᠭᠠᠷ ︵8︶ | ᠳᠤᠮᠳᠠ ᠠᠩᠭᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠶᠡᠷᠦᠩᠬᠡᠶ ᠱᠦᠵᠢ ᠰᠢ ᠶᠢᠨ ᠫᠢᠩ ᠳᠤ | ᠵᠠᠬᠢᠳᠠᠯ ᠢᠯᠡᠭᠡᠵᠦ᠂ ᠰᠤᠷᠭᠠᠭᠤᠯᠢ ᠶᠢᠨ ᠲᠡᠦᠬᠡ ᠪᠣᠯᠤᠨ ᠨᠠᠮ ᠤᠨ ᠲᠡᠦᠬᠡ ᠶᠢ ᠰᠤᠷᠤᠯᠴᠠᠭᠰᠠᠨ ᠣᠯᠤᠯᠲᠠ | ᠲᠥᠷᠥᠭᠳᠡᠯ ᠢᠶᠠᠨ ᠬᠠᠷᠢᠭᠤ ᠮᠡᠳᠡᠭᠦᠯᠤᠨ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠰᠢᠨ᠎ᠡ ᠴᠠᠭ | ᠦᠶ᠎ᠡ ᠶᠢᠨ ᠰᠠᠶᠢᠨ ᠪᠠᠭᠠᠴᠤᠳ ᠪᠣᠯᠬᠤ ᠪᠠᠷ ᠴᠢᠷᠮᠠᠶᠢᠬᠤ ᠵᠣᠷᠢᠭ ᠢᠶᠠᠨ ᠢᠯᠡᠳᠬᠡᠭᠰᠡᠡ ᠪᠠᠶᠢᠨ᠎ᠠ᠃ |