ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠷᠠᠭᠤᠨ ᠣᠷᠣᠨ ᠢ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/24
     ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠷᠠᠭᠤᠨ ᠣᠷᠣᠨ ᠢ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠭᠡᠷᠡᠴᠢᠯᠡᠯᠲᠡ ᠨᠡᠭᠡᠭᠡᠯᠲᠡ ᠪᠠ ᠰᠢᠨ᠎ᠡ ᠶᠢ ᠡᠭᠦᠳᠬᠦ ᠬᠥᠭᠵᠢᠯᠲᠡ ᠳᠤ ᠲᠦᠰᠢᠭᠯᠡᠨ ᠪᠠᠷᠠᠭᠤᠨ ᠣᠷᠣᠨ ᠤ ᠶᠡᠭᠡ ᠨᠡᠭᠡᠭᠡᠨ ᠬᠥᠭᠵᠢᠭᠦᠯᠦᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ   ᠬᠠᠨ ᠵᠧᠩ ᠬᠤᠷᠠᠯ ᠳᠤ ᠣᠷᠣᠯᠴᠠᠪᠠ       6 ᠳ᠋ᠤᠭᠠᠷ ᠰᠠᠷ᠎ᠠ ᠶᠢᠨ 21 ᠤ ᠡᠳᠦᠷ᠂ ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠷᠠᠭᠤᠨ ᠣᠷᠣᠨ ᠢ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠷᠠᠭᠤᠨ ᠣᠷᠣᠨ ᠢ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠣᠳᠣᠬᠢ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠠᠷᠠᠭᠤᠨ ᠣᠷᠣᠨ ᠤ ᠨᠡᠭᠡᠭᠡᠨ ᠬᠥᠭᠵᠢᠭᠦᠯᠦᠯᠲᠡ ᠶᠢᠨ ᠠᠵᠢᠯ ᠵᠡᠷᠭᠡ ᠶᠢ ᠪᠠᠶᠢᠷᠢᠯᠠᠭᠤᠯᠪᠠ᠃      ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠷᠠᠭᠤᠨ ᠣᠷᠣᠨ ᠢ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠬᠠᠨ ᠵᠧᠩ ᠬᠤᠷᠠᠯ ᠳᠤ ᠣᠷᠣᠯᠴᠠᠪᠠ᠃
     ᠬᠤᠷᠠᠯ ᠠᠴᠠ ᠡᠨᠡ ᠵᠢᠯ ᠤᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠠᠵᠢᠯ ᠢ ᠰᠤᠳᠤᠯᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠬᠡᠷᠡᠭᠵᠢᠭᠦᠯᠬᠦ ᠲᠥᠰᠦᠯ ᠢ ᠶᠠᠷᠢᠯᠴᠠᠨ ᠪᠠᠲᠤᠯᠠᠪᠠ᠃ ᠯᠢ ᠺᠧ ᠴᠢᠶᠠᠩ ᠬᠡᠯᠡᠬᠦ ᠳᠤ ᠪᠠᠨ ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠨᠢ ᠮᠠᠨ ᠤ ᠤᠯᠤᠰ ᠤᠨ ᠥᠭᠡᠷᠡᠴᠢᠯᠡᠯᠲᠡ ᠨᠡᠬᠡᠬᠡᠯᠳᠡ ᠪᠣᠯᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠦᠬᠦ ᠲᠠᠯ᠎ᠠ ᠳᠤ ᠬᠤᠯᠪᠣᠭᠳᠠᠨ᠎ᠠ᠃ ᠤᠢᠢᠷ᠎ᠠ ᠶᠢᠨ ᠵᠢᠯ ᠤᠳ ᠲᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠢᠯᠠᠩᠭᠤᠶ᠎ᠠ ᠪᠠᠷᠠᠭᠤᠨ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠤ ᠡᠷᠡᠯᠬᠡᠭᠯᠡᠨ ᠲᠡᠮᠡᠴᠡᠬᠦ ᠪᠠᠷ ᠳᠠᠮᠵᠢᠭᠠᠳ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠠᠵᠢᠯ ᠴᠢᠬᠤᠯᠠ ᠶᠡᠭᠡ ᠲᠡᠦᠬᠡᠲᠦ ᠴᠢᠨᠠᠷᠲᠠᠶ ᠠᠮᠵᠢᠯᠲᠠ ᠣᠯᠤᠭᠰᠠᠨ ᠪᠣᠯᠪᠠᠴᠤ ᠪᠠᠷᠠᠭᠤᠨ ᠣᠷᠣᠨ ᠤ ᠬᠥᠭᠵᠢᠯᠲᠡ ᠶᠢᠨ ᠲᠡᠩᠴᠡᠭᠦᠷᠢ ᠦᠭᠡᠢ ᠪᠠ ᠭᠦᠢᠴᠡᠳ ᠦᠭᠡᠢ ᠪᠠᠶᠢᠬᠤ ᠠᠰᠠᠭᠤᠳᠠᠯ ᠪᠠᠰᠠ ᠴᠦ ᠨᠡᠯᠢᠶᠡᠳ ᠲᠤᠪᠤᠶᠢᠮ᠎ᠠ ᠪᠠᠶᠢᠨ᠎ᠠ᠃ ᠪᠠᠷᠠᠭᠤᠨ ᠣᠷᠣᠨ ᠤ ᠬᠥᠭᠵᠢᠯᠲᠡ ᠶᠢᠨ ᠵᠥᠷᠢᠶ᠎ᠡ ᠶᠢ ᠲᠠᠨᠢᠬᠤ ᠮᠥᠷᠲᠡᠭᠡᠨ ᠲᠡᠭᠦᠨ ᠳᠤ ᠠᠭᠤᠯᠤᠭᠳᠠᠵᠤ ᠪᠠᠶᠢᠭ᠎ᠠ ᠯᠤᠲᠤ ᠶᠡᠭᠡ ᠲᠠᠯᠳᠠ ᠬᠦᠴᠦᠨ ᠢ ᠣᠯᠵᠤ ᠮᠡᠳᠡᠬᠦ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷᠯᠢᠭ ᠬᠥᠭᠵᠢᠯᠲᠡ ᠶᠢ ᠠᠬᠢᠭᠤᠯᠬᠤ ᠱᠠᠭᠠᠷᠳᠠᠯᠭ᠎ᠠ ᠶᠣᠰᠣᠭᠠᠷ᠂ ᠨᠡᠩ ᠶᠡᠭᠡ ᠡᠷᠴᠢᠮ ᠢᠶᠠᠷ ᠥᠭᠡᠷᠡᠴᠢᠯᠡᠯᠲᠡ ᠨᠡᠭᠡᠭᠡᠯᠳᠡ ᠶᠢ ᠠᠬᠢᠭᠤᠯᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠮᠵᠢᠲᠡᠢ ᠬᠠᠮᠠᠭᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠳᠠ ᠦᠭᠡᠢ ᠨᠡᠮᠡᠭᠳᠡᠭᠦᠯᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠪᠠᠶᠢᠳᠠᠯ ᠢ ᠡᠭᠦᠳᠴᠦ᠂ ᠤᠯᠤᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠰᠢᠨ᠎ᠡ ᠣᠷᠣᠨ ᠵᠠᠢ ᠶᠢ ᠥᠷᠭᠡᠳᠬᠡᠬᠦ ᠬᠡᠷᠡᠭᠲᠡᠢ ᠭᠡᠵᠡᠢ᠃
     ᠯᠢ ᠺᠧ ᠴᠢᠶᠠᠩ ᠵᠢᠭᠠᠬᠤ ᠳᠤ ᠪᠠᠨ᠂ ᠪᠠᠷᠠᠭᠤᠨ ᠣᠷᠣᠨ ᠤ ᠶᠡᠭᠡ  ᠨᠡᠭᠡᠭᠡᠨ ᠬᠥᠭᠵᠢᠭᠦᠯᠦᠯᠲᠡ ᠶᠢ ᠭᠦᠨᠵᠡᠭᠡᠢ ᠠᠬᠢᠭᠤᠯᠬᠤ ᠳᠤ ᠥᠭᠡᠷᠡᠴᠢᠯᠡᠯᠲᠡ ᠨᠡᠬᠡᠬᠡᠯᠳᠡ ᠶᠢᠨ ᠶᠡᠭᠡ ᠶᠠᠪᠤᠳᠠᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠵᠠᠬ᠎ᠠ ᠳᠡᠯᠭᠡᠭᠦᠷ ᠤᠨ ᠭᠤᠣᠯ ᠴᠣᠭᠴᠠ ᠪᠣᠯ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠢᠴᠢᠯ ᠰᠠᠭᠤᠷᠢ ᠮᠥᠨ᠂ ᠤᠯᠤᠰ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠡᠷᠭᠡ ᠲᠦᠷᠦ ᠶᠢᠨ ᠪᠤᠳᠤᠯᠭ᠎ᠠ ᠨᠢ ᠴᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠳᠤ ᠰᠢᠭᠤᠳ ᠬᠠᠨᠳᠤᠭᠤᠯᠵᠤ᠂ ᠪᠠᠷᠠᠭᠤᠨ ᠣᠷᠣᠨ ᠤ ᠬᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠬᠤ᠂ ᠠᠵᠤ ᠠᠬᠤᠶ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠬᠦ ᠵᠡᠷᠭᠡ ᠲᠠᠯ᠎ᠠ ᠳᠤ ᠲᠤᠯᠭᠠᠮᠳᠠᠭᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠨᠠᠩ ᠰᠢᠯᠢᠳᠡᠭ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠣᠶ ᠪᠣᠯᠭᠠᠵᠤ᠂ ᠠᠳᠠᠯ ᠦᠢᠯᠡᠰ ᠴᠣᠭᠴᠠᠯᠠᠬᠤ ᠳᠤ ᠲᠥᠬᠦᠮ ᠦᠵᠡᠭᠦᠯᠬᠦ᠂ ᠡᠷᠬᠡ ᠲᠡᠭᠰᠢ ᠪᠠᠷ ᠥᠷᠢᠰᠥᠯᠳᠦᠬᠦ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠨᠠᠩ ᠶᠡᠭᠡ ᠬᠦᠴᠦ ᠵᠠᠷᠤᠴᠠᠭᠤᠯᠵᠤ᠂ ᠠᠷᠠᠯᠵᠢᠶ᠎ᠠ᠂ ᠠᠵᠢᠯᠯᠠᠭᠠᠨ ᠪᠠ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ᠂ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠭᠦᠨᠵᠡᠭᠡᠶ ᠠᠬᠢᠭᠤᠯᠵᠤ᠂ ᠨᠡᠶᠢᠭᠡᠮ ᠤᠨ ᠪᠦᠲᠦᠭᠡᠯᠴᠢ ᠬᠦᠴᠦᠨ ᠢ ᠬᠥᠭᠵᠢᠭᠡᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠣᠷᠣᠬᠤ ᠡᠷᠴᠢ ᠵᠣᠷᠢᠭ ᠢ ᠴᠢᠩᠭᠠᠷᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠭᠠᠵᠠᠷ ᠪᠣᠯᠭᠠᠨ ᠳᠤ ᠬᠠᠷᠠᠭᠳᠠᠵᠤ᠂ ᠲᠣᠮᠣ ᠠᠵᠤ ᠠᠬᠤᠶᠢᠯᠠᠯ ᠲᠦᠰᠢᠭ ᠲᠤᠯᠭᠠᠭᠤᠷᠢᠯᠠᠯ ᠪᠣᠯᠣᠭᠰᠠᠨ ᠬᠥᠭᠵᠢᠯᠲᠡ ᠶᠢᠨ ᠪᠠᠶᠢᠳᠠᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠢ᠃ ᠤᠯᠤᠰ ᠤᠨ ᠨᠡᠭᠡᠭᠡᠯᠳᠡ ᠬᠢᠬᠦ ᠪᠠᠶᠢᠯᠳᠤᠬᠤ ᠪᠤᠳᠤᠯᠭ᠎ᠠ ᠲᠠᠢ ᠵᠣᠯᠭᠠᠭᠤᠯᠵᠤ᠂ ᠳᠣᠲᠣᠭᠠᠳᠤ ᠪᠠ ᠭᠠᠳᠠᠭᠠᠳᠤ ᠶᠢᠨ ᠨᠡᠭᠡᠭᠡᠯᠳᠡ ᠶᠢ ᠥᠷᠭᠡᠳᠬᠡᠵᠦ᠂ ᠨᠡᠩ ᠪᠦᠲᠦᠮᠵᠢᠲᠡᠶ ᠪᠠᠷ ᠪᠡᠯᠡ ᠮᠥᠩᠭᠦ᠂ ᠤᠶᠤᠨ ᠤᠬᠠᠭᠠᠨ ᠪᠠ ᠲᠧᠭᠨᠢᠭ ᠮᠡᠷᠭᠡᠵᠢᠯ ᠢ ᠣᠷᠣᠭᠤᠯᠤᠨ ᠠᠪᠴᠢᠷᠠᠵᠤ᠂ ᠬᠥᠭᠵᠢᠯᠲᠡ ᠶᠢᠨ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠡᠢ᠃      ᠯᠢ ᠺᠧ ᠴᠢᠶᠠᠩ ᠶᠠᠷᠢᠬᠤ ᠳᠤ ᠪᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠤᠨᠴᠠᠯᠢᠬᠳᠤ ᠠᠵᠤ ᠦᠢᠯᠡᠰ ᠪᠣᠯᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠳᠤᠮᠳᠠ ᠳᠡᠭᠡᠳᠦ ᠲᠡᠰ ᠲᠡᠶᠢᠰᠢ ᠲᠡᠰ ᠳᠡᠪᠰᠢᠬᠦ ᠶᠢ ᠳᠡᠮᠵᠢᠬᠦ ᠬᠡᠷᠡᠭᠲᠡᠢ᠃ ᠪᠠᠷᠠᠭᠤᠨ ᠣᠷᠣᠨ ᠤ ᠰᠠᠯᠬᠢ᠂ ᠭᠡᠷᠡᠯ᠂ ᠤᠰᠤᠨ ᠴᠠᠬᠢᠯᠭᠠᠨ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠮᠡᠷᠭᠡᠵᠢᠯ ᠤᠨ ᠬᠢᠷᠢ ᠲᠦᠪᠰᠢᠨ ᠪᠠ ᠤᠯᠠᠷᠢᠭᠤᠯᠤᠨ ᠬᠤᠪᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠤᠮᠤ ᠬᠡᠯᠪᠡᠷᠢ ᠶᠢᠨ ᠴᠡᠪᠡᠷ ᠡᠨᠧᠷᠭᠢ ᠶᠢᠨ ᠰᠤᠷᠪᠤᠯᠵᠢ ᠶᠢᠨ ᠰᠠᠭᠤᠷᠢᠨ ᠭᠠᠵᠠᠷ ᠢ ᠪᠠᠶᠢᠭᠤᠯᠵᠤ᠂ ᠤᠯᠤᠰ ᠤᠨ ᠡᠨᠧᠷᠭᠢ ᠶᠢᠨ ᠰᠤᠷᠪᠤᠯᠵᠢ ᠪᠠ ᠴᠢᠬᠤᠯᠠ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠪᠠ ᠠᠶᠤᠯᠭᠦᠶ ᠪᠠᠶᠢᠬᠤ ᠶᠢ ᠬᠠᠮᠠᠭᠠᠯᠠᠬᠤ ᠬᠡᠷᠡᠭᠲᠡᠢ᠃ ᠪᠠᠷᠠᠭᠤᠨ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠵᠢᠭᠤᠯᠴᠢᠯᠠᠯ᠂ ᠰᠣᠶᠣᠯ ᠤᠨ ᠠᠵᠤ ᠦᠢᠯᠡᠰ ᠢ ᠢᠳᠡᠪᠬᠢᠲᠡᠶ ᠪᠠᠷ ᠬᠥᠭᠵᠢᠭᠦᠯᠬᠦ ᠬᠡᠷᠡᠭᠲᠡᠢ᠃ ᠭᠤᠣᠯ ᠨᠡᠪᠲᠡᠷᠡᠬᠦ ᠵᠠᠮ᠂ ᠴᠢᠬᠤᠯᠠ ᠬᠦᠢᠰᠦ᠂ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠮᠡᠳᠡᠭᠡ ᠵᠠᠩᠭᠢ ᠵᠡᠷᠭᠡ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠮᠢ ᠠᠬᠤᠶ ᠶᠢᠨ ᠰᠡᠷᠭᠦᠭᠡᠨ ᠬᠠᠮᠠᠭᠠᠯᠠᠯᠲᠠ ᠪᠠ ᠣᠷᠴᠢᠨ ᠠᠬᠤᠶ ᠶᠢᠨ ᠵᠠᠰᠠᠯᠲᠠ ᠶᠢᠨ ᠠᠵᠢᠯ ᠢ ᠴᠢᠩᠭᠠᠳᠬᠠᠵᠤ᠂ ᠪᠣᠬᠢᠷᠲᠤᠯ ᠦᠭᠡᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠡᠢ᠃
     ᠯᠢ ᠺᠧ ᠴᠢᠶᠠᠩ ᠵᠢᠭᠠᠬᠤ ᠳᠤ ᠪᠠᠨ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠠᠪᠰᠤᠷᠤᠨ ᠲᠡᠳᠬᠦᠬᠦ ᠭᠤᠤᠯ ᠪᠣᠯᠬᠤ ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠤ ᠪᠠᠨ ᠲᠣᠭᠲᠠᠭᠤᠨ ᠪᠠᠶᠢᠬᠤ ᠶᠢ ᠪᠠᠲᠤᠯᠠᠵᠤ᠂ ᠬᠥᠳᠡᠭᠡ ᠲᠣᠰᠬᠤᠨ ᠤ ᠬᠥᠭᠵᠢᠯᠲᠡ ᠮᠠᠨᠳᠤᠯᠲᠠ ᠶᠢ ᠠᠬᠢᠭᠤᠯᠬᠤ ᠬᠡᠷᠡᠭᠲᠡᠢ᠃ ᠭᠠᠳᠠᠭᠰᠢ ᠭᠠᠷᠴᠤ ᠬᠦᠴᠦᠨ ᠤ ᠠᠵᠢᠯ ᠬᠢᠬᠦ ᠪᠠ ᠲᠤᠰ ᠭᠠᠵᠠᠷ ᠲᠤ ᠪᠠᠨ ᠠᠵᠢᠯ ᠣᠯᠬᠤ ᠶᠢ ᠤᠯᠠᠨ ᠠᠷᠭ᠎ᠠ ᠵᠠᠮ ᠢᠶᠠᠷ ᠠᠬᠢᠭᠤᠯᠬᠤ ᠬᠡᠷᠡᠭᠲᠡᠢ᠃ ᠴᠢᠳᠠᠯ ᠤᠨ ᠴᠢᠨᠡᠭᠡ ᠪᠠᠷ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠯᠬᠤᠮ ᠠᠯᠬᠤᠮ ᠢᠶᠠᠷ ᠠᠳᠠᠯᠢ ᠲᠡᠭᠰᠢ ᠬᠦᠷᠲᠡᠭᠡᠬᠦ ᠶᠢ ᠠᠬᠢᠭᠤᠯᠵᠤ᠂ ᠢᠯᠠᠩᠭᠤᠶ᠎ᠠ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ᠂ ᠦᠨᠳᠦᠰᠦᠨ ᠣᠷᠣᠨ ᠰᠠᠭᠤᠴᠠ ᠵᠡᠷᠭᠡ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠨᠤᠭᠤᠳ ᠤᠨ ᠪᠠᠷᠠᠭᠤᠨ ᠣᠷᠣᠨ ᠠᠴᠠ ᠰᠤᠷᠤᠭᠴᠢ ᠡᠯᠰᠡᠬᠦ ᠬᠡᠪᠴᠢᠶ᠎ᠡ ᠶᠢ ᠦᠷᠭᠦᠯᠵᠢᠯᠡᠨ ᠥᠷᠭᠡᠳᠬᠡᠬᠦ ᠬᠡᠷᠡᠭᠲᠡᠢ ᠭᠡᠵᠡᠢ᠃ ᠲᠡᠷᠡ ᠪᠠᠰᠠ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠳᠤ ᠦᠵᠡᠭᠦᠯᠬᠦ ᠡᠳ᠋ ᠤᠨ ᠵᠠᠰᠠᠭ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ ᠵᠡᠷᠭᠡ ᠶᠢᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠᠨ ᠴᠢᠩᠭᠠᠳᠬᠠᠵᠤ᠂ ᠠᠵᠢᠯ ᠲᠦᠷᠦᠯ ᠤᠨ ᠰᠢᠰᠲ᠋ᠧᠮ ᠢᠶᠠᠷ ᠳᠡᠮᠵᠢᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠡᠶᠢᠭᠡᠮ ᠤᠨ ᠬᠦᠴᠦᠨ ᠤ ᠢᠳᠡᠪᠬᠢᠵᠢᠯ ᠢ ᠳᠠᠶᠢᠴᠢᠯᠠᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠨᠡᠩ ᠶᠡᠭᠡ ᠬᠠᠮᠲᠤᠷᠠᠭᠰᠠᠨ ᠬᠦᠴᠦᠨ ᠢ ᠬᠤᠷᠠᠮᠳᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠦᠨ ᠴᠦᠨ ᠯᠠᠨ᠂ ᠬᠤ᠋ ᠴᠦᠨ ᠬᠤᠸᠠ᠂ ᠸᠠᠩ ᠶᠦᠩ᠂ ᠰᠢᠶᠤᠤ ᠵᠢᠶᠧ᠂ ᠡᡁᠧ ᠯᠢ ᠹᠧᠩ ᠨᠠᠷ ᠬᠤᠷᠠᠯ ᠳᠤ ᠣᠷᠣᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号