ᠰᠢ ᠶᠢᠨ ᠫᠢᠩ ᠲᠠᠨᠽᠠᠨᠢᠶ᠎ᠠ ᠶᠢᠨ ᠶᠡᠷᠦᠩᠬᠡᠶᠢᠯᠡᠭᠴᠢ ᠬᠠᠰᠠᠩ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2021/6/24
     ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 21 ᠤ ᠴᠠᠬᠢᠯᠭᠠᠨ ᠮᠡᠳᠡᠭᠡ  ᠤᠯᠤᠰ ᠤᠨ ᠲᠡᠷᠢᠭᠦᠯᠡᠭᠴᠢ ᠰᠢ ᠶᠢᠨ ᠫᠢᠩ 6 ᠰᠠᠷ᠎ᠠ ᠶᠢᠨ 21 ᠤ ᠡᠳᠦᠷ ᠲᠠᠨᠽᠠᠨᠢᠶ᠎ᠠ ᠶᠢᠨ ᠶᠡᠷᠦᠩᠬᠡᠶᠢᠯᠡᠭᠴᠢ ᠬᠠᠰᠠᠩ ᠲᠠᠢ ᠤᠲᠠᠰᠤ ᠪᠠᠷ ᠶᠠᠷᠢᠯᠴᠠᠪᠠ᠃      ᠰᠢ ᠶᠢᠨ ᠫᠢᠩ᠂ ᠳᠤᠮᠳᠠᠳᠤ ᠲᠠᠨᠽᠠᠨᠢᠶ᠎ᠠ ᠶᠢᠨ ᠤᠯᠠᠮᠵᠢᠯᠠᠯᠲᠤ ᠨᠥᠬᠦᠷᠯᠡᠯ ᠢ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠦᠰ ᠪᠡᠶ᠎ᠡ ᠪᠠᠷ ᠢᠶᠠᠨ ᠴᠣᠭᠴᠠᠯᠠᠨ ᠪᠠᠶᠢᠭᠤᠯᠵᠥ᠂ ᠳᠡᠯᠡᠬᠡᠢ ᠶᠢᠨ ᠤᠷᠪᠠᠭᠠᠨ ᠬᠥᠷᠪᠡᠭᠡᠨ ᠲᠠᠢ ᠴᠠᠭ ᠤᠨ ᠪᠠᠶᠢᠳᠠᠯ ᠤᠨ ᠰᠢᠯᠭᠠᠯᠲᠠ ᠶᠢ ᠲᠤᠭᠤᠯᠪᠠ᠃ ᠪᠢ 2013 ᠣᠨ ᠳᠤ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠤ ᠲᠠᠷᠠᠭ᠎ᠠ᠂ ᠠᠶᠢᠯᠴᠢᠯᠠᠯᠲᠠ ᠬᠢᠵᠤ ᠬᠦᠷᠦᠭᠰᠡᠨ ᠠᠩᠬᠠᠳᠠᠭᠴᠢ ᠠᠹᠷᠢᠺᠠ ᠲᠢᠪ ᠤᠨ ᠤᠯᠤᠰ ᠪᠣᠯ ᠲᠠᠨᠽᠠᠨᠢᠶ᠎ᠠ ᠪᠣᠯᠤᠨ᠎ᠠ᠃ ᠲᠡᠷᠡ ᠤᠳᠠᠭ᠎ᠠ ᠶᠢᠨ ᠠᠶᠢᠯᠴᠢᠯᠠᠯᠲᠠ ᠶᠢᠨ ᠬᠤᠭᠤᠴᠠᠭᠠᠨ ᠳᠤ᠂ ᠪᠢ ᠦᠨᠡᠨ ᠪᠣᠳᠠᠲᠠᠢ ᠳᠣᠲᠣᠨᠣᠰᠤᠭ ᠦᠨᠡᠨᠴᠢ ᠬᠡᠬᠦ ᠣᠶᠢᠯᠠᠭᠠᠭᠳᠠᠬᠤᠨ ᠢ ᠠᠩᠬ᠎ᠠ ᠤᠳᠠᠭ᠎ᠠ ᠳᠤᠷᠠᠳᠴᠤ᠂ ᠤᠳᠤ ᠨᠢᠭᠡᠨᠲᠡ ᠳᠤᠮᠳᠠᠳᠤ ᠤᠯᠤᠰ ᠤᠨ ᠬᠥᠭᠵᠢᠵᠦ ᠪᠠᠶᠢᠭ᠎ᠠ ᠤᠯᠤᠰ ᠯᠤᠭ᠎ᠠ ᠪᠦᠯᠬᠦᠮᠳᠡᠨ ᠬᠠᠮᠲᠤᠷᠠᠯᠴᠠᠬᠤ ᠦᠨᠳᠦᠰᠦᠨ ᠲᠦᠷᠦ ᠶᠢᠨ ᠪᠤᠳᠤᠯᠭ᠎ᠠ ᠶᠢᠨ ᠣᠶᠢᠯᠠᠭᠠᠭᠳᠠᠬᠤᠨ ᠪᠣᠯᠵᠠᠢ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠢᠮᠠᠭᠲᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠪᠣᠯᠤᠨ ᠠᠯᠤᠰ ᠬᠡᠳᠤ ᠶᠢᠨ ᠬᠠᠷᠠᠭᠠᠰᠤ ᠠᠴᠠ ᠳᠤᠮᠳᠠᠳᠤ ᠲᠠᠨᠽᠠᠨᠢᠶ᠎ᠠ ᠶᠢᠨ ᠬᠠᠷᠢᠯᠴᠠᠭ᠎ᠠ ᠳᠤ ᠬᠠᠨᠳᠤᠬᠤ ᠪᠠ ᠬᠦᠭᠵᠢᠬᠦᠯᠵᠥ᠂ ᠲᠠᠨᠽᠠᠨᠢᠶ᠎ᠠ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠳᠡᠮᠵᠢᠨ᠎ᠠ᠃ ᠳᠤᠮᠳᠠᠳᠤ ᠤᠯᠤᠰ ᠳᠤᠷᠠᠲᠠᠶ᠎ᠠ ᠲᠠᠨᠽᠠᠨᠢᠶ᠎ᠠ ᠯᠤᠭ᠎ᠠ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠬᠠᠷᠢᠯᠴᠠᠨ ᠳᠡᠮᠵᠢᠬᠦ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠵᠦᠢ ᠶᠣᠰᠣᠨ ᠤ ᠡᠷᠬᠡ ᠠᠰᠢᠭ ᠢ ᠬᠠᠮᠲᠤ ᠪᠠᠷ ᠬᠠᠮᠠᠭᠠᠯᠠᠵᠤ᠂ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃ ᠣᠳᠣᠬᠠᠨ ᠳᠤ᠂ ᠳᠤᠮᠳᠠᠳᠤ ᠲᠠᠨᠽᠠᠨᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠳᠤ ᠲᠡᠦᠬᠡᠲᠦ ᠴᠢᠨᠠᠷᠲᠠᠢ ᠠᠵᠠ ᠲᠣᠬᠢᠶᠠᠯ ᠲᠤᠯᠭᠠᠷᠠᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠲᠠᠨᠽᠠᠨᠢᠶ᠎ᠠ ᠯᠤᠭ᠎ᠠ ᠲᠦᠷᠦ ᠶᠢᠨ ᠨᠠᠮ ᠤᠨ ᠰᠣᠯᠢᠯᠴᠠᠭ᠎ᠠ ᠬᠠᠮᠲᠤᠷᠠᠯᠴᠠᠭ᠎ᠠ ᠪᠣᠯᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠶᠢ ᠲᠠᠨᠽᠠᠨᠢᠶ᠎ᠠ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠲᠠᠢ ᠵᠣᠯᠭᠠᠯᠴᠠᠭᠤᠯᠵᠤ᠂ ᠬᠥᠳᠡᠭᠡ ᠠᠵᠤ ᠠᠬᠤᠢ᠂ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ᠂ ᠵᠢᠭᠤᠯᠴᠢᠯᠠᠯ᠂ ᠡᠨᠧᠷᠭᠢ ᠵᠡᠷᠭᠡ ᠬᠦᠷᠢᠶ᠎ᠠ ᠴᠠᠷᠠᠭᠠᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠲᠠᠨᠽᠠᠨᠢᠶ᠎ᠠ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ ᠳᠡᠮᠵᠢᠵᠦ᠂ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠲᠠᠨᠽᠠᠨᠢᠶ᠎ᠠ ᠶᠢᠨ ᠪᠦᠬᠦ ᠲᠠᠯ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠠᠭᠤᠯᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ ᠭᠡᠵᠦ ᠴᠢᠬᠤᠯᠠᠴᠢᠯᠠᠬᠰᠠᠠ ᠪᠠᠶᠢᠨ᠎ᠠ᠃      ᠬᠠᠰᠠᠩ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠥᠨᠢ ᠤᠳᠠᠭᠠᠨ ᠭᠡᠷᠡᠯ ᠰᠠᠴᠤᠷᠠᠩᠭᠤᠶ ᠲᠡᠦᠬᠡ ᠲᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠠᠷᠠᠳ ᠲᠦᠮᠡᠨ ᠦᠨᠳᠦᠰᠦᠲᠡᠨ ᠤ ᠲᠤᠰᠠᠭᠠᠷ ᠲᠣᠭᠲᠠᠨᠢᠯ ᠪᠠ ᠴᠢᠯᠥᠭᠡᠯᠡᠯᠲᠡ ᠪᠠᠨ ᠣᠯᠤᠭᠰᠠᠨ ᠪᠥᠭᠡᠳ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠲᠠ ᠶᠢᠨ ᠵᠠᠮ ᠳᠡᠭᠡᠷ᠎ᠡ ᠤᠳᠠᠭ᠎ᠠ ᠳᠠᠷᠠᠭᠠᠯᠠᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠠᠷᠠᠳ ᠲᠦᠮᠡᠨ ᠯᠠᠪᠲᠠᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠪᠠᠨ ᠲᠡᠷᠭᠡᠯᠰᠢᠭᠦᠯᠵᠥ ᠴᠢᠳᠠᠬᠤ ᠶᠢ ᠪᠢ ᠪᠠᠲᠤ ᠢᠲᠡᠭᠡᠵᠦ ᠪᠠᠶᠢᠨ᠎ᠠ᠃ ᠲᠠᠨᠽᠠᠨᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠤᠯᠠᠮᠵᠢᠯᠠᠯᠲᠤ ᠨᠥᠬᠦᠷᠯᠡᠯ ᠢᠶᠠᠨ ᠨᠠᠨᠳᠢᠩᠨᠠᠨ᠎ᠠ᠂ ᠳᠤᠮᠳᠠᠳᠤ ᠶᠢᠨ ᠲᠠᠯ᠎ᠠ ᠶᠢᠨ ᠤᠷᠳᠤ ᠬᠤᠭᠤᠴᠠᠭᠠᠨ ᠤ ᠲᠤᠷᠰᠢ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠨ᠎ᠠ᠂ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠪᠠ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠪᠠᠷ ᠲᠤᠯᠢ ᠪᠣᠯᠭᠠᠵᠤ᠂ ᠠᠷᠠᠯᠵᠢᠶ᠎ᠠ᠂ ᠰᠠᠭᠤᠷᠢ ᠲᠥᠬᠦᠭᠡᠷᠦᠮᠵᠢ᠂ ᠬᠦᠮᠦᠨ ᠨᠡᠶᠢᠬᠡᠮ ᠵᠡᠷᠭᠡ ᠡᠯ᠎ᠡ ᠬᠦᠷᠢᠶ᠎ᠠ ᠴᠠᠷᠠᠭᠠᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠲᠠᠨᠽᠠᠨᠢᠶ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠶᠢᠨ ᠲᠠᠯ᠎ᠠ ᠶᠢᠨ ᠲᠠᠶᠢᠸᠠᠨ ᠲᠠᠢ ᠬᠤᠯᠪᠣᠭᠳᠠᠭᠰᠠᠨ᠂ ᠰᠢᠶᠠᠩᠭᠠᠩ ᠲᠠᠢ ᠬᠤᠯᠪᠣᠭᠳᠠᠭᠰᠠᠨ᠂ ᠰᠢᠨᠵᠢᠶᠠᠩ ᠲᠠᠢ ᠬᠤᠯᠪᠣᠭᠳᠠᠭᠰᠠᠨ ᠵᠡᠷᠭᠡ ᠭᠤᠣᠯᠯᠠᠬᠤ ᠠᠰᠢᠭ ᠲᠤᠰᠠ ᠶᠢᠨ ᠠᠰᠠᠭᠤᠳᠠᠯ ᠲᠡᠭᠡᠷᠡᠬᠢ ᠵᠣᠭᠰᠣᠯᠲᠠ ᠶᠢ ᠲᠡᠮᠵᠢᠵᠤ᠂ ᠳᠤᠷᠠᠲᠠᠶ᠎ᠠ ᠳᠤᠮᠳᠠᠳᠤ ᠶᠢᠨ ᠲᠠᠯ᠎ᠠ ᠯᠤᠭ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠶᠢᠨ ᠰᠢᠨ᠎ᠡ ᠬᠥᠭᠵᠢᠯᠲᠡ ᠲᠠᠢ ᠪᠣᠯᠬᠤ ᠶᠢ ᠠᠬᠢᠭᠤᠯᠤᠨ᠎ᠠ ᠬᠡᠵᠥ ᠢᠯᠡᠳᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号