ᠰᠢ ᠶᠢᠨ ᠫᠢᠩ ᠪᠡᠭᠡᠵᠢᠩ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ ᠭᠠᠳᠠᠭᠠᠳᠤ ᠶᠢᠨ ᠰᠤᠷᠤᠬᠴᠢᠳ ᠲᠤ ᠬᠠᠷᠢᠭᠤ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2021/6/24
    ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 22 ᠤᠨ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 6 ᠰᠠᠷ᠎ᠠ ᠶᠢᠨ 21 ᠤ ᠡᠳᠦᠷ ᠪᠡᠭᠡᠵᠢᠩ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ ᠭᠠᠳᠠᠭᠠᠳᠤ ᠶᠢᠨ ᠰᠤᠷᠤᠬᠴᠢᠳ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠢ ᠦᠨᠡᠨ ᠪᠣᠳᠠᠲᠠᠢ ᠳᠤᠮᠳᠠᠳᠤ ᠤᠯᠤᠰ ᠢ ᠨᠡᠩ ᠭᠦᠨᠵᠡᠭᠡᠢ ᠣᠶᠢᠯᠠᠭᠠᠵᠤ᠂ ᠪᠤᠳᠤᠯ ᠪᠣᠯᠤᠨ ᠲᠦᠷᠦᠭᠳᠡᠯ ᠢᠶᠠᠨ ᠨᠡᠩ ᠤᠯᠠᠨ ᠬᠥᠮᠦᠨ ᠳᠤ ᠲᠠᠨᠢᠯᠴᠠᠭᠤᠯᠵᠤ᠂ ᠡᠯ᠎ᠡ ᠤᠯᠤᠰ ᠤᠨ ᠠᠷᠠᠳ ᠲᠦᠮᠡᠨ ᠤ ᠰᠡᠳᠬᠢᠯ ᠤᠨ ᠨᠡᠪᠲᠡᠷᠡᠯᠴᠡᠭᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠦᠭᠡᠷᠡᠢ ᠭᠡᠵᠦ ᠵᠣᠷᠢᠭᠵᠢᠭᠤᠯᠪᠠ᠃      ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠ ᠨᠠᠷ ᠳᠤᠮᠳᠠᠳᠤ ᠤᠯᠤᠰ ᠤᠨ ᠤᠯᠤᠰ ᠤᠨ ᠪᠠᠶᠢᠳᠠᠯ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠵᠤ ᠪᠠᠶᠢᠬᠤ ᠨᠢ ᠳᠤᠮᠳᠠᠳᠤ ᠤᠯᠤᠰ ᠤᠨ ᠥᠩᠭᠡᠷᠡᠭᠰᠡᠨ᠂ ᠤᠳᠤ᠂ ᠢᠷᠡᠭᠡᠳᠦᠢ ᠶᠢ ᠣᠶᠢᠯᠠᠭᠠᠬᠤ ᠳᠤ ᠲᠦᠢᠯ ᠤᠨ ᠲᠤᠰᠠᠳᠠᠢ ᠶᠤᠮ ᠭᠡᠵᠤ ᠬᠡᠯᠡᠵᠠᠢ᠃ᠰᠢ ᠶᠢᠨ ᠫᠢᠩ᠂ ᠥᠨᠥᠳᠦᠷ ᠤᠨ ᠳᠤᠮᠳᠠᠳᠤ ᠤᠯᠤᠰ ᠢ ᠣᠶᠢᠯᠠᠭᠠᠬᠤ ᠳᠤ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠢ ᠣᠶᠢᠯᠠᠭᠠᠬᠤ ᠬᠡᠷᠡᠭᠲᠡᠢ᠃ ᠲᠠ ᠨᠠᠷ᠂ ᠳᠤᠮᠳᠠᠳᠤ ᠤᠯᠤᠰ ᠤᠨ ᠡᠪ ᠬᠠᠮᠲᠤ ᠨᠠᠮ ᠠᠵᠤ ᠠᠬᠤᠶ ᠶᠢ ᠬᠥᠭᠵᠢᠭᠦᠯᠵᠦ᠂ ᠶᠠᠳᠠᠭᠤ ᠬᠦᠴᠢᠷᠳᠡᠯ ᠢ ᠠᠷᠢᠯᠭᠠᠬᠤ ᠪᠠᠷ ᠬᠦᠴᠦᠯᠡᠨ ᠴᠢᠷᠮᠠᠶᠢᠵᠤ᠂ ᠪᠤᠰᠤᠳ ᠤᠯᠤᠰ ᠢ ᠢᠳᠡᠪᠬᠢᠲᠡᠶ ᠬᠠᠪᠰᠤᠷᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠲᠠᠢ ᠲᠡᠮᠡᠴᠡᠵᠦ ᠪᠠᠶᠢᠨ᠎ᠠ ᠭᠡᠵᠦ ᠳᠤᠷᠠᠳᠪᠠ᠃ ᠳᠤᠮᠳᠠᠳᠤ ᠤᠯᠤᠰ ᠤᠨ ᠡᠪ ᠬᠠᠮᠲᠤ ᠨᠠᠮ ᠡᠳᠡᠭᠡᠷ ᠶᠠᠪᠤᠳᠠᠯ ᠢ ᠬᠢᠵᠦ ᠪᠠᠶᠢᠬᠤ ᠨᠢ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠬᠦᠯᠬᠦ ᠲᠦᠷᠦ ᠶᠢᠨ ᠨᠠᠮ ᠪᠤᠯᠤᠨ᠎ᠠ᠂ ᠮᠦᠨ ᠴᠤ ᠬᠥᠮᠦᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠢ ᠠᠬᠢᠭᠤᠯᠬᠤ ᠶᠢᠨ ᠲᠥᠯᠥᠭᠡ ᠲᠡᠮᠡᠴᠡᠬᠦ ᠲᠦᠷᠦ ᠶᠢᠨ ᠨᠠᠮ ᠪᠤᠯᠤᠨ᠎ᠠ ᠭᠡᠵᠤ ᠵᠢᠭᠠᠵᠤ ᠭᠠᠷᠭᠠᠵᠠᠢ᠃      ᠰᠢ ᠶᠢᠨ ᠫᠢᠩ᠂ ᠳᠤᠮᠳᠠᠳᠤ ᠤᠯᠤᠰ ᠤᠨ ᠶᠡᠷᠦ ᠶᠢᠨ ᠦᠬᠡᠨ ᠳᠤ᠄ ᠵᠠᠭᠤᠨᠲᠠ ᠰᠣᠨᠣᠰᠤᠭᠰᠠᠨ ᠠᠴᠠ ᠨᠢᠭᠡᠨᠳᠡ ᠦᠵᠡᠭᠰᠡᠨ ᠨᠢ ᠳᠡᠭᠡᠷ᠎ᠡ ᠬᠡᠳᠡᠭ᠃ ᠲᠠ ᠨᠠᠷ ᠤᠨ ᠳᠤᠮᠳᠠᠳᠤ ᠤᠯᠤᠰ ᠤᠨ ᠡᠯ᠎ᠡ ᠭᠠᠵᠠᠷ ᠢᠶᠠᠷ ᠢᠯᠡᠭᠦᠬᠡᠨ ᠶᠠᠪᠤᠵᠤ ᠢᠯᠡᠬᠦᠬᠡᠨ ᠦᠵᠡᠵᠤ᠂ ᠦᠨᠡᠨ ᠪᠣᠳᠠᠲᠠᠢ ᠳᠤᠮᠳᠠᠳᠤ ᠤᠯᠤᠰ ᠢ ᠨᠡᠩ ᠭᠦᠨᠵᠡᠭᠡᠢ ᠣᠶᠢᠯᠠᠭᠠᠬᠤ ᠶᠢᠨ ᠵᠡᠷᠬᠡ ᠪᠠᠷ᠂ ᠲᠠ ᠨᠠᠷ ᠤᠨ ᠪᠤᠳᠤᠯ ᠪᠠ ᠲᠦᠷᠦᠭᠳᠡᠯ ᠢᠶᠠᠨ ᠨᠡᠩ ᠤᠯᠠᠨ ᠬᠥᠮᠦᠨ ᠳᠤ ᠲᠠᠨᠢᠯᠴᠠᠭᠤᠯᠤᠨ ᠥᠭᠴᠦ᠂ ᠡᠯ᠎ᠡ ᠤᠯᠤᠰ ᠤᠨ ᠠᠷᠠᠳ ᠲᠦᠮᠡᠨ ᠤ ᠰᠡᠳᠬᠢᠯ ᠤᠨ ᠨᠡᠪᠲᠡᠷᠡᠯᠴᠡᠭᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠬᠤ ᠶᠢ ᠤᠭᠲᠤᠵᠦ ᠪᠠᠶᠢᠨ᠎ᠠ ᠭᠡᠵᠦ ᠢᠯᠡᠷᠬᠡᠶᠢᠯᠡᠪᠡ᠃      ᠤᠢᠢᠷ᠎ᠠ ᠳᠤ᠂ ᠪᠡᠭᠡᠵᠢᠩ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ 32 ᠤᠯᠤᠰ ᠤᠨ 45 ᠭᠠᠳᠠᠭᠠᠳᠤ ᠶᠢᠨ ᠰᠤᠷᠤᠬᠴᠢᠳ ᠤᠨ ᠲᠥᠯᠥᠭᠡᠯᠡᠭᠴᠢ ᠰᠢ ᠶᠢᠨ ᠫᠢᠩ ᠳᠤ ᠵᠠᠬᠢᠳᠠᠯ ᠪᠢᠴᠢᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠤᠢ ᠳᠤ ᠰᠠᠶᠢᠨ ᠰᠠᠶᠢᠬᠠᠨ ᠵᠥᠩᠨᠡᠯ ᠪᠡᠯᠭᠡᠲᠡᠯ ᠢᠶᠠᠨ ᠳᠡᠪᠰᠢᠭᠦᠯᠪᠡ᠃ ᠵᠠᠬᠢᠳᠠᠯ ᠳᠠᠭᠠᠨ ᠲᠡᠳᠡᠨ ᠤ ᠳᠤᠮᠳᠠᠳᠤ ᠤᠯᠤᠰ ᠲᠤ ᠰᠤᠷᠤᠯᠴᠠᠵᠤ ᠠᠮᠢᠳᠤᠷᠠᠵᠤ ᠪᠠᠶᠢᠭ᠎ᠠ ᠲᠥᠷᠥᠭᠳᠡᠯ ᠤᠢᠢᠯᠠᠭᠠᠯᠲᠠ ᠪᠠᠨ ᠶᠠᠷᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ ᠳᠤᠮᠳᠠᠳᠤ ᠤᠯᠤᠰ ᠠᠭᠤᠤ ᠶᠡᠭᠡ ᠠᠮᠵᠢᠯᠲᠠ ᠪᠦᠲᠦᠮᠵᠢ ᠣᠯᠤᠭᠰᠠᠨ ᠢ ᠴᠢᠩ ᠰᠡᠳᠬᠢᠯ ᠠᠴᠠ ᠪᠠᠨ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠳᠡᠭᠡᠳᠦ ᠬᠡᠮᠵᠢᠶ᠎ᠡ ᠪᠠᠷ ᠮᠡᠳᠡᠷᠡᠵᠦ ᠪᠠᠶᠢᠬᠤ ᠪᠠᠨ ᠢᠯᠡᠳᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号