ᠯᠢ ᠺᠧ ᠴᠢᠶᠠᠩ ᠰᠢᠨ᠎ᠡ ᠪᠠᠷ ᠲᠤᠰᠢᠶᠠᠯ ᠳᠤ ᠭᠠᠷᠤᠭᠰᠠᠨ ᠢᠰᠷᠧᠯ ᠤᠨ ᠶᠡᠷᠦᠩᠬᠡᠢ ᠰᠠᠶᠢᠳ ᠪᠧᠨ᠋ᠸᠢᠢᠲᠧ ᠳᠤ ᠪᠠᠶᠠᠷ ᠤᠨ ᠴᠠᠬᠢᠯᠭᠠᠨ ᠶᠠᠪᠤᠭᠤᠯᠪᠠ
ᠨᠡᠶᠢᠲᠡᠯᠡᠭᠰᠡᠨ ᠴᠠᠭ᠄
2021/6/24
    ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 6 ᠳ᠋ᠤᠭᠠᠷ ᠰᠠᠷ᠎ᠠ ᠶᠢᠨ 21 ᠤ ᠡᠳᠦᠷ ᠨᠠᠹᠲ᠋ᠠᠯᠢ· ᠪᠧᠨ᠋ᠸᠢᠢᠲᠧ ᠲᠤ ᠴᠠᠬᠢᠯᠭᠠᠨ ᠮᠡᠳᠡᠭᠡ ᠢᠯᠡᠭᠡᠵᠦ᠂ ᠲᠡᠭᠦᠨ ᠤ ᠢᠰᠷᠧᠯ ᠤᠯᠤᠰ ᠤᠨ ᠶᠡᠷᠦᠩᠬᠡᠶ ᠰᠠᠶᠢᠳ ᠤᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃      ᠯᠢ ᠺᠧ ᠴᠢᠶᠠᠩ ᠪᠠᠶᠠᠷ ᠤᠨ ᠴᠠᠬᠢᠯᠭᠠᠨ ᠳᠤ ᠪᠠᠨ᠂ ᠤᠢᠢᠷ᠎ᠠ ᠶᠢᠨ ᠵᠢᠯ ᠤᠳ ᠠᠴᠠ ᠨᠠᠭᠠᠰᠢ᠂ ᠳᠤᠮᠳᠠᠳᠤ ᠢᠰᠷᠧᠯ ᠤᠨ ᠬᠠᠷᠢᠯᠴᠠᠭ᠎ᠠ ᠲᠣᠭᠲᠠᠭᠤᠨ ᠢᠶᠠᠷ ᠬᠥᠭᠵᠢᠵᠦ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠲᠠᠰᠤᠷᠠᠯᠳᠡ ᠦᠭᠡᠢ ᠠᠬᠢᠪᠠ᠃ ᠳᠤᠮᠳᠠᠳᠤ ᠤᠯᠤᠰ ᠤᠨ ᠵᠠᠰᠠᠭ ᠤᠨ ᠣᠷᠳᠣᠨ ᠢᠰᠷᠧᠯ ᠯᠦᠭᠡ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠢᠰᠷᠧᠯ ᠤᠨ ᠲᠠᠯ᠎ᠠ ᠶᠢᠨ ᠬᠢᠨ ᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠯ᠎ᠡ ᠲᠡᠰ ᠳᠠᠪᠬᠤᠷᠭ᠎ᠠ ᠶᠢᠨ ᠨᠥᠬᠦᠷᠰᠡᠭ ᠶᠠᠪᠤᠯᠴᠠᠭ᠎ᠠ ᠪᠠᠨ ᠥᠷᠭᠡᠳᠬᠡᠵᠦ᠂ ᠳᠤᠮᠳᠠᠳᠤ ᠢᠰᠷᠧᠯ ᠤᠨ ᠰᠢᠨ᠎ᠡ ᠶᠢ ᠡᠭᠦᠳᠬᠦ ᠪᠦᠬᠦ ᠲᠠᠯ᠎ᠠ ᠶᠢᠨ ᠬᠠᠨᠢᠲᠠᠨ ᠤ ᠬᠠᠷᠢᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠣᠯᠬᠤ ᠶᠢ ᠠᠬᠢᠭᠤᠯᠤᠨ᠎ᠠ ᠭᠡᠵᠦ ᠢᠯᠡᠳᠬᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号