ᠰᠢ ᠶᠢᠨ ᠫᠢᠩ ︽︿ᠤᠬ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠠ﹀ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠬᠦᠯᠡᠩ︾ ᠢ ᠲᠣᠭᠤᠷᠢᠨ ᠦᠵᠡᠬᠦ ᠳᠡᠭᠡᠨ ᠴᠢᠬᠤᠯᠠᠴᠢᠯᠠᠭᠰᠠᠨ ᠨᠢ᠄ ᠲᠡᠮᠡᠴᠡᠯ ᠤᠨ ᠥᠩᠭᠡᠷᠡᠯᠲᠡ ᠪᠠᠨ ᠪᠠᠲᠤ ᠴᠡᠭᠡᠵᠢᠯᠡᠨ ᠲᠡᠦᠬᠡ ᠶᠢᠨ ᠡᠬᠦᠷᠭᠡ ᠬᠠᠷᠢᠭᠤᠴᠠᠯᠭ᠎ᠠ ᠪᠠᠨ ᠡᠭᠦᠷᠭᠡᠯᠡᠵᠤ ᠨᠠᠮ ᠤᠨ ᠲᠡᠮᠡᠴᠡᠯ ᠤᠨ ᠲᠡᠦᠬᠡ  ᠠᠴᠠ ᠤᠷᠤᠭᠰᠢᠯᠠᠯᠲᠠ ᠶᠢᠨ ᠬᠦᠴᠦᠨ ᠢ ᠰᠢᠩᠬᠡᠬᠡᠨ ᠠᠪᠬᠤ ᠬᠡᠷᠡᠭᠳᠠᠢ
ᠨᠡᠶᠢᠲᠡᠯᠡᠭᠰᠡᠨ ᠴᠠᠭ᠄
2021/6/22
       ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠲᠠᠰᠢᠷᠠᠮ ᠢᠶᠠᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ  ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 18 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠬᠦᠯᠡᠩ ᠤᠨ ᠣᠷᠳᠣᠨ ᠳᠤ ᠬᠦᠷᠴᠦ᠂ ︽︿ᠤᠬ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠠ﹀ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠬᠦᠯᠡᠩ︾ ᠢ ᠲᠣᠭᠤᠷᠢᠨ ᠦᠵᠡᠭᠰᠡᠨ ᠪᠥᠭᠡᠳ ᠨᠠᠮ ᠤᠨ ᠭᠡᠰᠢᠭᠦᠨ ᠤᠳᠤᠷᠢᠳᠬᠤ ᠨᠥᠬᠦᠳ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠡᠷᠭᠢᠴᠡᠭᠦᠯᠦᠨ ᠤᠩᠰᠢᠵᠠᠢ᠃ ᠲᠡᠷᠡ᠂ ᠨᠠᠮ ᠤᠨ ᠲᠡᠦᠬᠡ ᠪᠣᠯ ᠬᠠᠮᠤᠭ ᠤᠨ ᠠᠮᠢᠳᠤᠯᠢᠭ᠂ ᠬᠠᠮᠤᠭ ᠤᠨ ᠢᠲᠡᠭᠡᠭᠦᠯᠬᠦ ᠬᠦᠴᠦᠨ ᠲᠠᠢ ᠬᠢᠴᠢᠶᠡᠯ ᠤᠨ ᠪᠢᠴᠢᠭ ᠮᠥᠨ᠃ ᠮᠠᠨ ᠤ ᠨᠠᠮ ᠤᠨ ᠵᠠᠭᠤᠨ ᠵᠢᠯ ᠪᠣᠯ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠳᠤ ᠴᠢᠩᠭ᠎ᠠ ᠦᠢᠯᠡᠳᠦᠯᠭᠡᠵᠢᠭᠦᠯᠦᠭᠰᠡᠨ ᠵᠠᠭᠤᠨ ᠵᠢᠯ ᠮᠥᠨ᠂ ᠰᠢᠷᠭᠠᠭᠤ ᠬᠠᠳᠠᠭᠤᠵᠢᠯᠳᠠᠢ ᠪᠠᠷ ᠰᠠᠭᠤᠷᠢ ᠶᠢ ᠴᠤᠬᠴᠠᠯᠠᠨ ᠦᠢᠯᠡᠰ ᠪᠤᠰᠬᠠᠭᠰᠠᠨ ᠵᠠᠭᠤᠨ ᠵᠢᠯ ᠮᠥᠨ᠂ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠦᠨ ᠢᠷᠡᠭᠡᠳᠦᠢ  ᠶᠢ ᠨᠡᠭᠡᠭᠡᠭᠰᠡᠨ ᠵᠠᠭᠤᠨ ᠵᠢᠯ ᠮᠥᠨ᠃ ᠥᠩᠭᠡᠷᠡᠭᠰᠡᠨ ᠤ ᠲᠡᠮᠡᠴᠡᠯ ᠤᠨ ᠵᠠᠮ ᠢᠶᠠᠨ ᠡᠷᠭᠢᠴᠡᠭᠦᠯᠦᠨ᠂ ᠤᠷᠤᠭᠰᠢᠯᠠᠯᠲᠠ  ᠶᠢᠨ ᠵᠠᠮ ᠢᠶᠠᠨ ᠪᠠᠷᠠᠯᠠᠬᠤ ᠳᠤ᠂ ᠡᠷᠬᠡᠪᠰᠢ ᠨᠠᠮ ᠤᠨ ᠲᠡᠦᠬᠡ ᠶᠢ ᠰᠠᠶᠢᠲᠤᠷ ᠰᠤᠷᠤᠯᠴᠠᠵᠤ᠂ ᠰᠠᠶᠢᠲᠤᠷ ᠳ᠋ᠦᠩᠨᠡᠵᠦ᠂ ᠨᠠᠮ ᠤᠨ ᠡᠷᠬᠢᠮ ᠨᠠᠨᠳᠢᠨ ᠲᠤᠷᠰᠢᠯᠭ᠎ᠠ ᠶᠢ ᠰᠠᠶᠢᠲᠤᠷ ᠤᠯᠠᠮᠵᠢᠯᠠᠵᠤ᠂ ᠰᠠᠶᠢᠲᠤᠷ ᠪᠠᠳᠠᠷᠠᠭᠤᠯᠵᠤ᠂ ᠲᠡᠮᠡᠴᠡᠯ ᠤᠨ ᠥᠩᠭᠡᠷᠡᠯᠲᠡ ᠶᠢ ᠪᠠᠲᠤ ᠴᠡᠭᠡᠵᠢᠯᠡᠵᠦ᠂ ᠲᠡᠦᠬᠡᠨ ᠬᠠᠷᠢᠭᠤᠴᠠᠯᠭ᠎ᠠ ᠶᠢ ᠡᠭᠦᠷᠭᠡᠯᠡᠵᠦ᠂ ᠨᠠᠮ ᠤᠨ ᠲᠡᠮᠡᠴᠡᠯ ᠤᠨ ᠲᠡᠦᠬᠡ  ᠠᠴᠠ ᠤᠷᠤᠭᠰᠢᠯᠠᠯᠲᠠ ᠶᠢᠨ ᠬᠦᠴᠦᠨ ᠢ ᠰᠢᠩᠭᠡᠭᠡᠨ ᠠᠪᠬᠤ ᠬᠡᠷᠡᠭᠲᠡᠢ᠃ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠴᠤ ᠪᠠᠶᠢᠭᠠᠳ ᠲᠣᠭᠤᠷᠢᠨ ᠦᠵᠡᠵᠦ ᠰᠤᠷᠤᠯᠴᠠᠬᠤ  ᠪᠠᠷ ᠳᠠᠮᠵᠢᠭᠤᠯᠤᠨ᠂ ᠨᠠᠩ ᠤᠬᠠᠮᠰᠠᠷ ᠠᠴᠠ ᠪᠠᠨ ᠤᠭ ᠰᠠᠨᠠᠭ᠎ᠠ ᠪᠠᠨ ᠦᠯᠦ ᠮᠠᠷᠳᠠᠵᠤ᠂ ᠡᠭᠦᠷᠭᠡ ᠬᠠᠷᠢᠭᠤᠴᠠᠯᠭ᠎ᠠ  ᠪᠠᠨ ᠪᠠᠲᠤ ᠴᠡᠭᠡᠵᠢᠯᠡᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠤ᠂ ᠬᠤᠪᠢᠰᠬᠠᠯ ᠤᠨ ᠠᠮᠢᠨ ᠰᠤᠳᠠᠰᠤ ᠶᠢ ᠵᠠᠯᠭᠠᠮᠵᠢᠯᠠᠵᠤ᠂ ᠦᠩᠭᠡ ᠭᠡᠷᠡᠯᠳᠤ ᠤᠯᠠᠮᠵᠢᠯᠠᠯ ᠢ ᠪᠠᠳᠠᠷᠠᠭᠤᠯᠵᠤ᠂ ᠬᠤᠰᠢᠭᠤᠴᠢ ᠵᠢᠱᠢᠶᠡᠴᠢ ᠶᠢᠨ ᠦᠢᠯᠡᠳᠦᠯ ᠢ ᠪᠠᠳᠠᠷᠠᠭᠤᠯᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠨᠠᠩ ᠰᠠᠶᠢᠨ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠠᠤᠭ᠎ᠠ ᠬᠦᠴᠦᠨ ᠢ ᠨᠢᠭᠳᠠᠷᠠᠭᠤᠯᠬᠤ ᠬᠡᠷᠡᠭᠳᠠᠢ ᠭᠡᠵᠤ ᠴᠢᠬᠤᠯᠠᠴᠢᠯᠠᠵᠠᠢ᠃      ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠠᠵᠢᠯᠯᠠᠭ᠎ᠠ ᠳᠤ ᠣᠷᠣᠯᠴᠠᠪᠠ᠃
    6 ᠰᠠᠷ᠎ᠠ ᠶᠢᠨ 18 ᠤ ᠡᠳᠦᠷ᠂ ᠨᠠᠮ ᠪᠠ ᠲᠦᠷᠦ ᠶᠢᠨ ᠤᠳᠤᠷᠢᠳᠬᠤ ᠬᠦᠮᠦᠨ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠨᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠬᠦᠯᠡᠩ ᠤᠨ ᠣᠷᠳᠣᠨ ᠳᠤ ︽︿ᠤᠬ ᠰᠠᠨᠠᠭ᠎ᠠ  ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠠ﹀ ᠳᠤᠮᠳᠠᠳᠤ ᠤᠯᠤᠰ ᠤᠨ ᠡᠪ ᠬᠠᠮᠲᠤ ᠨᠠᠮ  ᠤᠨ ᠲᠡᠦᠬᠡ ᠶᠢᠨ ᠦᠵᠡᠰᠬᠦᠯᠡᠩ︾ ᠢ ᠲᠣᠭᠤᠷᠢᠨ ᠦᠵᠡᠪᠡ᠃      ᠰᠢᠨᠬᠤᠧᠠ ᠬᠤᠷᠢᠶᠠᠨ ᠤ ᠰᠤᠷᠪᠤᠯᠵᠢᠯᠠᠬᠴᠢ ᠵᠢᠦᠢ ᠫᠧᠩ ᠰᠡᠬᠦᠳᠡᠷᠯᠡᠪᠡ
     6 ᠰᠠᠷ᠎ᠠ ᠶᠢᠨ 18 ᠤ ᠡᠳᠦᠷ᠂ ᠨᠠᠮ ᠪᠠ ᠲᠦᠷᠦ ᠶᠢᠨ ᠤᠳᠤᠷᠢᠳᠬᠤ ᠬᠦᠮᠦᠨ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠸᠠᠩ ᠴᠢ ᠱᠠᠨ ᠨᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠬᠦᠯᠡᠩ ᠤᠨ ᠣᠷᠳᠣᠨ ᠳᠤ ︽︿ᠤᠬ ᠰᠠᠨᠠᠭ᠎ᠠ  ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠠ﹀ ᠳᠤᠮᠳᠠᠳᠤ ᠤᠯᠤᠰ ᠤᠨ ᠡᠪ ᠬᠠᠮᠲᠤ ᠨᠠᠮ  ᠤᠨ ᠲᠡᠦᠬᠡ ᠶᠢᠨ ᠦᠵᠡᠰᠬᠦᠯᠡᠩ︾ ᠢ ᠲᠣᠭᠤᠷᠢᠨ ᠦᠵᠡᠪᠡ᠃ ᠡᠨᠡ ᠪᠤᠯ ᠲᠤᠭᠤᠷᠢᠨ ᠦᠵᠡᠭᠰᠡᠨ ᠤ ᠲᠠᠷᠠᠭ᠎ᠠ᠂ ᠰᠢ  ᠶᠢᠨ ᠫᠢᠩ ᠨᠠᠮ ᠤᠨ ᠭᠡᠰᠢᠭᠦᠨ ᠤᠳᠤᠷᠢᠳᠬᠤ ᠨᠥᠬᠦᠳ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡᠰ  ᠢ ᠳᠠᠬᠢᠨ ᠡᠷᠭᠢᠴᠡᠭᠦᠯᠦᠨ ᠤᠩᠰᠢᠵᠤ ᠪᠠᠶᠢᠭ᠎ᠠ ᠨᠢ᠃     ᠰᠢᠨᠬᠤᠧᠠ ᠬᠤᠷᠢᠶᠠᠨ ᠤ ᠰᠤᠷᠪᠤᠯᠵᠢᠯᠠᠬᠴᠢ ᠯᠢ ᠰᠢᠤᠧᠠᠢ ᠷᠧᠨ ᠰᠡᠬᠦᠳᠡᠷᠯᠡᠪᠡ            ᠰᠢᠨ᠎ᠡ ᠪᠠᠷ ᠪᠠᠶᠢᠭᠤᠯᠤᠭᠳᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠬᠦᠯᠡᠩ  ᠤᠨ ᠣᠷᠳᠣᠨ ᠰᠡᠬᠦ᠋ᠢᠨ ᠰᠦᠨᠳᠡᠷᠯᠡᠵᠦ᠂ ᠰᠦᠷᠯᠢᠭ ᠶᠡᠭᠡᠮᠰᠦᠭ ᠪᠠᠶᠢᠯ᠎ᠠ᠃ ᠦᠳᠡ ᠶᠢᠨ ᠬᠤᠶᠢᠨᠠᠬᠢ 3 ᠴᠠᠭ 20 ᠮᠢᠨᠦ᠋ᠲ ᠤᠨ ᠦᠶ᠎ᠡ ᠪᠠᠷ᠂ ᠰᠢ ᠶᠢᠨ ᠫᠢᠩ ᠵᠡᠷᠭᠡ ᠨᠠᠮ ᠪᠠ ᠲᠦᠷᠦ ᠶᠢᠨ ᠤᠳᠤᠷᠢᠳᠬᠤ ᠨᠥᠬᠦᠳ ᠠᠳᠡ ᠢᠷᠡᠵᠦ᠂ ᠦᠵᠡᠭᠦᠯᠭᠡ ᠶᠢᠨ ᠲᠢᠩᠬᠢᠮ ᠳᠤ ᠣᠷᠣᠵᠤ ᠦᠵᠡᠰᠬᠦᠯᠡᠩ ᠢ ᠲᠣᠭᠤᠷᠢᠨ ᠦᠵᠡᠪᠡ᠃ ᠦᠵᠡᠰᠬᠦᠯᠡᠩ ᠨᠢ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠠ︾ ᠪᠠᠷ ᠭᠤᠤᠯ ᠰᠡᠳᠦᠪ ᠪᠣᠯᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠢ ᠪᠠᠶᠢᠭᠤᠯᠵᠤ ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠤᠭᠰᠠᠨ ᠨᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠵᠤ ᠨᠡᠶᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠬᠢᠭᠰᠡᠨ ᠨᠢ︾᠂ ︽ᠥᠭᠡᠷᠡᠴᠢᠯᠡᠯᠲᠡ ᠨᠡᠭᠡᠭᠡᠯᠲᠡ ᠬᠢᠵᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠡᠭᠦᠳᠦᠨ ᠬᠥᠭᠵᠢᠭᠦᠯᠦᠭᠰᠡᠨ ᠨᠢ︾᠂ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠬᠤ ᠶᠢ ᠠᠬᠢᠭᠤᠯᠵᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠵᠦ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠦᠭᠰᠡᠨ ᠨᠢ︾ ᠵᠡᠷᠭᠡ 4 ᠬᠡᠰᠡᠭ ᠢ ᠨᠠᠷᠢᠨ ᠨᠢᠮᠪᠠᠢ ᠲᠦᠯᠦᠪᠯᠡᠨ ᠵᠤᠬᠢᠶᠠᠵᠤ᠂ 2600 ᠭᠠᠷᠤᠶ ᠬᠡᠷᠡᠯ ᠵᠢᠷᠤᠭ᠂ 3500 ᠭᠠᠷᠤᠢ ᠢᠵᠢ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠳᠠᠮᠵᠢᠭᠤᠯᠤᠨ ᠠᠩᠬ᠎ᠠ ᠤᠲᠠᠭ᠎ᠠ ᠪᠦᠬᠦ ᠲᠠᠯ᠎ᠠ ᠪᠠᠷ᠂ ᠪᠦᠬᠦ ᠶᠠᠪᠤᠴᠠ ᠶᠢᠨ᠂ ᠪᠦᠬᠦ ᠦᠵᠡᠮᠵᠢ ᠶᠢᠨ ᠬᠡᠯᠪᠡᠷᠢ ᠪᠠᠷ ᠲᠤᠮᠲᠠᠲᠤ ᠤᠯᠤᠰ ᠤᠨ ᠡᠪ ᠬᠠᠮᠲᠤ ᠨᠠᠮ ᠤᠨ ᠰᠦᠷ ᠳᠠᠯᠠᠶᠢᠴᠠᠲᠠᠶ ᠵᠠᠭᠤᠨ ᠵᠢᠯ ᠤᠨ ᠥᠩᠭᠡᠷᠡᠯᠲᠡ ᠶᠢ ᠲᠤᠤᠯᠢᠰᠯᠢᠭ ᠢᠯᠡᠷᠡᠭᠦᠯᠵᠦ᠂ ᠨᠠᠮ ᠤᠨ ᠴᠥᠬᠦᠷᠡᠰᠢ ᠦᠭᠡᠢ ᠲᠡᠮᠡᠴᠡᠭᠰᠡᠨ ᠲᠡᠦᠬᠡ᠂ ᠦᠷᠡᠭᠳᠡᠯ ᠰᠦᠢᠳᠦᠯ ᠠᠴᠠ ᠠᠶᠤᠬᠤ ᠦᠭᠡᠢ ᠲᠡᠤᠬᠡ᠂ ᠤᠨᠤᠯ ᠤᠨ ᠰᠦᠪᠡᠭᠴᠢᠯᠡᠯᠲᠡ ᠶᠢᠨ ᠲᠡᠦᠬᠡ᠂ ᠠᠷᠠᠳ ᠲᠦᠮᠡᠨ ᠳᠤ ᠪᠤᠶᠠᠨ ᠦᠢᠯᠡᠳᠦᠭᠰᠡᠨ ᠲᠡᠦᠬᠡ᠂ ᠲᠤᠰ ᠪᠡᠶ᠎ᠡ ᠶᠢᠨ ᠪᠠᠶᠢᠭᠤᠯᠤᠯᠲᠠ ᠶᠢᠨ ᠲᠡᠦᠬᠡ ᠶᠢ ᠬᠦᠢᠴᠡᠳ ᠬᠦᠨᠵᠡᠭᠡᠢ ᠲᠤᠰᠬᠠᠵᠦ᠂ ᠬᠥᠮᠦᠰ ᠲᠤ ᠬᠤᠪᠢᠰᠬᠠᠯᠳᠤ ᠵᠠᠰᠠᠭ ᠤᠨ ᠡᠷᠬᠡ ᠬᠢᠯᠪᠠᠷ ᠪᠤᠰᠤ ᠪᠠᠷ ᠢᠷᠡᠭᠰᠡᠨ᠂ ᠰᠢᠨ᠎ᠡ ᠳᠤᠮᠳᠠᠳᠤ ᠤᠯᠤᠰ ᠬᠢᠯᠪᠠᠷ ᠪᠤᠰᠤ ᠪᠠᠷ ᠢᠷᠡᠭᠰᠡᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠬᠢᠯᠪᠠᠷ ᠪᠤᠰᠤ ᠪᠠᠷ ᠢᠷᠡᠭᠰᠡᠨ ᠭᠡᠳᠡᠭ ᠢ ᠭᠦᠨᠵᠡᠭᠡᠶ ᠲᠠᠨᠢᠭᠤᠯᠪᠠ᠂ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠴᠢᠳᠠᠬᠤ᠂ ᠮᠠᠷᠺᠰ ᠤᠨ ᠦᠵᠡᠯ ᠶᠠᠭᠠᠬᠢᠭᠠᠳ ᠪᠣᠯᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠳᠠᠭ ᠢ ᠭᠦᠨᠵᠡᠭᠡᠶ ᠲᠠᠨᠢᠭᠤᠯᠪᠠ᠃      ᠰᠦᠷ ᠵᠢᠪᠬᠤᠭᠠᠲᠠᠢ ᠤᠷᠲᠤ ᠴᠠᠭᠠᠨ ᠬᠡᠷᠡᠮ ᠤᠨ ᠭᠤᠤᠯ ᠰᠡᠳᠦᠪᠲᠦ ᠰᠢᠷ ᠪᠤᠳᠤᠬᠳᠤ ᠵᠢᠷᠤᠭ᠂ ᠮᠠᠷᠺᠰ ᠤᠨ ︽ᠪᠷᠦ᠋ᠰᠧᠯ ᠤᠨ ᠲᠡᠮᠳᠡᠭᠯᠡᠯ︾ ᠤᠨ ᠳᠥᠷᠪᠡᠳᠦᠭᠡᠷ ᠲᠡᠮᠳᠡᠭᠯᠡᠯ ᠤᠨ ᠳᠡᠪᠲᠡᠷ ᠤᠨ ᠡᠬᠡ ᠪᠢᠴᠢᠮᠡᠯ᠂ ᠠᠩᠬᠠᠲᠤᠭᠠᠷ ᠶᠡᠭᠡ ᠬᠤᠷᠠᠯ ᠤᠨ ᠭᠠᠵᠠᠷ ᠤᠨ ᠤᠤᠯ ᠪᠠᠶᠢᠳᠠᠯ ᠢ ᠰᠡᠷᠭᠦᠭᠡᠭᠰᠡᠨ ᠦᠵᠡᠭᠳᠡᠯ᠂ ᠬᠤᠪᠢᠰᠬᠠᠯ ᠤᠨ ᠰᠠᠭᠤᠷᠢᠨ ᠭᠠᠵᠠᠷ ᠢ ᠡᠭᠦᠳᠦᠨ ᠪᠠᠶᠢᠭᠤᠯᠤᠬᠰᠠᠨ ᠦᠵᠡᠭᠦᠯᠭᠡ ᠶᠢᠨ ᠰᠠᠮᠪᠠᠷ᠎ᠠ᠂ ᠽᠦᠨ ᠢ ᠶᠢᠨ ᠬᠤᠷᠠᠯ ᠤᠨ ᠤᠤᠯ ᠪᠠᠶᠢᠳᠠᠯ ᠢ ᠰᠡᠷᠭᠦᠭᠡᠭᠰᠡᠨ ᠦᠵᠡᠮᠵᠢ᠂ ᠨᠠᠮ ᠤᠨ ᠳᠣᠯᠣᠲᠤᠭᠠᠷ ᠶᠡᠭᠡ ᠬᠤᠷᠠᠯ ᠤᠨ ᠪᠢᠯᠧᠲ ᠥᠭᠬᠦ ᠬᠠᠶᠢᠷᠴᠠᠭ᠂ ᠤᠯᠤᠰ ᠪᠠᠶᠢᠭᠤᠯᠤᠭᠳᠠᠭᠰᠠᠨ ᠦᠪᠡᠳᠡᠭᠰᠢ ᠶᠣᠰᠣᠯᠠᠯ ᠤᠨ ᠬᠡᠷᠡᠯ ᠵᠢᠷᠤᠭ᠂ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠰᠠᠨ ᠲᠠᠶᠢᠨ ᠳᠤ ᠬᠡᠷᠡᠭᠯᠡᠵᠦ ᠥᠩᠭᠡᠷᠡᠭᠰᠡᠨ ᠵᠡᠪᠰᠡᠭ᠂ ︽ᠦᠵᠡᠯ ᠰᠠᠨᠠᠭ᠎ᠠ ᠪᠠᠨ ᠴᠢᠯᠥᠭᠡᠯᠡᠵᠦ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠵᠦ᠂ ᠪᠦᠯᠬᠦᠮᠳᠡᠨ ᠨᠢᠭᠡᠳᠴᠦ ᠤᠷᠤᠬᠰᠢᠯᠠᠰᠤᠭᠠᠢ︾ ᠭᠡᠰᠡᠡ ᠶᠠᠷᠢᠶᠠᠨ ᠤ ᠲᠣᠪᠴᠢᠯᠠᠯ᠂ ᠠᠵᠤ ᠠᠬᠤᠢ ᠶᠢᠨ ᠣᠨᠴᠠᠭᠠᠢ ᠣᠷᠣᠨ ᠢ ᠡᠭᠦᠳᠦᠨ ᠪᠠᠶᠢᠭᠤᠯᠤᠬᠰᠠᠨ ᠭᠡᠷᠡᠯ ᠵᠢᠷᠤᠭ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠲᠤᠭ᠎ᠠ ᠪᠠᠷᠢᠮᠲᠠ ᠵᠢᠷᠤᠭ ᠬᠦᠰᠦᠨᠦᠭᠲᠦ᠂ ᠾᠦᠸᠧ ᠱᠧᠨ ᠱᠠᠨ᠂ ᠯᠸᠢ ᠱᠧᠨ ᠱᠠᠨ ᠡᠮᠨᠡᠯᠭᠡ ᠶᠢᠨ ᠬᠤᠷᠢᠶ᠎ᠠ ᠶᠢᠨ ᠵᠠᠭᠪᠤᠷ ᠁ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠳ᠋ ᠪᠤᠳᠠᠰ᠂ ᠨᠠᠷᠢᠨ ᠪᠣᠳᠠᠲᠠᠶ ᠳᠠᠩᠰᠠ ᠡᠪᠬᠡᠮᠡᠯ ᠤᠨ ᠮᠠᠲ᠋ᠧᠷᠢᠶᠠᠯ᠂ ᠠᠮᠢᠳᠤ ᠲᠦᠷᠰᠦᠯᠢᠭ ᠭᠡᠷᠡᠯ ᠵᠢᠷᠤᠭ ᠸᠢᠳᠢᠣ᠋᠂ ᠤᠤᠯ ᠪᠠᠶᠢᠳᠠᠯ ᠢ ᠰᠡᠷᠭᠦᠭᠡᠭᠰᠡᠨ ᠦᠪ ᠦᠨᠡᠨ ᠬᠡᠮᠡᠷᠬᠡᠨ ᠦᠵᠡᠮᠵᠢ ᠨᠢ ᠰᠢ ᠶᠢᠨ ᠫᠢᠩ ᠵᠡᠷᠭᠡ ᠤᠳᠤᠷᠢᠳᠬᠤ ᠨᠥᠬᠦᠳ ᠤᠨ ᠠᠩᠬᠠᠷᠤᠯ ᠢ ᠲᠠᠲᠠᠪᠠ᠃ ᠲᠡᠳᠡ ᠪᠠᠶᠢᠨ ᠪᠠᠶᠢᠨ ᠵᠣᠭᠰᠣᠵᠤ ᠨᠠᠷᠢᠨ ᠬᠢᠨᠠᠮᠠᠭᠠᠢ ᠦᠵᠡᠵᠦ ᠂ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠬᠤᠯᠪᠣᠭᠳᠠᠯ ᠪᠦᠬᠦᠢ ᠪᠠᠶᠢᠳᠠᠯ ᠢ ᠨᠢᠮᠪᠠᠢ ᠠᠰᠠᠭᠤᠵᠤ ᠪᠠᠶᠢᠯ᠎ᠠ᠃      ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠰᠢ ᠶᠢᠨ ᠫᠢᠩ ᠵᠡᠷᠭᠡ ᠨᠠᠮ ᠤᠨ ᠭᠡᠰᠢᠭᠦᠨ ᠤᠳᠤᠷᠢᠳᠬᠤ ᠨᠥᠬᠦᠳ ᠨᠠᠮ ᠤᠨ ᠲᠡᠦᠬᠡ ᠶᠢᠨ ᠦᠵᠡᠰᠬᠦᠯᠡᠩ ᠤᠨ ᠣᠷᠳᠣᠨ ᠤ ᠬᠤᠪᠢᠰᠬᠠᠯ ᠤᠨ ᠶᠡᠭᠡ ᠲᠢᠩᠬᠢᠮ ᠳᠤ ᠬᠦᠷᠴᠦ ᠢᠷᠡᠪᠡ᠃ ᠭᠠᠯ ᠤᠯᠠᠭᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠭ ᠲᠤ ᠬᠠᠨᠳᠤᠵᠤ᠂ ᠰᠢ ᠶᠢᠨ ᠫᠢᠩ ᠪᠠᠷᠠᠭᠤᠨ ᠨᠢᠳᠤᠷᠭ᠎ᠠ ᠪᠠᠨ ᠵᠠᠩᠭᠢᠳᠴᠤ᠂ ᠤᠳᠤᠷᠢᠳᠬᠤ ᠨᠥᠬᠦᠳ ᠢᠶᠠᠨ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡᠰ ᠢ ᠲᠠᠬᠢᠨ ᠤᠩᠰᠢᠬᠤ ᠳᠤ ᠴᠢᠩᠭ᠎ᠠ ᠬᠦᠴᠦᠲᠡᠢ ᠲᠠᠩᠭᠠᠷᠢᠬᠯᠠᠬᠤ ᠲᠠᠭᠤᠨ ᠶᠡᠭᠡ ᠲᠢᠩᠬᠢᠮ ᠳᠤ ᠴᠤᠤᠷᠢᠶᠠᠲᠤᠪᠠ᠃      ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠡᠭᠡᠵᠢᠩ ᠳᠤ ᠪᠠᠶᠢᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠳ ᠦᠵᠡᠰᠬᠦᠯᠡᠩ ᠢ ᠲᠣᠭᠤᠷᠢᠨ ᠦᠵᠡᠵᠠᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号