ᠰᠢ ᠶᠢᠨ ᠫᠢᠩ ᠺᠤᠩᠭᠣ᠋ ︵ᠪᠦ᠊︶ ᠶᠢᠨ ᠶᠡᠷᠦᠩᠭᠡᠶᠢᠯᠡᠭᠴᠢ ᠰᠠᠰᠦ᠋ ᠲᠠᠢ ᠤᠲᠠᠰᠤ ᠪᠠᠷ ᠶᠠᠷᠢᠯᠴᠠᠵᠠᠢ
ᠨᠡᠶᠢᠲᠡᠯᠡᠭᠰᠡᠨ ᠴᠠᠭ᠄
2021/6/24
     ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 21 ᠤ ᠴᠠᠬᠢᠯᠭᠠᠨ ᠮᠡᠳᠡᠭᠡ  ᠤᠯᠤᠰ ᠤᠨ ᠲᠡᠷᠢᠭᠦᠯᠡᠭᠴᠢ ᠰᠢ ᠶᠢᠨ ᠫᠢᠩ 6 ᠰᠠᠷ᠎ᠠ ᠶᠢᠨ 21 ᠤ ᠡᠳᠦᠷ ᠺᠤᠩᠭᠣ᠋ ︵ᠪᠦ᠊︶ ᠶᠢᠨ ᠶᠡᠷᠦᠩᠬᠡᠶᠢᠯᠡᠭᠴᠢ ᠰᠠᠰᠦ᠋ ᠲᠠᠢ ᠤᠲᠠᠰᠤ ᠪᠠᠷ ᠶᠠᠷᠢᠯᠴᠠᠪᠠ᠃      ᠰᠢ ᠶᠢᠨ ᠫᠢᠩ᠂ ᠳᠤᠮᠳᠠᠳᠤ ᠺᠤᠩᠭᠣ᠋ ᠶᠢᠨ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ᠂ ᠬᠤᠶᠠᠷ ᠲᠠᠯ᠎ᠠ ᠪᠠᠷ ᠢᠶᠠᠨ ᠢᠮᠠᠭᠲᠠ ᠬᠠᠷᠢᠯᠴᠠᠨ ᠲᠡᠮᠵᠢᠵᠥ᠂ ᠬᠠᠷᠢᠯᠴᠠᠨ ᠬᠠᠪᠰᠤᠷᠤᠯᠴᠠᠵᠤ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤᠮᠳᠠ ᠨᠢᠭᠲᠠ ᠬᠠᠮᠵᠢᠯᠴᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠪᠣᠯᠤᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠭᠰᠠᠭᠠᠷ ᠢᠷᠡᠵᠠᠢ᠃ ᠨᠢᠳᠤᠨᠤᠨ ᠠᠴᠠ ᠨᠠᠭᠠᠰᠢ᠂ ᠳᠤᠮᠳᠠᠳᠤ ᠺᠤᠩᠭᠣ᠋ ᠬᠤᠶᠠᠷ ᠲᠠᠯ᠎ᠠ ᠪᠠᠷ ᠢᠶᠠᠨ ᠬᠠᠮᠲᠤ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠵᠦ᠂ ᠭᠠᠷ ᠬᠤᠯᠪᠣᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠵᠤ᠂ ᠬᠤᠯᠪᠣᠭᠳᠠᠯ ᠪᠦᠬᠦᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠲᠦᠷᠦᠯ ᠵᠦᠢᠯ ᠤᠨ ᠠᠬᠢᠴᠠ ᠤᠷᠤᠭᠰᠢᠲᠠᠢ ᠪᠠᠶᠢᠵᠤ᠂ ᠬᠤᠶᠠᠷ ᠤᠯᠤᠰ ᠤᠨ ᠨᠥᠬᠦᠷᠯᠡᠯ ᠪᠣᠯᠤᠨ ᠬᠠᠮᠲᠤᠷᠠᠯᠴᠠᠭ᠎ᠠ ᠭᠦᠨᠵᠡᠭᠡᠶᠢᠷᠡᠨ ᠬᠥᠭᠵᠢᠪᠡ᠃ ᠳᠤᠮᠳᠠᠳᠤ ᠤᠯᠤᠰ ᠳᠤᠷᠠᠲᠠᠶ᠎ᠠ ᠺᠤᠩᠭᠣ᠋ ᠶᠢᠨ ᠬᠢᠨ ᠲᠠᠢ ᠬᠠᠮᠲᠤ ᠪᠠᠷ ᠤᠯᠤᠰ ᠲᠥᠷᠥ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠲᠥᠷᠥ ᠶᠢ ᠵᠠᠰᠠᠵᠤ ᠵᠠᠰᠠᠭ ᠢ ᠡᠷᠭᠢᠯᠡᠬᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠺᠤᠩᠭᠣ᠋ ᠶᠢᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠴᠠᠭ᠎ᠠ ᠶᠢᠨ ᠲᠠᠰᠤᠷᠠᠯᠲᠠ ᠥᠬᠡᠶ ᠰᠢᠨ᠎ᠡ ᠦᠷ᠎ᠡ ᠪᠦᠲᠦᠭᠡᠯ ᠤᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠠᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠺᠤᠩᠭᠣ᠋ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠲᠡᠮᠵᠢᠵᠥ᠂ ᠺᠤᠩᠭᠣ᠋ ᠶᠢᠨ ᠬᠢᠨ ᠤ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠲᠡᠮᠵᠢᠵᠥ᠂ ᠺᠤᠩᠭᠣ᠋ ᠶᠢᠨ ᠬᠢᠨ ᠤ ᠡᠬᠢ ᠪᠠᠶᠠᠯᠢᠭ᠂ ᠣᠷᠣᠨ ᠪᠠᠶᠢᠷᠢ ᠵᠡᠷᠭᠡ ᠳᠠᠪᠠᠭᠤᠯᠢᠭ ᠢᠶᠠᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠲᠡᠮᠵᠢᠨ᠎ᠡ᠃ ᠳᠤᠮᠳᠠᠳᠤ ᠤᠯᠤᠰ ᠨᠡᠩ ᠤᠯᠠᠨ ᠪᠣᠳᠠᠲᠤ ᠬᠦᠴᠦᠨ ᠲᠠᠢ ᠳᠤᠮᠳᠠᠳᠤ ᠤᠯᠤᠰ ᠤᠨ ᠠᠵᠤ ᠠᠬᠤᠶᠢᠯᠠᠯ ᠺᠤᠩᠭᠣ᠋ ︵ᠪᠦ᠊︶ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠵᠤ᠂ ᠳᠤᠷᠠᠲᠠᠶ᠎ᠠ ᠺᠤᠩᠭᠣ᠋ ᠶᠢᠨ ᠬᠢᠨ ᠲᠠᠢ ᠡᠮ ᠡᠮᠨᠡᠯᠭᠡ ᠡᠷᠡᠭᠦᠯ ᠬᠠᠮᠠᠭᠠᠯᠠᠯ᠂ ᠬᠥᠳᠡᠭᠡ ᠠᠵᠤ ᠠᠬᠤᠢ᠂ ᠠᠷᠠᠳ ᠤᠨ ᠠᠮᠢᠳᠤᠷᠠᠯ ᠵᠡᠷᠭᠡ ᠬᠦᠷᠢᠶ᠎ᠠ ᠴᠠᠷᠠᠭᠠᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠺᠤᠩᠭᠣ᠋ ᠶᠢᠨ ᠬᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠸᠠᠺᠼᠢᠨ ᠬᠠᠩᠭᠠᠬᠤ ᠵᠡᠷᠭᠡ ᠶᠢᠨ ᠳᠡᠮᠵᠢᠯᠭᠡ ᠬᠠᠩᠭᠠᠵᠤ᠂ ᠺᠤᠩᠭᠣ᠋ ᠶᠢᠨ ᠠᠵᠤ ᠦᠢᠯᠡᠳᠪᠦᠷᠢᠵᠢᠯᠲᠡ᠂ ᠠᠵᠤ ᠠᠬᠤᠢ ᠶᠢᠨ ᠤᠯᠠᠨ ᠡᠰᠢᠵᠢᠯᠲᠡ ᠶᠢᠨ ᠠᠬᠢᠴᠠ ᠳᠤ ᠬᠦᠴᠦᠨ ᠨᠡᠮᠡᠷᠢᠯᠡᠵᠦ᠂ ᠺᠤᠩᠭᠣ᠋ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠃ ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ ᠳᠡᠯᠡᠬᠡᠢ ᠨᠡᠶᠢᠭᠡᠮ ᠳᠤ ︽ᠠᠹᠷᠢᠺᠠ ᠲᠢᠪ ᠤᠨ ᠬᠥᠭᠵᠢᠯᠲᠡ ᠶᠢ ᠲᠠᠮᠵᠢᠬᠦ ᠬᠠᠨᠢᠲᠠᠨ ᠤ ᠰᠠᠨᠠᠭᠠᠴᠢᠯᠠᠭ᠎ᠠ︾ ᠶᠢ ᠭᠠᠷᠭᠠᠪᠠ᠂ ᠳᠤᠮᠳᠠᠳᠤ ᠤᠯᠤᠰ ᠳᠤᠷᠠᠲᠠᠶ᠎ᠠ ᠺᠤᠩᠭᠣ᠋ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ᠨᠡᠩ ᠤᠯᠠᠨ ᠤᠯᠤᠰ ᠤᠨ ᠣᠷᠣᠯᠴᠠᠬᠤ ᠶᠢ ᠠᠬᠢᠭᠤᠯᠵᠤ᠂ ᠠᠹᠷᠢᠺᠠ ᠲᠢᠪ ᠤᠨ ᠬᠥᠭᠵᠢᠯᠲᠡ ᠶᠢ ᠬᠠᠮᠲᠤ ᠪᠠᠷ ᠳᠡᠮᠵᠢᠨ᠎ᠠ᠃ ᠳᠤᠮᠳᠠᠳᠤ ᠤᠯᠤᠰ ᠺᠤᠩᠭᠣ᠋ ᠶᠢᠨ ᠬᠢᠨ ᠤ ᠰᠢᠨ᠎ᠡ ᠨᠢᠭᠡ ᠬᠤᠭᠤᠴᠠᠭᠠᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠬᠤᠷᠠᠯ ᠳᠤ ᠢᠳᠡᠪᠬᠢᠲᠡᠢ ᠣᠷᠣᠯᠴᠠᠵᠤ᠂ ᠳᠤᠮᠳᠠᠳᠤ ᠠᠹᠷᠢᠺᠠ ᠶᠢᠨ ᠬᠠᠷᠢᠯᠴᠠᠭᠠᠨ ᠤ ᠰᠢᠨ᠎ᠡ ᠪᠠᠶᠢᠳᠠᠯ ᠢ ᠬᠠᠮᠲᠤ ᠪᠠᠷ ᠡᠭᠦᠳᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠴᠢᠬᠤᠯᠠᠴᠢᠯᠠᠪᠠ᠃      ᠰᠠᠰᠦ᠋᠂ ᠳᠤᠮᠳᠠᠳᠤ ᠤᠯᠤᠰ ᠤᠨ ᠡᠪ ᠬᠠᠮᠲᠤ ᠨᠠᠮ 100 ᠵᠢᠯ ᠤᠨ ᠤᠢ ᠪᠠᠨ ᠤᠭᠲᠤᠵᠤ ᠪᠠᠶᠢᠭ᠎ᠠ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠷᠢᠠᠠᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠵᠤ᠂ ᠳᠡᠯᠡᠬᠡᠢ ᠳᠡᠭᠡᠷ᠎ᠡ ᠮᠠᠰᠢ ᠴᠢᠬᠤᠯᠠ ᠦᠢᠯᠡᠳᠦᠯ ᠦᠵᠡᠭᠦᠯᠵᠦ᠂ ᠳᠤᠮᠳᠠᠳᠤ ᠤᠯᠤᠰ ᠤᠨ ᠠᠷᠠᠳ ᠲᠦᠮᠡᠨ ᠬᠥᠭᠵᠢᠨ ᠴᠡᠴᠡᠭᠯᠡᠬᠦ ᠵᠠᠮ ᠢᠶᠠᠷ ᠲᠤᠮᠤ ᠠᠯᠬᠤᠮ ᠢᠶᠠᠷ ᠤᠷᠤᠭᠰᠢᠯᠠᠵᠤ ᠪᠠᠶᠢᠨ᠎ᠠ᠃ ᠳᠤᠮᠳᠠᠳᠤ ᠤᠯᠤᠰ ᠺᠤᠩᠭᠣ᠋ ᠶᠢᠨ ᠬᠢᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠡᠷᠬᠢᠮ ᠨᠠᠨᠳᠢᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠺᠤᠩᠭᠣ᠋ ᠶᠢᠨ ᠬᠢᠨ ᠳᠤᠮᠳᠠᠳᠤ ᠤᠯᠤᠰ ᠤᠨ ᠲᠤᠰ ᠪᠡᠶ᠎ᠡ ᠶᠢᠨ ᠭᠤᠣᠯᠯᠠᠬᠤ ᠠᠰᠢᠭ ᠲᠤᠰᠠ ᠪᠠᠨ ᠬᠠᠮᠠᠭᠠᠯᠠᠬᠤ ᠠᠰᠠᠭᠤᠳᠠᠯ ᠳᠡᠭᠡᠷᠡᠬᠢ ᠵᠣᠭᠰᠣᠯᠲᠠ ᠶᠢ ᠲᠡᠮᠵᠢᠵᠥ᠂ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠰᠡᠷᠭᠦᠴᠡᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠨᠥᠬᠦᠷᠰᠡᠭ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠢᠳᠡᠪᠬᠢᠲᠡᠢ ᠪᠠᠷ ᠬᠠᠮᠲᠤ ᠪᠠᠷ ᠪᠦᠳᠤᠬᠡᠨ ᠪᠠᠶᠢᠭᠤᠯᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠵᠤ᠂ ᠺᠤᠩᠭᠣ᠋ ᠳᠤᠮᠳᠠᠳᠤ᠂ ᠠᠹᠷᠢᠺᠠ ᠳᠤᠮᠳᠠᠳᠤ ᠶᠢᠨ ᠬᠠᠮᠲᠤᠷᠠᠯᠴᠠᠭ᠎ᠠ ᠨᠡᠩ ᠤᠯᠠᠨ ᠦᠷ᠎ᠡ ᠪᠦᠲᠦᠭᠡᠯ ᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号