ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ 5 ᠰᠠᠷ᠎ᠠ ᠶᠢᠨ 31 ᠤ ᠦᠳᠡ ᠶᠢᠨ | ᠬᠤᠶᠢᠨ᠎ᠠ ᠮᠠᠨ ᠤ ᠤᠯᠤᠰ ᠤᠨ ᠤᠯᠠᠨ ᠤᠯᠤᠰ ᠤᠨ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠬᠤ ᠶᠢᠨ ᠲᠤᠭᠤᠷᠢᠨ ᠳᠤ ᠭᠤᠴᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ | ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠳᠤᠮᠳᠠᠳᠤ ᠤᠯᠤᠰ ᠤᠨ | ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠳᠠᠭᠤᠨ ᠢ ᠰᠠᠶᠢᠲᠤᠷ ᠳᠠᠮᠵᠢᠭᠤᠯᠵᠤ᠂ ᠳᠤᠮᠳᠠᠳᠤ ᠤᠯᠤᠰ ᠢ | ᠦᠨᠡᠨ ᠪᠣᠳᠠᠲᠠᠢ᠂ ᠪᠣᠰᠤᠭ᠎ᠠ ᠴᠣᠭᠴᠠ ᠪᠠᠷ᠂ ᠪᠦᠬᠦ ᠲᠠᠯ᠎ᠠ ᠪᠠᠷ ᠳᠡᠯᠭᠡᠨ ᠦᠵᠡᠬᠦᠯᠬᠦ ᠪᠣᠯ ᠮᠠᠨ ᠤ ᠤᠯᠤᠰ ᠤᠨ | ᠤᠯᠠᠨ ᠤᠯᠤᠰ ᠤᠨ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠡᠭᠦᠷᠭᠡ | ᠪᠣᠯᠤᠨ᠎ᠠ᠃ ᠰᠢᠨ᠎ᠡ ᠪᠠᠶᠢᠳᠠᠯ ᠳᠣᠣᠷ᠎ᠠ ᠤᠯᠠᠨ ᠤᠯᠤᠰ ᠤᠨ ᠳᠠᠮᠵᠢᠭᠤᠯᠭ᠎ᠠ ᠶᠢᠨ ᠠᠵᠢᠯ ᠢ ᠴᠢᠩᠭᠠᠳᠬᠠᠨ | ᠰᠠᠶᠢᠵᠢᠷᠠᠭᠤᠯᠬᠤ ᠶᠢᠨ ᠴᠢᠬᠤᠯᠠ ᠴᠢᠨᠠᠷ ᠪᠣᠯᠤᠨ ᠵᠠᠶᠢᠯᠠᠰᠢ ᠦᠭᠡᠢ ᠴᠢᠨᠠᠷ ᠢ ᠭᠦᠨᠵᠡᠭᠡᠢ ᠲᠠᠨᠢᠵᠤ᠂ ᠤᠯᠠᠨ | ᠤᠯᠤᠰ ᠤᠨ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠶᠡᠭᠡ ᠬᠦᠴᠦ ᠣᠷᠣᠭᠤᠯᠤᠨ ᠴᠢᠩᠭᠠᠳᠬᠠᠵᠤ᠂ | ᠮᠠᠨ ᠤ ᠤᠯᠤᠰ ᠤᠨ ᠤᠯᠤᠰ ᠤᠨ ᠶᠡᠷᠦᠩᠬᠡᠢ ᠬᠦᠴᠦᠨ ᠪᠣᠯᠤᠨ ᠳᠡᠯᠡᠬᠡᠢ ᠶᠢᠨ ᠪᠠᠶᠢᠷᠢ ᠰᠠᠭᠤᠷᠢ ᠲᠠᠢ ᠵᠣᠬᠢᠴᠠᠭᠰᠠᠨ | ᠤᠯᠠᠨ ᠤᠯᠤᠰ ᠲᠠᠬᠢ ᠦᠭᠡ ᠬᠡᠯᠡᠬᠦ ᠡᠷᠬᠡ ᠶᠢ ᠪᠦᠷᠢᠯᠳᠦᠭᠦᠯᠵᠦ᠂ ᠮᠠᠨ ᠤ ᠤᠯᠤᠰ ᠤᠨ ᠥᠭᠡᠷᠡᠴᠢᠯᠡᠯᠲᠡ ᠬᠥᠭᠵᠢᠯᠲᠡ | ᠲᠣᠭᠲᠠᠭᠤᠨ ᠳᠤ ᠠᠰᠢᠭᠲᠠᠢ ᠭᠠᠳᠠᠭᠠᠳᠤ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠤᠢ ᠪᠣᠯᠭᠠᠵᠤ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ | ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠹᠦᠳᠠᠨ ᠶᠡᠭᠡ ᠰᠤᠷᠭᠠᠭᠤᠯᠢ ᠶᠢᠨ ᠵᠠᠩ ᠸᠧᠶ ᠸᠧᠶ ᠫᠷᠤᠹᠧᠰᠰᠤᠷ ᠡᠨᠡ ᠠᠰᠠᠭᠤᠳᠠᠯ ᠤᠨ ᠲᠤᠬᠠᠶ ᠲᠠᠶᠢᠯᠤᠮᠵᠢ | ᠬᠢᠵᠦ᠂ ᠠᠵᠢᠯ ᠤᠨ ᠰᠠᠨᠠᠭᠤᠯᠭ᠎ᠠ ᠳᠤᠷᠠᠳᠪᠠ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ | ᠲᠡᠭᠦᠨ ᠤ ᠲᠠᠶᠢᠯᠪᠤᠷᠢᠯᠠᠯᠲᠠ ᠶᠢ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ ᠰᠢ ᠶᠢᠨ ᠫᠢᠩ ᠰᠤᠷᠤᠯᠴᠠᠯᠭ᠎ᠠ ᠶᠢ | ᠡᠷᠬᠢᠯᠡᠬᠦ ᠳᠡᠭᠡᠨ ᠶᠠᠷᠢᠶ᠎ᠠ ᠲᠠᠯᠪᠢᠪᠠ᠃ ᠲᠡᠷᠡ᠂ ᠮᠠᠨ ᠤ ᠨᠠᠮ ᠭᠠᠳᠠᠭᠠᠳᠤ ᠳᠤ ᠳᠠᠮᠵᠢᠭᠤᠯᠬᠤ ᠠᠵᠢᠯ ᠢ ᠶᠡᠷᠦ ᠠᠴᠠ | ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ | ᠂ ᠪᠢᠳᠡ ᠤᠯᠠᠨ ᠤᠯᠤᠰ ᠤᠨ ᠳᠠᠮᠵᠢᠭᠤᠯᠭ᠎ᠠ ᠶᠢᠨ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠶᠡᠭᠡ ᠪᠠᠷ | ᠠᠬᠢᠭᠤᠯᠵᠤ᠂ ᠳᠣᠲᠣᠭᠠᠳᠤ ᠤᠬᠠᠭᠤᠯᠭ᠎ᠠ ᠭᠠᠳᠠᠭᠠᠳᠤ ᠤᠬᠠᠭᠤᠯᠭ᠎ᠠ ᠶᠢᠨ ᠪᠠᠶᠢᠭᠤᠯᠤᠮᠵᠢ ᠶᠢ ᠰᠢᠯᠤᠭᠤᠳᠬᠠᠵᠤ᠂ | ᠤᠯᠠᠨ ᠤᠯᠤᠰ ᠤᠨ ᠨᠥᠯᠥᠭᠡᠯᠡᠬᠦ ᠬᠦᠴᠦᠨ ᠪᠦᠬᠦᠢ ᠵᠠᠭᠤᠴᠢᠯᠠᠭᠤᠷ ᠤᠨ ᠪᠦᠯᠦᠭᠵᠢᠯ ᠢ ᠴᠣᠭᠴᠠᠯᠠᠨ᠂ ᠳᠤᠮᠳᠠᠳᠤ ᠶᠢᠨ | ᠰᠣᠶᠣᠯ ᠤᠨ ᠭᠠᠳᠠᠭᠰᠢ ᠭᠠᠷᠬᠤ ᠶᠢ ᠢᠳᠡᠪᠬᠢᠲᠡᠢ ᠠᠬᠢᠭᠤᠯᠵᠤ᠂ ᠤᠯᠠᠨ ᠤᠯᠤᠰ ᠤᠨ ᠶᠠᠷᠢᠶ᠎ᠠ ᠬᠡᠯᠡᠯᠴᠡᠭᠡ ᠶᠢ | ᠬᠦᠲᠦᠯᠦᠨ ᠵᠢᠯᠤᠭᠤᠳᠬᠤ ᠪᠠ ᠶᠠᠷᠢᠶ᠎ᠠ ᠬᠡᠯᠡᠯᠴᠡᠭᠡᠨ ᠤ ᠲᠡᠮᠡᠴᠡᠯ ᠢ ᠪᠦᠲᠦᠮᠵᠢᠲᠡᠢ ᠥᠷᠨᠢᠭᠦᠯᠦᠨ᠂ ᠤᠯᠠᠨ ᠭᠤᠣᠯ | ᠴᠣᠭᠴᠠᠳᠦ᠂ ᠪᠣᠰᠤᠭ᠎ᠠ ᠴᠣᠭᠴᠠᠲᠤ ᠮᠠᠶ᠋ᠢᠭ ᠤᠨ ᠭᠠᠳᠠᠭᠠᠳᠤ ᠤᠬᠠᠭᠤᠯᠭ᠎ᠠ ᠶᠢᠨ ᠪᠠᠶᠢᠷᠢᠰᠢᠯ ᠢ ᠠᠩᠬ᠎ᠠ ᠠᠯᠬᠤᠮ | ᠪᠠᠶᠢᠭᠤᠯᠵᠤ᠂ ᠮᠠᠨ ᠤ ᠤᠯᠤᠰ ᠤᠨ ᠤᠯᠠᠨ ᠤᠯᠤᠰ ᠲᠠᠬᠢ ᠦᠭᠡ ᠬᠡᠯᠡᠬᠦ ᠡᠷᠬᠡ ᠪᠣᠯᠤᠨ ᠨᠥᠯᠥᠭᠡᠯᠡᠬᠦ ᠬᠦᠴᠦᠨ | ᠢᠯᠡᠳᠲᠡ ᠳᠡᠭᠡᠭᠰᠢᠯᠡᠭᠰᠡᠨ ᠤ ᠬᠠᠮᠲᠤ ᠪᠠᠰᠠ ᠰᠢᠨ᠎ᠡ ᠪᠠᠶᠢᠳᠠᠯ ᠪᠣᠯᠤᠨ ᠡᠭᠦᠷᠭᠡ ᠲᠤᠯᠭᠠᠷᠠᠵᠤ ᠪᠠᠶᠢᠨ᠎ᠠ᠃ ᠡᠷᠬᠡᠪᠰᠢ | ᠦᠵᠦ ᠲᠥᠯᠥᠪᠯᠡᠭᠡ ᠪᠣᠯᠤᠨ ᠰᠤᠳᠤᠯᠭᠠᠨ ᠤ ᠪᠠᠶᠢᠷᠢᠰᠢᠭᠤᠯᠤᠯᠲᠠ ᠶᠢ ᠴᠢᠩᠭᠠᠳᠬᠠᠵᠤ᠂ ᠢᠯᠡ ᠲᠣᠳᠣ ᠳᠤᠮᠳᠠᠳᠤ | ᠤᠯᠤᠰ ᠤᠨ ᠣᠨᠴᠠᠯᠢᠭ ᠲᠠᠢ ᠪᠠᠶᠢᠯᠳᠤᠬᠤ ᠪᠤᠳᠤᠯᠭ᠎ᠠ ᠶᠢᠨ ᠳᠠᠮᠵᠢᠭᠤᠯᠭ᠎ᠠ ᠶᠢᠨ ᠰᠢᠰᠲ᠋ᠧᠮ ᠢ ᠪᠠᠶᠢᠭᠤᠯᠤᠨ᠂ ᠤᠯᠠᠨ | ᠤᠯᠤᠰ ᠲᠠᠬᠢ ᠳᠠᠮᠵᠢᠭᠤᠯᠭ᠎ᠠ ᠶᠢᠨ ᠨᠥᠯᠥᠭᠡᠯᠡᠬᠦ ᠬᠦᠴᠦᠨ᠂ ᠳᠤᠮᠳᠠᠳᠤ ᠶᠢᠨ ᠰᠣᠶᠣᠯ ᠤᠨ ᠤᠷᠢᠶᠠᠯᠠᠬᠤ ᠬᠦᠴᠦᠨ᠂ | ᠳᠤᠮᠳᠠᠳᠤ ᠤᠯᠤᠰ ᠤᠨ ᠲᠦᠷᠢ ᠲᠥᠷᠬᠦ ᠶᠢᠨ ᠳᠣᠲᠣᠨᠣᠰᠤᠭ ᠬᠦᠴᠦᠨ᠂ ᠳᠤᠮᠳᠠᠳᠤ ᠤᠯᠤᠰ ᠤᠨ ᠦᠭᠡ ᠭᠡᠯᠡᠨ ᠤ | ᠢᠲᠡᠭᠡᠭᠦᠯᠬᠦ ᠬᠦᠴᠦᠨ᠂ ᠤᠯᠠᠨ ᠤᠯᠤᠰ ᠤᠨ ᠶᠠᠷᠢᠶ᠎ᠠ ᠬᠡᠯᠡᠯᠴᠡᠭᠡᠨ ᠤ ᠬᠦᠳᠦᠯᠦᠨ ᠵᠢᠯᠣᠭᠤᠳᠬᠤ ᠬᠦᠴᠦᠨ ᠢ | ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠦᠭᠡ ᠭᠡᠯᠡᠨ ᠤ ᠪᠠ ᠳᠤᠮᠳᠠᠳᠤ ᠤᠯᠤᠰ ᠤᠨ ᠦᠬᠦᠯᠡᠨ | ᠬᠦᠦᠷᠨᠢᠬᠦ ᠰᠢᠰᠲ᠋ᠧᠮ ᠢ ᠲᠦᠷᠭᠡᠨ ᠪᠠᠶᠢᠭᠤᠯᠵᠤ᠂ ᠳᠤᠮᠳᠠᠳᠤ ᠤᠯᠤᠰ ᠤᠨ ᠤᠨᠤᠯ ᠢᠶᠠᠷ ᠳᠤᠮᠳᠠᠳᠤ ᠤᠯᠤᠰ ᠤᠨ | ᠦᠢᠯᠡᠳᠦᠯᠭᠡ ᠶᠢ ᠲᠠᠶᠢᠯᠪᠤᠷᠢᠯᠠᠵᠤ᠂ ᠳᠤᠮᠳᠠᠳᠤ ᠤᠯᠤᠰ ᠤᠨ ᠦᠢᠯᠡᠳᠦᠯᠭᠡ ᠪᠠᠷ ᠳᠤᠮᠳᠠᠳᠤ ᠤᠯᠤᠰ ᠤᠨ ᠤᠨᠤᠯ ᠢ | ᠳᠡᠭᠡᠭᠰᠢᠯᠡᠭᠦᠯᠵᠦ᠂ ᠳᠤᠮᠳᠠᠳᠤ ᠭᠠᠳᠠᠭᠠᠳᠤ ᠶᠢ ᠠᠭᠤᠰᠤᠯᠴᠠᠨ ᠨᠡᠪᠲᠡᠷᠡᠭᠦᠯᠦᠭᠰᠡᠡ ᠰᠢᠨ᠎ᠡ ᠤᠬᠠᠭᠳᠠᠬᠤᠨ᠂ ᠰᠢᠨ᠎ᠡ | ᠠᠢ᠂ ᠰᠢᠨ᠎ᠡ ᠢᠯᠡᠳᠭᠡᠮᠵᠢ ᠶᠢ ᠴᠤᠭᠴᠠᠯᠠᠨ᠂ ᠳᠤᠮᠳᠠᠳᠤ ᠤᠯᠤᠰ ᠤᠨ ᠦᠯᠢᠬᠡᠷ ᠵᠢᠴᠢ ᠲᠡᠭᠦᠨ ᠤ ᠠᠷᠤ ᠳᠠᠬᠢ ᠦᠵᠡᠯ | ᠰᠠᠨᠠᠭᠠᠨ ᠤ ᠬᠦᠴᠦᠨ ᠪᠣᠯᠤᠨ ᠤᠶᠤᠨ ᠰᠠᠨᠠᠭᠠᠨ ᠤ ᠬᠦᠴᠦᠨ ᠢ ᠨᠡᠩ ᠭᠦᠢᠴᠡᠳ᠂ ᠨᠡᠩ ᠢᠯᠡ ᠲᠣᠳᠣ ᠪᠠᠷ | ᠢᠯᠡᠷᠡᠭᠦᠯᠬᠦ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ ᠨᠠᠮ ᠢ ᠤᠬᠠᠭᠤᠯᠤᠨ ᠲᠠᠶᠢᠯᠪᠤᠷᠢᠯᠠᠬᠤ ᠪᠠᠨ | ᠴᠢᠩᠭᠠᠳᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠤᠯ ᠦᠨᠡᠨ ᠬᠦ ᠳᠤᠮᠳᠠᠳᠤ ᠤᠯᠤᠰ ᠤᠨ ᠠᠷᠠᠳ | ᠲᠦᠮᠡᠨ ᠳᠤ ᠵᠣᠯ ᠵᠢᠷᠭᠠᠯ ᠡᠳ᠋ᠯᠡᠭᠦᠯᠬᠦ ᠶᠢᠨ ᠲᠥᠯᠥᠭᠡ ᠲᠡᠮᠡᠴᠡᠵᠦ ᠪᠠᠶᠢᠭ᠎ᠠ ᠭᠡᠳᠡᠭ ᠢ ᠭᠠᠳᠠᠭᠠᠳᠦ ᠶᠢᠨ ᠠᠷᠠᠳ | ᠤᠯᠠᠨ ᠳᠤ ᠲᠠᠨᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠬᠢᠵᠤ ᠲᠡᠶᠢᠯᠬᠦ᠂ ᠮᠠᠷᠺᠰ ᠤᠨ | ᠦᠵᠡᠯ ᠶᠠᠭᠠᠬᠢᠭᠠᠳ ᠪᠣᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ | ᠪᠠᠶᠢᠬᠤ ᠶᠢ ᠤᠢᠢᠯᠠᠭᠠᠭᠤᠯᠬᠤ ᠬᠡᠷᠡᠭᠲᠡᠢ᠃ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ | ᠦᠷᠳᠡᠭ᠂ ᠳᠤᠮᠳᠠᠳᠤ ᠤᠯᠤᠰ ᠤᠨ ᠬᠦᠴᠦᠨ ᠤ ᠲᠣᠭᠤᠷᠢᠨ ᠳᠤ᠂ ᠤᠯᠤᠰ ᠲᠦᠷᠦ᠂ ᠠᠵᠤ ᠠᠬᠤᠢ᠂ ᠰᠣᠶᠣᠯ᠂ | ᠨᠡᠶᠢᠭᠡᠮ᠂ ᠠᠮᠢ ᠠᠬᠤᠢ ᠶᠢᠨ ᠪᠣᠯᠪᠠᠰᠤᠨ ᠵᠡᠷᠭᠡ ᠤᠯᠠᠨ ᠬᠠᠷᠠᠭᠠᠰᠤ ᠠᠴᠠ ᠭᠦᠨᠵᠡᠭᠡᠢ ᠰᠤᠳᠤᠯᠵᠤ᠂ ᠤᠯᠠᠨ | ᠤᠯᠤᠰ ᠤᠨ ᠳᠠᠮᠵᠢᠭᠤᠯᠭ᠎ᠠ ᠶᠢᠨ ᠠᠵᠢᠯ ᠢ ᠥᠷᠨᠢᠭᠦᠯᠬᠦ ᠳᠤ ᠶᠣᠰᠣ ᠵᠦᠢ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠳᠤᠮᠳᠠᠳᠤ ᠶᠢᠨ ᠰᠣᠶᠣᠯ ᠤᠨ ᠭᠠᠳᠠᠭᠰᠢ ᠭᠠᠷᠬᠤ ᠶᠢ ᠨᠡᠩ ᠰᠠᠶᠢᠲᠤᠷ ᠠᠬᠢᠭᠤᠯᠵᠤ᠂ ᠰᠣᠶᠣᠯ ᠢᠶᠠᠷ ᠶᠣᠰᠣ ᠶᠢ | ᠠᠴᠢᠶᠠᠯᠠᠵᠤ᠂ ᠰᠣᠶᠣᠯ ᠢᠶᠠᠷ ᠳᠠᠭᠤᠨ ᠢ ᠳᠠᠮᠵᠢᠭᠤᠯᠵᠤ᠂ ᠰᠣᠶᠣᠯ ᠢᠶᠠᠷ ᠬᠥᠮᠦᠨ ᠢ ᠤᠬᠠᠭᠠᠷᠠᠭᠤᠯᠵᠤ᠂ ᠳᠤᠮᠳᠠᠳᠤ | ᠤᠯᠤᠰ ᠤᠨ ᠣᠨᠴᠠᠯᠢᠭ ᠲᠠᠢ᠂ ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠢᠯᠡᠷᠡᠭᠦᠯᠦᠭᠰᠡᠨ᠂ ᠳᠤᠮᠳᠠᠳᠤ | ᠤᠯᠤᠰ ᠤᠨ ᠤᠶᠤᠨ ᠤᠬᠠᠭᠠᠨ ᠢ ᠠᠭᠤᠯᠤᠭᠰᠠᠨ ᠨᠡᠩ ᠤᠯᠠᠨ ᠰᠢᠯᠢᠳᠡᠭ ᠰᠣᠶᠣᠯ ᠢ ᠳᠡᠯᠡᠬᠡᠢ ᠳ᠋ᠠᠬᠢᠨ ᠳᠤ | ᠲᠠᠶᠢᠯᠪᠤᠷᠢᠯᠠᠨ ᠲᠠᠨᠢᠯᠴᠠᠭᠤᠯᠬᠤ ᠬᠡᠷᠡᠭᠲᠡᠢ᠃ ᠦᠨᠳᠦᠰᠦᠨ ᠬᠦᠭ ᠠᠶᠠᠰ ᠢ ᠰᠠᠶᠢᠲᠤᠷ ᠡᠵᠡᠮᠳᠡᠬᠦ ᠶᠢ ᠴᠢᠬᠤᠯᠠᠴᠢᠯᠠᠵᠤ᠂ | ᠨᠡᠬᠡᠬᠡᠯᠳᠡ ᠲᠠᠢ ᠢᠲᠡᠭᠡᠯ ᠲᠠᠢ ᠪᠠᠶᠢᠬᠤ ᠪᠥᠭᠡᠳ ᠪᠠᠰᠠ ᠳᠠᠷᠤᠤ ᠬᠢᠴᠢᠶᠡᠩᠭᠦᠢ ᠪᠠᠶᠢᠵᠤ᠂ ᠢᠲᠡᠭᠡᠮᠵᠢᠲᠡᠢ᠂ | ᠬᠠᠶᠢᠷᠠᠯᠠᠯᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ ᠤᠨ ᠲᠦᠷᠢ ᠲᠥᠷᠬᠦ ᠶᠢ ᠴᠢᠷᠮᠠᠶᠢᠨ ᠱᠤᠭᠤᠬᠤ ᠬᠡᠷᠡᠭᠲᠡᠢ | ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠵᠣᠷᠢᠯᠲᠠ᠂ ᠳᠤᠮᠳᠠᠳᠤ ᠤᠯᠤᠰ ᠤᠨ ᠤᠶᠤᠨ ᠤᠬᠠᠭᠠᠨ᠂ | ᠳᠤᠮᠳᠠᠳᠤ ᠤᠯᠤᠰ ᠤᠨ ᠲᠥᠰᠦᠯ ᠢ ᠥᠷᠭᠡᠨ ᠢᠶᠠᠷ ᠤᠬᠠᠭᠤᠯᠤᠨ ᠲᠠᠨᠢᠯᠴᠠᠭᠤᠯᠬᠤ ᠭᠡᠷᠡᠭᠲᠡᠢ᠂ ᠮᠠᠨ ᠤ ᠤᠯᠤᠰ ᠡᠳᠦᠷ | ᠢᠷᠡᠬᠦᠶ᠎ᠡ ᠳᠡᠯᠡᠬᠡᠢ ᠶᠢᠨ ᠲᠠᠪᠴᠠᠩ ᠤᠨ ᠲᠥᠪ ᠲᠤ ᠣᠶᠢᠷᠠᠳᠴᠤ ᠪᠠᠶᠢᠨ᠎ᠠ᠂ ᠪᠦᠬᠦ ᠪᠥᠮᠪᠥᠷᠴᠡᠭ ᠤᠨ ᠬᠡᠷᠡᠭ | ᠶᠠᠪᠤᠳᠠᠯ ᠳᠤ ᠨᠡᠩ ᠶᠡᠭᠡ ᠦᠢᠯᠡᠳᠦᠯ ᠦᠵᠡᠭᠦᠯᠦᠨ᠂ ᠡᠯ᠎ᠡ ᠤᠯᠤᠰ ᠲᠠᠢ ᠬᠠᠮᠲᠤ ᠪᠠᠷ ᠪᠦᠬᠦ ᠬᠥᠮᠦᠨ | ᠲᠥᠷᠥᠯᠬᠢᠲᠡᠨ ᠤ ᠠᠰᠠᠭᠤᠳᠠᠯ ᠢ ᠰᠢᠢᠳᠪᠦᠷᠢᠯᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠴᠢᠳᠠᠪᠤᠷᠢ ᠲᠠᠢ | ᠪᠥᠭᠡᠳ ᠬᠠᠷᠢᠭᠤᠴᠠᠯᠭ᠎ᠠ ᠲᠠᠢ᠃ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠶᠡᠭᠡ | ᠲᠤᠭ ᠢ ᠥᠨᠳᠥᠷ ᠮᠠᠨᠳᠤᠭᠤᠯᠵᠤ᠂ ᠮᠠᠨ ᠤ ᠤᠯᠤᠰ ᠤᠨ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠳᠤ ᠲᠦᠰᠢᠭᠯᠡᠨ | ᠂ ᠲᠠᠪᠤᠨ ᠮᠢᠩᠭ᠎ᠠ ᠭᠠᠷᠤᠢ ᠵᠢᠯ ᠤᠨ ᠳᠤᠮᠳᠠᠳᠤ ᠶᠢᠨ ᠪᠣᠯᠪᠠᠰᠤᠨ ᠳᠤ ᠰᠠᠭᠤᠷᠢᠯᠠᠵᠤ᠂ ᠮᠠᠨ ᠤ ᠤᠯᠤᠰ ᠤᠨ | ᠬᠥᠭᠵᠢᠯᠲᠡ ᠶᠢᠨ ᠦᠵᠡᠯᠲᠡ᠂ ᠪᠣᠯᠪᠠᠰᠤᠨ ᠤ ᠦᠵᠡᠯᠲᠡ᠂ ᠠᠮᠤᠷ ᠲᠦᠪᠰᠢᠨ ᠤ ᠦᠵᠡᠯᠲᠡ᠂ ᠬᠥᠮᠦᠨ ᠤ ᠡᠷᠬᠡ ᠶᠢᠨ | ᠦᠵᠡᠯᠲᠡ᠂ ᠠᠮᠢ ᠠᠬᠤᠢ ᠶᠢᠨ ᠦᠵᠡᠯᠲᠡ᠂ ᠤᠯᠠᠨ ᠤᠯᠤᠰ ᠤᠨ ᠡᠮᠬᠢ ᠳᠢᠭᠯᠢᠮ ᠤᠨ ᠦᠵᠡᠯᠲᠡ ᠪᠠ ᠪᠦᠬᠦ | ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ ᠪᠦᠬᠦ ᠲᠠᠯ᠎ᠠ ᠪᠠᠷ ᠲᠣᠳᠣᠷᠬᠠᠶᠢᠯᠠᠨ ᠥᠭᠦᠯᠡᠬᠦ ᠬᠡᠷᠡᠭᠲᠡᠢ᠃ ᠤᠯᠠᠨ | ᠲᠠᠯᠠᠲᠤ ᠦᠵᠡᠯ ᠢ ᠰᠠᠨᠠᠭᠠᠴᠢᠯᠠᠵᠤ᠂ ᠭᠠᠭᠴᠠ ᠲᠠᠯᠠᠲᠤ ᠦᠵᠡᠯ᠂ ᠡᠵᠡᠷᠬᠡᠬᠦ ᠦᠵᠡᠯ ᠢ ᠡᠰᠡᠷᠭᠦᠴᠡᠨ᠂ ᠳᠡᠯᠡᠬᠡᠢ | ᠨᠡᠶᠢᠭᠡᠮ ᠤᠨ ᠬᠢᠨ ᠢ ᠬᠦᠲᠦᠯᠦᠨ ᠵᠢᠯᠣᠭᠤᠳᠴᠤ ᠪᠠᠶᠢᠭᠠᠳ ᠨᠡᠩ ᠲᠥᠪ ᠭᠤᠣᠯᠴᠢ ᠵᠦᠢ ᠵᠣᠬᠢᠰᠲᠠᠢ ᠤᠯᠠᠨ | ᠤᠯᠤᠰ ᠤᠨ ᠰᠢᠨ᠎ᠡ ᠡᠮᠬᠢ ᠵᠢᠷᠤᠮ ᠢ ᠬᠠᠮᠲᠤ ᠪᠠᠷ ᠪᠤᠢ ᠪᠣᠯᠭᠠᠵᠤ᠂ ᠰᠢᠨ᠎ᠡ ᠬᠡᠯᠪᠡᠷᠢ ᠶᠢᠨ ᠤᠯᠠᠨ ᠤᠯᠤᠰ ᠤᠨ | ᠬᠠᠷᠢᠴᠠᠭ᠎ᠠ ᠶᠢ ᠪᠠᠶᠢᠭᠤᠯᠬᠤ ᠬᠡᠷᠡᠭᠲᠡᠢ᠃ ᠡᠯ᠎ᠠ ᠵᠦᠢᠯ ᠤᠨ ᠠᠮᠢᠳᠤᠯᠢᠭ ᠪᠤᠲᠠᠲᠠᠢ ᠰᠡᠳᠬᠢᠯ ᠬᠦᠳᠡᠯᠭᠡᠮ᠎ᠡ ᠭᠡᠷᠡᠭ | ᠶᠠᠪᠤᠳᠠᠯ ᠢ ᠴᠢᠳᠠᠮᠠᠭᠠᠢ ᠠᠰᠢᠬᠯᠠᠨ᠂ ᠳᠤᠮᠳᠠᠳᠤ ᠤᠯᠤᠰ ᠤᠨ ᠬᠥᠭᠵᠢᠯᠲᠡ ᠶᠢᠨ ᠲᠤᠰ ᠪᠡᠶ᠎ᠡ ᠨᠢ ᠳᠠᠷᠤᠢ ᠳᠡᠯᠡᠬᠡᠢ ᠳᠤ | ᠦᠵᠡᠭᠦᠯᠦᠭᠰᠡᠨ ᠬᠠᠮᠤᠭ ᠤᠨ ᠶᠡᠭᠡ ᠬᠤᠪᠢ ᠨᠡᠮᠡᠷᠢ ᠮᠥᠨ᠂ ᠬᠥᠮᠦᠨ ᠲᠥᠷᠥᠯᠬᠢᠲᠡᠨ ᠤ ᠠᠰᠠᠭᠤᠳᠠᠯ ᠢ | ᠰᠢᠢᠳᠪᠦᠷᠢᠯᠡᠬᠦ ᠳᠤ ᠤᠶᠤᠨ ᠤᠬᠠᠭᠠᠨ ᠢᠶᠠᠨ ᠡᠷᠭᠦᠭᠰᠡᠨ ᠭᠡᠳᠡᠭ ᠢ ᠲᠣᠳᠣᠷᠬᠠᠶᠢᠯᠠᠬᠤ ᠬᠡᠷᠡᠭᠲᠡᠢ ᠭᠡᠵᠤ ᠴᠢᠬᠤᠯᠠᠴᠢᠯᠠᠪᠠ | ᠃ | ᠰᠢ ᠶᠢᠨ ᠫᠢᠩ᠂ ᠡᠯ᠎ᠡ ᠵᠦᠢᠯ ᠤᠨ ᠬᠡᠯᠪᠡᠷᠢ ᠪᠠᠷ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠤᠯᠠᠨ ᠵᠦᠢᠯ ᠤᠨ ᠠᠷᠭ᠎ᠠ ᠵᠠᠮ ᠢᠶᠠᠷ ᠮᠠᠨ ᠤ ᠤᠯᠤᠰ ᠪᠣᠯᠤᠨ ᠡᠯ᠎ᠡ ᠤᠯᠤᠰ ᠤᠨ ᠰᠣᠶᠣᠯ | ᠢᠷᠭᠡᠨᠰᠢᠯ ᠤᠨ ᠰᠣᠯᠢᠯᠴᠠᠭ᠎ᠠ ᠪᠣᠯᠤᠨ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠬᠢᠭᠤᠯᠬᠤ ᠬᠡᠷᠡᠭᠲᠡᠢ᠃ | ᠪᠠᠶᠢᠭᠤᠯᠤᠮᠵᠢ ᠲᠣᠭᠲᠡᠴᠡ ᠶᠢᠨ ᠰᠢᠨ᠎ᠡ ᠶᠢ ᠡᠭᠦᠳᠴᠦ᠂ ᠮᠠᠨ ᠤ ᠪᠠᠶᠢᠭᠤᠯᠤᠯ ᠤᠨ ᠳᠠᠪᠠᠭᠤᠯᠢᠭ᠂ ᠵᠣᠬᠢᠶᠠᠨ | ᠪᠠᠶᠢᠭᠤᠯᠤᠯᠲᠠ ᠶᠢᠨ ᠳᠠᠪᠠᠭᠤᠯᠢᠭ᠂ ᠬᠥᠮᠦᠨ ᠤ ᠬᠦᠴᠦᠨ ᠤ ᠳᠠᠪᠠᠭᠤᠯᠢᠭ ᠢ ᠳᠠᠮᠵᠢᠭᠤᠯᠭ᠎ᠠ ᠶᠢᠨ ᠳᠠᠪᠠᠭᠤᠯᠢᠭ ᠪᠣᠯᠭᠠᠨ | ᠬᠤᠪᠢᠷᠠᠭᠤᠯᠬᠤ ᠬᠡᠷᠡᠭᠲᠡᠢ᠃ ᠳᠡᠭᠡᠳᠦ ᠲᠡᠰ ᠳᠠᠪᠬᠤᠷᠭ᠎ᠠ ᠶᠢᠨ ᠲᠤᠰᠬᠠᠢ ᠮᠡᠷᠭᠡᠵᠢᠯᠲᠡᠨ ᠤ ᠦᠢᠯᠡᠳᠦᠯ ᠢ ᠨᠡᠩ | ᠰᠠᠶᠢᠲᠤᠷ ᠪᠠᠳᠠᠷᠠᠭᠤᠯᠵᠤ᠂ ᠴᠢᠬᠤᠯᠠ ᠤᠯᠠᠨ ᠤᠯᠤᠰ ᠤᠨ ᠬᠤᠷᠠᠯ ᠤᠨ ᠶᠠᠷᠢᠶᠠᠨ ᠤ ᠲᠠᠪᠴᠠᠩ᠂ ᠭᠠᠳᠠᠭᠠᠳᠤ ᠶᠢᠨ | ᠭᠤᠣᠯ ᠵᠠᠭᠤᠴᠢᠯᠠᠭᠤᠷ ᠵᠡᠷᠭᠡ ᠲᠠᠪᠴᠠᠩ ᠪᠣᠯᠤᠨ ᠠᠷᠭ᠎ᠠ ᠵᠠᠮ ᠢ ᠠᠰᠢᠬᠯᠠᠨ ᠦᠭᠡ ᠭᠡᠯᠡᠵᠤ ᠲᠠᠭᠤᠨ ᠭᠠᠷᠭᠠᠬᠤ | ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠣᠨᠴᠠᠯᠢᠭ ᠪᠣᠯᠤᠨ | ᠳᠠᠪᠠᠭᠤᠯᠢᠭ ᠢᠶᠠᠨ ᠪᠠᠳᠠᠷᠠᠭᠤᠯᠵᠤ ᠪᠠᠶᠢᠭᠠᠳ ᠠᠵᠢᠯ ᠢᠶᠠᠨ ᠥᠷᠨᠢᠭᠦᠯᠵᠦ᠂ ᠪᠠᠶᠠᠯᠢᠭ ᠰᠠᠶᠢᠬᠠᠨ᠂ ᠠᠮᠢᠳᠤᠯᠢᠭ | ᠪᠣᠰᠤᠭ᠎ᠠ ᠴᠣᠭᠴᠠᠲᠤ ᠳᠤᠮᠳᠠᠳᠤ ᠤᠯᠤᠰ ᠤᠨ ᠲᠦᠷᠢ ᠲᠥᠷᠬᠦ ᠶᠢ ᠳᠡᠯᠭᠡᠨ ᠦᠵᠡᠬᠦᠯᠬᠦ ᠬᠡᠷᠡᠭᠲᠡᠢ ᠬᠡᠵᠤ ᠵᠢᠭᠠᠵᠤ | ᠭᠠᠷᠭᠠᠪᠠ᠃ | ᠰᠢ ᠶᠢᠨ ᠫᠢᠩ᠂ ᠤᠯᠠᠨ ᠤᠯᠤᠰ ᠤᠨ ᠳᠠᠮᠵᠢᠭᠤᠯᠭ᠎ᠠ ᠶᠢᠨ ᠦᠢᠯᠡᠳᠦᠯ ᠴᠢᠳᠠᠪᠬᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠤᠯᠠᠨ ᠤᠯᠤᠰ ᠤᠨ ᠳᠠᠮᠵᠢᠭᠤᠯᠭ᠎ᠠ ᠶᠢᠨ ᠬᠡᠷᠡᠭᠴᠡᠭᠡ ᠳᠤ ᠵᠣᠬᠢᠴᠠᠭᠰᠠᠨ | ᠲᠤᠰᠬᠠᠢ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠤᠯᠠᠨ ᠤᠯᠤᠰ ᠤᠨ | ᠳᠠᠮᠵᠢᠭᠤᠯᠭ᠎ᠠ ᠶᠢᠨ ᠤᠨᠤᠯ ᠤᠨ ᠰᠤᠳᠤᠯᠭᠠᠨ ᠢ ᠴᠢᠩᠭᠠᠳᠬᠠᠵᠤ᠂ ᠤᠯᠠᠨ ᠤᠯᠤᠰ ᠤᠨ ᠳᠠᠮᠵᠢᠭᠤᠯᠭ᠎ᠠ ᠶᠢᠨ ᠵᠢᠮ᠎ᠡ | ᠶᠣᠰᠣ ᠶᠢ ᠡᠵᠡᠮᠰᠢᠵᠦ᠂ ᠭᠠᠳᠠᠭᠠᠳᠤ ᠳᠤ ᠦᠭᠡ ᠬᠡᠯᠡᠬᠦ ᠦᠭᠡ ᠬᠡᠯᠡᠨ ᠤ ᠰᠢᠰᠲ᠋ᠧᠮ ᠢ ᠪᠠᠶᠢᠭᠤᠯᠵᠤ᠂ | ᠳᠠᠮᠵᠢᠭᠤᠯᠭ᠎ᠠ ᠶᠢᠨ ᠤᠷ᠎ᠠ ᠮᠡᠷᠭᠡᠵᠢᠯ ᠢ ᠳᠡᠭᠡᠭᠰᠢᠯᠡᠭᠦᠯᠬᠦ ᠬᠡᠷᠡᠭᠲᠡᠢ᠃ ᠠᠳᠠᠯᠢ ᠪᠤᠰᠤ ᠣᠷᠣᠨ ᠪᠦᠰᠡ᠂ ᠠᠳᠠᠯᠢ ᠪᠤᠰᠤ | ᠤᠯᠤᠰ᠂ ᠠᠳᠠᠯᠢ ᠪᠤᠰᠤ ᠬᠦᠯᠢᠶᠡᠨ ᠠᠪᠤᠭᠴᠢᠳ ᠲᠤ ᠣᠶᠢᠷᠠᠳᠤᠬᠰᠠᠨ ᠨᠠᠷᠢᠯᠢᠭ ᠣᠨᠣᠴᠠᠲᠠᠢ ᠪᠠᠷ ᠳᠠᠮᠵᠢᠭᠤᠯᠬᠤ | ᠠᠷᠭ᠎ᠠ ᠮᠠᠶ᠋ᠢᠭ ᠢ ᠬᠡᠷᠡᠭᠯᠡᠨ᠂ ᠳᠤᠮᠳᠠᠳᠤ ᠤᠯᠤᠰ ᠤᠨ ᠦᠯᠢᠭᠡᠷ ᠪᠠ ᠳᠤᠮᠳᠠᠳᠤ ᠤᠯᠤᠰ ᠤᠨ ᠲᠠᠭᠤᠨ ᠢ | ᠳᠡᠯᠡᠬᠡᠶᠢᠵᠢᠬᠦᠯᠦᠨ ᠢᠯᠡᠳᠬᠡᠬᠦ᠂ ᠣᠷᠣᠨ ᠪᠦᠰᠡᠴᠢᠯᠡᠨ ᠢᠯᠡᠳᠬᠡᠬᠦ᠂ ᠬᠦᠯᠢᠶᠡᠨ ᠠᠪᠤᠭᠴᠢᠳ ᠤᠨ ᠬᠡᠷᠡᠭᠴᠡᠭᠡ ᠳᠤ | ᠵᠤᠬᠢᠴᠠᠭᠤᠯᠤᠨ ᠵᠦᠷᠢᠶᠡᠴᠢᠯᠡᠨ ᠢᠯᠡᠳᠭᠡᠬᠦ ᠶᠢ ᠠᠬᠢᠭᠤᠯᠵᠤ᠂ ᠤᠯᠠᠨ ᠤᠯᠤᠰ ᠤᠨ ᠲᠠᠮᠵᠢᠭᠤᠯᠭ᠎ᠠ ᠶᠢᠨ ᠳᠣᠲᠣᠨᠣᠰᠤᠭ | ᠬᠦᠴᠦᠨ ᠪᠠ ᠪᠣᠳᠠᠲᠤ ᠪᠦᠳᠤᠮᠵᠢᠳᠤ ᠴᠢᠨᠠᠷ ᠢ ᠨᠡᠮᠡᠭᠳᠡᠭᠦᠯᠬᠦ ᠬᠡᠷᠡᠭᠲᠡᠢ᠃ ᠥᠷᠭᠡᠨ ᠢᠶᠠᠷ ᠨᠠᠶᠢᠵᠢᠯᠠᠵᠤ᠂ ᠣᠯᠠᠩᠬᠢ | ᠲᠣᠭᠠᠲᠠᠨ ᠲᠠᠢ ᠪᠦᠯᠬᠦᠮᠳᠡᠵᠦ ᠲᠡᠳᠡᠨ ᠢ ᠲᠠᠳᠠᠨ ᠠᠪᠴᠤ᠂ ᠳᠤᠮᠳᠠᠳᠤ ᠶᠢ ᠤᠢᠢᠯᠠᠭᠠᠵᠤ ᠮᠡᠳᠡᠬᠦ᠂ ᠲᠤᠮᠲᠠᠲᠦ ᠳᠤ | ᠨᠥᠬᠦᠷᠰᠡᠭ ᠪᠠᠶᠢᠬᠤ ᠤᠯᠠᠨ ᠤᠯᠤᠰ ᠤᠨ ᠶᠠᠷᠢᠶ᠎ᠠ ᠬᠡᠯᠡᠯᠴᠡᠭᠡᠨ ᠤ ᠨᠠᠶᠢᠵᠢ ᠶᠢᠨ ᠲᠤᠭᠤᠷᠢᠭ ᠢ ᠲᠠᠰᠤᠷᠠᠯᠳᠠ ᠦᠭᠡᠢ | ᠥᠷᠭᠡᠳᠬᠡᠬᠦ ᠬᠡᠷᠡᠭᠲᠡᠢ᠃ ᠶᠠᠷᠢᠶ᠎ᠠ ᠬᠡᠯᠡᠯᠴᠡᠭᠡᠨ ᠤ ᠲᠡᠮᠡᠴᠡᠯ ᠤᠨ ᠠᠷᠭ᠎ᠠ ᠪᠤᠳᠤᠯᠭ᠎ᠠ ᠪᠠ ᠤᠷ᠎ᠠ ᠮᠡᠷᠭᠡᠵᠢᠯ ᠢ | ᠡᠷᠬᠢᠮᠯᠡᠵᠦ᠂ ᠴᠢᠬᠤᠯᠠ ᠶᠡᠭᠡ ᠠᠰᠠᠭᠤᠳᠠᠯ ᠤᠨ ᠲᠤᠬᠠᠢ ᠭᠠᠳᠠᠭᠠᠳᠦ ᠳᠠᠬᠢ ᠦᠭᠡ ᠭᠡᠯᠡᠬᠦ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠯᠠᠨ | ᠤᠯᠤᠰ ᠤᠨ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠳᠤ | ᠣᠷᠣᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠡᠳ᠋ ᠤᠨ ᠵᠠᠰᠠᠭ ᠤᠨ | ᠣᠷᠣᠭᠤᠯᠤᠯᠲᠠ ᠪᠠᠨ ᠨᠡᠮᠡᠭᠳᠡᠭᠦᠯᠵᠦ᠂ ᠪᠣᠳᠠᠲᠠᠢ ᠠᠵᠢᠯ ᠢ ᠬᠠᠪᠰᠤᠷᠤᠨ ᠠᠬᠢᠭᠤᠯᠵᠤ᠂ ᠪᠣᠳᠠᠲᠠᠢ ᠬᠦᠴᠢᠷᠳᠡᠯ ᠢ ᠨᠢ | ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠯᠠᠨ ᠤᠯᠤᠰ ᠤᠨ ᠳᠠᠮᠵᠢᠭᠤᠯᠭ᠎ᠠ ᠶᠢᠨ | ᠠᠵᠢᠯ ᠢ ᠰᠠᠨᠠᠭᠠᠴᠢᠯᠠᠭ᠎ᠠ ᠠᠴᠠ ᠪᠠᠨ ᠬᠢᠵᠦ᠂ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠠᠳᠬᠤᠬᠤ | ᠮᠥᠷᠲᠡᠭᠡᠨ ᠪᠠᠰᠠ ᠪᠡᠶ᠎ᠡ ᠪᠠᠷ ᠢᠶᠠᠨ ᠬᠢᠬᠦ ᠬᠡᠷᠡᠭᠲᠡᠢ᠃ ᠤᠳᠤᠷᠢᠳᠬᠤ ᠺᠠᠳ᠋ᠷᠴᠤᠳ ᠲᠤ ᠤᠯᠠᠨ ᠤᠯᠤᠰ ᠤᠨ | ᠲᠠᠮᠵᠢᠭᠤᠯᠭ᠎ᠠ ᠶᠢᠨ ᠮᠡᠳᠡᠯᠭᠡ ᠶᠢᠨ ᠪᠣᠯᠪᠠᠰᠤᠷᠠᠯ ᠢ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠤᠨ᠂ ᠨᠠᠮ ᠪᠠ ᠤᠯᠤᠰ ᠤᠨ ᠨᠡᠷ᠎ᠡ ᠬᠦᠨᠳᠦ ᠲᠦᠷᠢ ᠲᠥᠷᠬᠦ ᠶᠢ | ᠤᠬᠠᠮᠰᠠᠷ ᠠᠴᠠ ᠪᠠᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠡᠯ᠎ᠡ | ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠤᠯᠠᠨ ᠤᠯᠤᠰ ᠤᠨ | ᠳᠠᠮᠵᠢᠭᠤᠯᠭ᠎ᠠ ᠶᠢᠨ ᠴᠢᠳᠠᠪᠤᠷᠢ ᠶᠢ ᠬᠥᠮᠦᠵᠢᠭᠦᠯᠬᠦ ᠶᠢ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃ ᠶᠡᠭᠡ ᠳᠡᠭᠡᠳᠦ | ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠪᠠ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ ᠶᠢ | ᠴᠢᠩᠭᠠᠳᠬᠠᠵᠤ᠂ ᠤᠯᠠᠨ ᠤᠯᠤᠰ ᠤᠨ ᠳᠠᠮᠵᠢᠭᠤᠯᠭ᠎ᠠ ᠶᠢᠨ ᠤᠨᠤᠯ ᠤᠨ ᠰᠤᠳᠤᠯᠭᠠᠨ ᠤ ᠲᠦᠪᠰᠢᠨ ᠢ ᠳᠡᠭᠡᠭᠰᠢᠯᠡᠭᠦᠯᠬᠦ | ᠬᠡᠷᠡᠭᠲᠡᠢ ᠬᠡᠵᠤ ᠴᠢᠬᠤᠯᠠᠴᠢᠯᠠᠪᠠ᠃ |