ᠰᠢ ᠶᠢᠨ ᠫᠢᠩ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠸᠢᠳᠢᠣ᠋ ᠠᠭᠤᠯᠵᠠᠯᠲᠠ ᠬᠢᠵᠤ ᠬᠤᠶᠠᠷ ᠤᠯᠤᠰ ᠤᠨ ᠲᠡᠷᠢᠭᠦᠨ ︽ᠳᠤᠮᠳᠠᠳᠤ ᠤᠷᠤᠰ ᠤᠨ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ︾ ᠶᠢ ᠤᠷᠳᠤᠳᠬᠠᠬᠤ ᠪᠠᠷ ᠨᠡᠶᠢᠲᠡᠯᠡᠪᠡ
ᠨᠡᠶᠢᠲᠡᠯᠡᠭᠰᠡᠨ ᠴᠠᠭ᠄
2021/6/30
      ᠤᠯᠤᠰ ᠤᠨ ᠲᠡᠷᠢᠭᠦᠯᠡᠭᠴᠢ ᠰᠢ ᠶᠢᠨ ᠫᠢᠩ 28 ᠤ ᠦᠳᠡ ᠶᠢᠨ ᠬᠤᠶᠢᠨ᠎ᠠ ᠪᠡᠭᠡᠵᠢᠩ ᠳᠤ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠸᠢᠳᠢᠣ᠋ ᠠᠭᠤᠯᠵᠠᠯᠲᠠ ᠬᠢᠪᠡ᠃ ᠬᠤᠶᠠᠷ ᠤᠯᠤᠰ ᠤᠨ ᠲᠡᠷᠢᠭᠦᠨ ᠬᠠᠮᠲᠤᠷᠠᠭᠰᠠᠨ ᠢᠯᠡᠷᠬᠡᠶᠢᠯᠡᠯᠲᠡ ᠨᠡᠶᠢᠲᠡᠯᠡᠵᠦ᠂ ︽ᠳᠤᠮᠳᠠᠳᠤ ᠤᠷᠤᠰ ᠤᠨ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ︾ ᠶᠢ ᠤᠷᠳᠤᠳᠬᠠᠬᠤ ᠪᠠᠷ ᠠᠯᠪᠠᠨ ᠶᠣᠰᠣᠭᠠᠷ ᠲᠣᠭᠲᠠᠪᠠ᠃ ᠫᠦᠲ᠋ᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠳᠤ ᠬᠠᠯᠠᠭᠤᠨ ᠪᠠᠶᠠᠷ ᠬᠦᠷᠭᠡᠪᠡ᠃
    6 ᠰᠠᠷ᠎ᠡ ᠶᠢᠨ 28 ᠤ ᠦᠳᠠ ᠶᠢᠨ ᠬᠤᠶᠢᠨ᠎ᠡ᠂ ᠤᠯᠤᠰ ᠤᠨ ᠲᠡᠷᠢᠬᠦᠯᠡᠭᠴᠢ ᠰᠢ ᠶᠢᠨ ᠫᠢᠩ ᠪᠡᠭᠡᠵᠢᠩ ᠳᠤ ᠤᠷᠤᠰ ᠤᠨ ᠶᠡᠷᠤᠩᠭᠡᠶᠢᠯᠡᠭᠴᠢ ᠫᠦᠲ᠋ᠢᠨ ᠲᠠᠢ ᠸᠢᠳᠢᠣ᠋ ᠠᠭᠤᠯᠵᠠᠯᠳᠠ ᠬᠢᠪᠠ᠃      ᠰᠢᠨᠬᠤᠸᠠ ᠬᠤᠷᠢᠶᠠᠨ ᠤ ᠰᠤᠷᠪᠤᠯᠵᠢᠯᠠᠬᠴᠢ ᠰᠢᠶᠧ ᠬᠤᠸᠠᠨ ‍ᠤᠣᠢ ᠰᠡᠬᠦᠳᠡᠷᠯᠡᠪᠡ      ᠰᠢ ᠶᠢᠨ ᠫᠢᠩ᠂ ᠪᠢᠳᠡ ᠤᠳᠠᠯ ᠦᠭᠡᠢ ︽ᠳᠤᠮᠳᠠᠳᠤ ᠤᠷᠤᠰ ᠤᠨ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ︾ ᠲᠣᠭᠲᠠᠭᠰᠠᠨ 20 ᠵᠢᠯ ᠤᠨ ᠤᠢ ᠶᠢ ᠤᠭᠲᠤᠬᠤ ᠪᠣᠯᠤᠨ᠎ᠠ᠃ ︽ᠳᠤᠮᠳᠠᠳᠤ ᠤᠷᠤᠰ ᠤᠨ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ︾ ᠳᠤ ᠲᠣᠭᠲᠠᠭᠠᠭᠰᠠᠨ ᠦᠶ᠎ᠡ ᠶᠢᠨ ᠦᠶ᠎ᠡ ᠳᠡᠭᠡᠨ ᠨᠥᠬᠦᠷᠰᠡᠭ ᠪᠠᠶᠢᠬᠤ ᠣᠶᠢᠯᠠᠭᠠᠭᠳᠠᠬᠤᠨ ᠨᠢ ᠬᠤᠶᠠᠷ ᠤᠯᠤᠰ ᠤᠨ ᠦᠨᠳᠦᠰᠦᠨ ᠠᠰᠢᠭ ᠲᠤᠰᠠ ᠲᠠᠢ ᠨᠡᠶᠢᠴᠡᠵᠦ᠂ ᠡᠩᠬᠡ ᠲᠠᠶᠢᠪᠤᠩ ᠪᠠ ᠬᠥᠭᠵᠢᠯᠲᠡ ᠶᠢᠨ ᠴᠠᠭ ᠦᠶ᠎ᠡ ᠶᠢᠨ ᠭᠤᠣᠯ ᠰᠡᠳᠦᠪ ᠲᠠᠢ ᠨᠡᠶᠢᠴᠡᠵᠦ᠂ ᠰᠢᠨ᠎ᠡ ᠮᠠᠶ᠋ᠢᠭ ᠤᠨ ᠤᠯᠠᠨ ᠤᠯᠤᠰ ᠤᠨ ᠬᠠᠷᠢᠯᠴᠠᠭ᠎ᠠ ᠪᠠ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠠᠮᠢᠳᠤᠯᠢᠭ ᠦᠢᠯᠡᠳᠦᠯᠭᠡ ᠮᠥᠨ᠃ ᠥᠨᠥᠳᠦᠷ ᠤᠨ ᠳᠤᠮᠳᠠᠳᠤ ᠤᠷᠤᠰ ᠤᠨ ᠬᠠᠷᠢᠯᠴᠠᠭ᠎ᠠ ᠪᠣᠯᠪᠠᠰᠤᠷᠠᠩᠭᠤᠢ᠂ ᠲᠣᠭᠲᠠᠭᠤᠨ᠂ ᠪᠠᠲᠤ ᠪᠠᠬᠢ ᠪᠤᠯᠵᠦ᠂ ᠳᠡᠯᠡᠬᠡᠢ ᠶᠢᠨ ᠶᠠᠮᠠᠷᠪᠠ ᠤᠷᠪᠠᠭᠠᠨ ᠬᠥᠷᠪᠡᠭᠡᠨ ᠲᠠᠢ ᠪᠠᠶᠢᠳᠠᠯ ᠤᠨ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠵᠠᠢ᠃ ᠬᠤᠶᠠᠷ ᠲᠠᠯ᠎ᠠ ᠪᠠᠷ ᠢᠶᠠᠨ ᠲᠣᠰ ᠲᠣᠰ ᠤᠨ ᠭᠤᠤᠯᠯᠠᠭᠴᠢ ᠠᠰᠢᠭ ᠲᠤᠰᠠ ᠲᠠᠢ ᠬᠤᠯᠪᠣᠭᠳᠠᠭᠰᠠᠨ ᠠᠰᠠᠭᠤᠳᠠᠯ ᠳᠡᠭᠡᠷ᠎ᠡ ᠬᠠᠷᠢᠯᠴᠠᠨ ᠡᠷᠡᠰ ᠳᠡᠮᠵᠢᠵᠦ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠡᠯᠪᠡᠭ ᠦᠷ᠎ᠡ ᠪᠦᠲᠦᠮᠵᠢ ᠣᠯᠵᠤ᠂ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠶᠢ ᠬᠦᠴᠦᠲᠡᠶ ᠬᠠᠮᠠᠭᠠᠯᠠᠪᠠ᠃ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠶᠠᠰᠤ ᠴᠢᠨᠠᠷ ᠪᠣᠯᠤᠨ ᠪᠠᠭᠲᠠᠭᠠᠮᠵᠢ ᠢᠵᠢᠯᠢ ᠠᠯᠬᠤᠮ ᠢᠶᠠᠷ ᠳᠡᠭᠡᠭᠰᠢᠯᠡᠪᠡ᠃ ᠤᠯᠠᠨ ᠤᠯᠤᠰ ᠤᠨ ᠬᠡᠷᠡᠭ ᠶᠠᠪᠤᠳᠠᠯ ᠤᠨ ᠳᠤᠮᠳᠠ ᠨᠢᠭᠲᠠ ᠵᠣᠬᠢᠴᠠᠭᠤᠯᠤᠨ ᠬᠠᠮᠵᠢᠯᠴᠠᠵᠤ᠂ ᠵᠢᠩᠬᠢᠨᠢ ᠤᠯᠠᠨ ᠲᠠᠯᠠᠲᠤ ᠦᠵᠡᠯ ᠪᠠ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠪᠠ᠃ ᠳᠡᠯᠡᠬᠡᠢ ᠶᠢᠷᠲᠢᠨᠴᠦ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠵᠤ᠂ ᠬᠥᠮᠦᠨ ᠲᠥᠷᠥᠯᠬᠢᠲᠡᠨ ᠤ ᠬᠥᠭᠵᠢᠯᠲᠡ ᠤᠯᠠᠨ ᠳᠠᠪᠬᠤᠷ ᠬᠢᠮᠤᠷᠠᠯ ᠳᠤ ᠤᠴᠠᠷᠠᠭᠰᠠᠨ ᠠᠬᠤᠢ ᠪᠠᠶᠢᠳᠠᠯ ᠳᠣᠣᠷ᠎ᠠ᠂ ᠳᠤᠮᠳᠠᠳᠤ ᠤᠷᠤᠰ ᠨᠢᠭᠲᠠ ᠬᠠᠮᠲᠤᠷᠠᠯᠴᠠᠵᠤ᠂ ᠳᠡᠯᠡᠬᠡᠢ ᠨᠡᠶᠢᠭᠡᠮ ᠳᠤ ᠢᠳᠡᠪᠬᠢ ᠬᠦᠴᠦᠨ ᠨᠡᠮᠡᠷᠢᠯᠡᠵᠦ᠂ ᠰᠢᠨ᠎ᠡ ᠬᠡᠯᠪᠡᠷᠢ ᠶᠢᠨ ᠤᠯᠠᠨ ᠤᠯᠤᠰ ᠤᠨ ᠬᠠᠷᠢᠯᠴᠠᠭᠠᠨ ᠤ ᠦᠯᠢᠭᠡᠷ ᠳᠠᠭᠤᠷᠢᠶᠠᠯ ᠪᠤᠯᠪᠠ᠃ ᠪᠢᠳᠡ ᠳᠤᠮᠳᠠᠳᠤ ᠤᠷᠤᠰ ᠤᠨ ᠬᠠᠷᠢᠯᠴᠠᠭ᠎ᠠ ᠶᠢᠨ ᠠᠶᠠᠯᠠᠯ ᠤᠨ ᠴᠢᠭᠯᠡᠯ ᠢᠮᠠᠭᠲᠠ ᠬᠡᠯᠪᠠᠶᠢᠬᠦ ᠦᠭᠡᠢ᠂ ᠬᠥᠳᠡᠯᠭᠡᠬᠦ ᠬᠦᠴᠦᠨ ᠢᠮᠠᠭᠳᠠ ᠪᠠᠭᠤᠷᠠᠬᠤ ᠦᠭᠡᠢ ᠪᠠᠶᠢᠬᠤ ᠠᠮᠵᠢᠯᠲᠠ ᠲᠠᠢ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ ᠡᠯ᠎ᠡ ᠬᠦᠷᠢᠶᠡᠨ ᠤ ᠬᠠᠮᠲᠤᠷᠠᠯᠴᠠᠭᠠᠨ ᠤ ᠰᠢᠨ᠎ᠡ ᠬᠠᠷᠠᠯᠲᠠ᠂ ᠰᠢᠨ᠎ᠡ ᠡᠭᠦᠷᠭᠡ ᠳᠤ ᠦᠵᠦ ᠲᠥᠯᠥᠪᠯᠡᠭᠡ ᠬᠢᠵᠦ᠂ ︽ᠳᠤᠮᠳᠠᠳᠤ ᠤᠷᠤᠰ ᠤᠨ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ︾ ᠳᠤ ᠰᠢᠨ᠎ᠡ ᠴᠠᠭ ᠦᠶ᠎ᠡ ᠶᠢᠨ ᠳᠤᠳᠤᠭᠠᠳᠤ ᠠᠭᠤᠯᠤᠭᠳᠠᠬᠤᠨ ᠨᠡᠮᠡᠷᠢᠯᠡᠪᠡᠯ ᠵᠣᠬᠢᠨ᠎ᠠ᠃ ︽ᠭᠡᠷ᠎ᠡ︾ ᠶᠢᠨ ᠵᠣᠷᠢᠭ ᠰᠠᠨᠠᠭᠠᠨ ᠤ ᠵᠢᠯᠤᠭᠤᠳᠤᠯᠭ᠎ᠠ ᠳᠣᠣᠷ᠎ᠠ᠂ ᠤᠷᠤᠭᠰᠢᠯᠠᠯᠲᠠ ᠶᠢᠨ ᠵᠠᠮ ᠳᠡᠭᠡᠷ᠎ᠡ ᠪᠠᠰᠠ ᠬᠡᠴᠢᠨᠡᠬᠡᠨ ᠳᠠᠪᠠᠭ᠎ᠠ ᠶᠢ ᠳᠠᠪᠠᠵᠤ᠂ ᠬᠡᠴᠢᠨᠡᠬᠡᠨ ᠪᠦᠳᠦᠷᠢᠯ ᠢ ᠦᠩᠭᠡᠷᠡᠭᠰᠡᠨ ᠴᠤ᠂ ᠳᠤᠮᠳᠠᠳᠤ ᠤᠷᠤᠰ ᠬᠤᠶᠠᠷ ᠤᠯᠤᠰ ᠦᠷᠭᠦᠯᠵᠢᠯᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠯᠠᠪᠳᠠᠭᠤᠨ ᠪᠠᠲᠤᠲᠠᠢ ᠤᠷᠤᠭᠰᠢᠯᠠᠨ᠎ᠠ ᠭᠡᠳᠡᠭ ᠢ ᠢᠲᠡᠭᠡᠵᠦ ᠪᠠᠶᠢᠨ᠎ᠠ ᠭᠡᠵᠤ ᠵᠢᠭᠠᠵᠤ ᠭᠠᠷᠭᠠᠪᠠ᠃      ᠫᠦᠲ᠋ᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠬᠠᠯᠠᠭᠤᠨ ᠪᠠᠶᠠᠷ ᠬᠦᠷᠭᠡᠵᠦ᠂ ᠤᠷᠤᠰ ᠤᠨ ᠬᠢᠨ ᠲᠡᠦᠬᠡᠨ ᠳᠡᠭᠡᠷᠡᠬᠢ ᠳᠤᠮᠳᠠᠳᠤ ᠤᠯᠤᠰ ᠤᠨ ᠡᠪ ᠬᠠᠮᠲᠤ ᠨᠠᠮ ᠯᠤᠭ᠎ᠠ ᠶᠢᠨ ᠶᠠᠪᠤᠯᠴᠠᠭ᠎ᠠ ᠶᠢᠨ ᠲᠡᠦᠬᠡᠨ ᠶᠠᠪᠤᠴᠠ ᠪᠠᠨ ᠨᠠᠨᠳᠢᠩᠨᠠᠵᠤ᠂ ᠳᠤᠷᠠᠲᠠᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠯᠤᠭ᠎ᠠ ᠨᠠᠮ ᠤᠨ ᠬᠤᠭᠤᠷᠣᠨᠳᠣᠬᠢ ᠶᠠᠪᠤᠯᠴᠠᠭ᠎ᠠ ᠪᠠᠨ ᠴᠢᠩᠭᠠᠳᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠲᠠᠰᠤᠷᠠᠯᠲᠠ ᠦᠭᠡᠢ ᠰᠢᠨ᠎ᠡ ᠠᠮᠵᠢᠯᠲᠠ ᠤᠯᠬᠤ ᠶᠢᠨ ᠬᠠᠮᠲᠤ ᠳᠡᠯᠡᠬᠡᠢ ᠶᠢᠨ ᠬᠡᠷᠡᠭ ᠶᠠᠪᠤᠳᠠᠯ ᠳᠤ ᠨᠡᠩ ᠴᠢᠬᠤᠯᠠ ᠦᠢᠯᠡᠳᠦᠯ ᠦᠵᠡᠭᠦᠯᠬᠦ ᠶᠢ ᠬᠦᠰᠡᠵᠤ ᠪᠠᠶᠢᠨ᠎ᠡ ᠭᠡᠵᠦ ᠢᠯᠡᠳᠬᠡᠪᠡ᠃
    6 ᠰᠠᠷ᠎ᠡ ᠶᠢᠨ 28 ᠤ ᠦᠳᠠ ᠶᠢᠨ ᠬᠤᠶᠢᠨ᠎ᠡ᠂ ᠤᠯᠤᠰ ᠤᠨ ᠲᠡᠷᠢᠬᠦᠯᠡᠭᠴᠢ ᠰᠢ ᠶᠢᠨ ᠫᠢᠩ ᠪᠡᠭᠡᠵᠢᠩ ᠳᠤ ᠤᠷᠤᠰ ᠤᠨ ᠶᠡᠷᠤᠩᠭᠡᠶᠢᠯᠡᠭᠴᠢ ᠫᠦᠲ᠋ᠢᠨ ᠲᠠᠢ ᠸᠢᠳᠢᠣ᠋ ᠠᠭᠤᠯᠵᠠᠯᠳᠠ ᠬᠢᠪᠠ᠃      ᠰᠢᠨᠬᠤᠸᠠ ᠬᠤᠷᠢᠶᠠᠨ ᠤ ᠰᠤᠷᠪᠤᠯᠵᠢᠯᠠᠬᠴᠢ ᠳ᠋ᠢᠩ ᠯᠢᠨ ᠰᠡᠬᠦᠳᠡᠷᠯᠡᠪᠡ      ᠫᠦᠲ᠋ᠢᠨ᠂ ︽ᠤᠷᠤᠰ ᠳᠤᠮᠳᠠᠳᠤ ᠶᠢᠨ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ︾ ᠨᠢ ᠬᠤᠶᠠᠷ ᠤᠯᠤᠰ ᠤᠨ ᠠᠷᠠᠳ ᠲᠦᠮᠡᠨ ᠤ ᠦᠶ᠎ᠡ ᠶᠢᠨ ᠦᠶ᠎ᠡ ᠳᠡᠭᠡᠨ ᠨᠥᠬᠦᠷᠰᠡᠭ ᠪᠠᠶᠢᠬᠤ ᠬᠦᠰᠡᠯ ᠰᠠᠨᠠᠭ᠎ᠠ ᠶᠢ ᠢᠯᠡᠷᠡᠭᠦᠯᠵᠦ᠂ ︽ᠭᠡᠷ᠎ᠡ︾ ᠳᠤ ᠲᠣᠭᠲᠠᠭᠠᠭᠰᠠᠨ ᠬᠤᠯᠪᠣᠭᠳᠠᠯ ᠪᠦᠬᠦᠢ ᠵᠠᠷᠴᠢᠮ ᠪᠣᠯᠤᠨ ᠵᠣᠷᠢᠭ ᠰᠠᠨᠠᠭ᠎ᠠ ᠨᠢ ᠤᠷᠤᠰ ᠳᠤᠮᠳᠠᠳᠤ ᠶᠢᠨ ᠬᠠᠷᠢᠯᠴᠠᠭ᠎ᠠ ᠶᠢᠨ ᠤᠷᠳᠤ ᠬᠤᠭᠤᠴᠠᠭ᠎ᠠ ᠪᠠᠷ ᠤᠷᠤᠭᠰᠢᠲᠠᠢ ᠬᠥᠭᠵᠢᠬᠦ ᠳᠤ ᠴᠢᠬᠤᠯᠠ᠂ ᠥᠪᠡᠷᠮᠢᠴᠡ ᠦᠢᠯᠡᠳᠦᠯ ᠦᠵᠡᠭᠦᠯᠪᠡ᠃ ᠤᠷᠤᠰ ᠤᠨ ᠬᠢᠨ ᠣᠳᠣᠬᠠᠨ ᠤ ᠤᠷᠤᠰ ᠳᠤᠮᠳᠠᠳᠤ ᠶᠢᠨ ᠬᠠᠷᠢᠯᠴᠠᠭ᠎ᠠ ᠤᠷᠢᠳ ᠡᠮᠦᠨ᠎ᠡ ᠪᠠᠶᠢᠭ᠎ᠠ ᠦᠭᠡᠢ ᠥᠨᠳᠥᠷ ᠲᠦᠪᠰᠢᠨ ᠳᠤ ᠬᠦᠷᠦᠭᠰᠡᠨ ᠪᠠ ᠬᠤᠶᠠᠷ ᠤᠯᠤᠰ ᠤᠨ ᠬᠠᠮᠲᠤᠷᠠᠯᠴᠠᠭ᠎ᠠ ᠪᠦᠬᠦ ᠲᠠᠯ᠎ᠠ ᠪᠠᠷ ᠲᠣᠭᠲᠠᠭᠤᠨ ᠢᠶᠠᠷ ᠬᠥᠭᠵᠢᠭᠰᠡᠨ ᠳᠤ ᠰᠡᠳᠬᠢᠯ ᠬᠠᠨᠤᠮᠵᠢᠲᠠᠢ ᠪᠠᠶᠢᠨ᠎ᠠ᠃ ᠥᠨᠥᠳᠦᠷ ᠪᠢᠳᠡ ᠬᠠᠮᠲᠤᠷᠠᠭᠰᠠᠨ ᠢᠯᠡᠷᠬᠡᠶᠢᠯᠡᠯᠲᠡ ᠨᠡᠶᠢᠲᠡᠯᠡᠵᠦ᠂ ︽ᠤᠷᠤᠰ ᠳᠤᠮᠳᠠᠳᠤ ᠶᠢᠨ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ︾ ᠶᠢ ᠤᠷᠳᠤᠳᠬᠠᠬᠤ ᠪᠠᠷ ᠵᠢᠩᠬᠢᠨᠢ ᠪᠠᠷ ᠲᠣᠭᠲᠠᠭᠠᠭᠰᠠᠨ ᠨᠢ ᠤᠷᠤᠰ ᠳᠤᠮᠳᠠᠳᠤ ᠶᠢᠨ ᠬᠠᠷᠢᠯᠴᠠᠭᠠᠨ ᠤ ᠠᠯᠤᠰ ᠬᠡᠳᠤ ᠶᠢᠨ ᠬᠥᠭᠵᠢᠯᠲᠡ ᠳᠤ ᠨᠡᠩ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠪᠣᠯᠤᠨ᠎ᠠ᠃ ᠤᠷᠤᠰ ᠤᠨ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠲᠤᠰ ᠲᠤᠰ ᠤᠨ ᠤᠯᠤᠰ ᠤᠨ ᠡᠷᠬᠡ ᠮᠡᠳᠡᠯ ᠪᠣᠯᠤᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠴᠢᠷᠮᠠᠶᠢᠯᠭ᠎ᠠ ᠶᠢ ᠦᠷᠭᠦᠯᠵᠢᠯᠡᠨ ᠡᠷᠡᠰ ᠲᠡᠮᠵᠢᠵᠤ᠂ ᠲᠤᠰ ᠲᠤᠰ ᠤᠨ ᠰᠣᠩᠭᠤᠭᠰᠠᠨ ᠲᠦᠷᠢᠮ ᠪᠣᠯᠤᠨ ᠬᠥᠭᠵᠢᠯᠲᠡ ᠶᠢᠨ ᠵᠠᠮ ᠢ ᠬᠠᠷᠢᠯᠴᠠᠨ ᠬᠦᠨᠳᠦᠳᠬᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠣᠯᠤᠨ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠤᠯᠠᠨ ᠤᠯᠤᠰ ᠤᠨ ᠬᠡᠷᠡᠭ ᠶᠠᠪᠤᠳᠠᠯ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠤᠷᠤᠰ ᠳᠤᠮᠳᠠᠳᠤ ᠶᠢᠨ ᠰᠢᠨ᠎ᠡ ᠴᠠᠭ ᠦᠶ᠎ᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠨᠡᠩ ᠥᠨᠳᠥᠷ ᠲᠦᠪᠰᠢᠨ ᠳᠤ ᠬᠦᠷᠭᠡᠨ᠎ᠡ ᠭᠡᠵᠦ ᠢᠯᠡᠳᠬᠡᠪᠡ᠃      ᠰᠢ ᠶᠢᠨ ᠫᠢᠩ ᠫᠦᠲ᠋ᠢᠨ ᠵᠢᠴᠢ ᠤᠷᠤᠰ ᠤᠨ ᠡᠯ᠎ᠡ ᠡᠲᠡᠭᠡᠳ ᠤᠨ ᠬᠢᠨ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠤᠢ ᠳᠤ ᠪᠠᠶᠠᠷ ᠬᠦᠷᠭᠡᠭᠰᠡᠨ ᠪᠠ ᠳᠡᠮᠵᠢᠭᠰᠡᠨ ᠳᠤ ᠲᠠᠯᠠᠷᠬᠠᠪᠠ᠃ ᠰᠢ ᠶᠢᠨ ᠫᠢᠩ᠂ ᠳᠤᠮᠳᠠᠳᠤ ᠤᠯᠤᠰ ᠤᠷᠤᠰ ᠤᠨ ᠬᠢᠨ ᠤ ᠤᠯᠤᠰ ᠤᠨ ᠢᠶᠠᠨ ᠥᠨᠢ ᠤᠳᠠᠭᠠᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ ᠠᠪᠤᠭᠰᠠᠨ ᠬᠦᠴᠦᠲᠡᠢ ᠠᠷᠭ᠎ᠠ ᠬᠡᠮᠵᠢᠶ᠎ᠡ ᠶᠢ ᠡᠷᠡᠰ ᠲᠡᠮᠵᠢᠵᠤ᠂ ᠤᠷᠤᠰ ᠤᠨ ᠬᠢᠨ ᠤ ᠥᠪᠡᠷ ᠤᠨ ᠶᠠᠪᠤᠳᠠᠯ ᠢᠶᠠᠨ ᠰᠠᠶᠢᠲᠤᠷ ᠬᠢᠬᠦ ᠶᠢ ᠡᠷᠡᠰ ᠲᠡᠮᠵᠢᠨ᠎ᠠ ᠭᠡᠵᠦ ᠴᠢᠬᠤᠯᠠᠴᠢᠯᠠᠪᠠ᠃      ᠬᠤᠶᠠᠷ ᠲᠠᠯ᠎ᠠ ᠪᠠᠷ ᠢᠶᠠᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ ᠪᠣᠯᠤᠨ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ ᠤᠯᠤᠰ ᠤᠨ ᠡᠮᠬᠢ ᠳᠢᠭᠯᠢᠮ ᠢ ᠬᠠᠮᠲᠤ ᠪᠠᠷ ᠡᠷᠡᠰ ᠬᠠᠮᠠᠭᠠᠯᠠᠵᠤ᠂ ᠪᠦᠬᠦ ᠪᠥᠮᠪᠥᠷᠴᠡᠭ ᠤᠨ ᠪᠠᠶᠢᠯᠳᠤᠬᠤ ᠪᠤᠳᠤᠯᠭ᠎ᠠ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠳᠡᠮᠵᠢᠨ ᠦᠢᠯᠡᠳᠦᠯᠭᠡᠵᠢᠭᠦᠯᠵᠦ᠂ ︽ᠠᠷᠠᠳᠴᠢᠯᠠᠯ︾ ᠪᠣᠯᠤᠨ ︽ᠬᠥᠮᠦᠨ ᠤ ᠡᠷᠬᠡ︾ ᠶᠢᠨ ᠨᠡᠷ᠎ᠡ ᠪᠠᠷ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠰᠡᠷᠭᠦᠴᠡᠵᠦ᠂ ᠭᠠᠭᠴᠠ ᠲᠠᠯ᠎ᠠ ᠶᠢᠨ ᠠᠯᠪᠠᠳᠠᠯᠭ᠎ᠠ ᠶᠢᠨ ᠴᠢᠨᠠᠷᠲᠠᠢ ᠵᠠᠯᠬᠠᠭᠠᠯ ᠶᠠᠪᠤᠭᠤᠯᠬᠤ ᠶᠢ ᠡᠰᠡᠷᠭᠦᠴᠡᠨ᠎ᠡ ᠭᠡᠵᠦ ᠴᠢᠬᠤᠯᠠᠴᠢᠯᠠᠪᠠ᠃      ᠬᠤᠶᠠᠷ ᠲᠠᠯ᠎ᠠ ᠪᠠᠷ ᠢᠶᠠᠨ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠶᠢᠨ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠬᠠᠮᠲᠤ ᠪᠠᠷ ᠪᠠᠳᠠᠷᠠᠭᠤᠯᠵᠤ᠂ ᠪᠦᠯᠬᠦᠮᠳᠡᠯ ᠬᠠᠮᠵᠢᠯᠴᠠᠭ᠎ᠠ ᠪᠠᠨ ᠴᠢᠩᠭᠠᠳᠬᠠᠵᠤ᠂ ᠬᠦᠴᠦ ᠪᠠᠨ ᠬᠠᠮᠲᠤᠳᠬᠠᠨ ᠬᠠᠮᠲᠤ ᠶᠢᠨ ᠥᠷᠢᠰᠥᠯᠳᠦᠭᠡᠨ ᠢ ᠠᠷᠭᠠᠴᠠᠭᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠰᠠᠨᠠᠯ ᠨᠢᠭᠡᠲᠡᠢ ᠵᠥᠪᠰᠢᠶᠡᠷᠡᠪᠡ᠃      ᠬᠤᠶᠠᠷ ᠲᠠᠯ᠎ᠠ ᠪᠠᠷ ᠢᠶᠠᠨ ᠬᠢᠵᠢᠭ ᠤᠨ ᠪᠠᠶᠢᠳᠠᠯ ᠪᠣᠯᠤᠨ ᠸᠢᠷᠦ᠋ᠰ ᠤᠨ ᠡᠬᠢ ᠰᠤᠷᠪᠤᠯᠵᠢ ᠶᠢ ᠠᠰᠢᠬᠯᠡᠨ ᠨᠡᠷ᠎ᠡ ᠲᠦᠷᠦ ᠶᠢ ᠭᠤᠲᠤᠭᠠᠬᠤ᠂ ᠤᠯᠤᠰ ᠲᠦᠷᠦᠴᠢᠯᠡᠬᠦ ᠶᠢ ᠬᠠᠮᠲᠤ ᠪᠠᠷ ᠡᠰᠡᠷᠭᠦᠴᠡᠨ᠎ᠡ ᠭᠡᠵᠦ ᠴᠢᠬᠤᠯᠠᠴᠢᠯᠠᠪᠠ᠃      ᠬᠤᠶᠠᠷ ᠲᠠᠯ᠎ᠠ ᠪᠠᠷ ᠢᠶᠠᠨ ᠳᠡᠭᠡᠳᠦ ᠳᠠᠪᠬᠤᠷᠭ᠎ᠠ ᠶᠢᠨ ᠨᠢᠭᠲᠠ ᠶᠠᠪᠤᠯᠴᠠᠭ᠎ᠠ ᠪᠠᠨ ᠦᠷᠭᠦᠯᠵᠢᠯᠡᠨ ᠪᠠᠲᠤᠯᠠᠵᠤ᠂ ᠸᠠᠺᠼᠢᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠠᠷᠠᠯᠵᠢᠶᠠᠨ ᠤ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠳᠤᠤᠷ᠎ᠠ ᠨᠡᠭᠦᠷᠡᠰᠦᠲᠥ᠋ᠷᠥᠭᠴᠢᠲᠦ ᠡᠨᠧᠷᠭᠢ᠂ ᠲᠣᠭᠠᠴᠢᠯᠠᠭᠰᠠᠨ ᠠᠵᠤ ᠠᠬᠤᠢ᠂ ᠬᠥᠳᠡᠭᠡ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠧᠦ᠋ᠷᠣᠫᠠ ᠠᠽᠢᠶ᠎ᠠ ᠶᠢᠨ ᠠᠵᠤ ᠠᠬᠤᠢ ᠶᠢᠨ ᠬᠤᠯᠪᠣᠭ᠎ᠠ ᠲᠠᠢ ᠵᠣᠯᠭᠠᠭᠤᠯᠬᠤ ᠶᠢ ᠠᠬᠢᠭᠤᠯᠤᠨ᠎ᠠ ᠭᠡᠵᠦ ᠵᠥᠪᠰᠢᠶᠡᠷᠡᠪᠡ᠃ ᠬᠤᠶᠠᠷ ᠲᠠᠯ᠎ᠠ ᠪᠠᠷ ᠢᠶᠠᠨ ᠪᠡᠶ᠎ᠡ ᠶᠢᠨ ᠲᠠᠮᠢᠷ ᠢ ᠤᠯᠤᠰ ᠲᠦᠷᠦᠴᠢᠯᠡᠬᠦ ᠶᠢ ᠬᠠᠮᠲᠤ ᠪᠠᠷ ᠡᠰᠡᠷᠭᠦᠴᠡᠵᠦ᠂ ᠤᠷᠤᠰ ᠤᠨ ᠲᠠᠯ᠎ᠠ ᠶᠢᠨ ᠬᠢᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠬᠦ ᠶᠢ ᠳᠡᠮᠵᠢᠨ᠎ᠠ ᠭᠡᠪᠡ᠃      ᠬᠤᠶᠠᠷ ᠲᠠᠯ᠎ᠠ ᠪᠠᠷ ᠢᠶᠠᠨ᠂ ᠣᠳᠣᠬᠠᠨ ᠤ ᠪᠠᠶᠢᠳᠠᠯ ᠳᠣᠣᠷ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠳᠤ ᠰᠢᠨ᠎ᠡ ᠠᠵᠠ ᠲᠣᠬᠢᠶᠠᠯ ᠪᠠ ᠥᠷᠢᠰᠥᠯᠳᠦᠭᠡᠨ ᠲᠤᠯᠭᠠᠷᠠᠵᠤ ᠪᠠᠶᠢᠨ᠎ᠠ᠂ ᠲᠤᠰ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠪᠦᠬᠦ ᠲᠠᠯ᠎ᠠ ᠪᠠᠷ ᠲᠥᠯᠥᠪᠵᠢᠭᠦᠯᠦᠨ ᠠᠬᠢᠭᠤᠯᠪᠠᠯ ᠵᠣᠬᠢᠨ᠎ᠠ ᠭᠡᠵᠦ ᠦᠵᠡᠪᠡ᠃      ᠬᠤᠶᠠᠷ ᠲᠠᠯ᠎ᠠ ᠪᠠᠷ ᠢᠶᠠᠨ ᠪᠠᠰᠠ ᠤᠢᠢᠷ᠎ᠠ ᠶᠢᠨ ᠬᠤᠭᠤᠴᠠᠭᠠᠨ ᠤ ᠠᠮᠧᠷᠢᠺᠠ᠂ ᠤᠮᠠᠷᠠᠲᠤ ᠠᠲᠯᠠᠨᠲ ᠳᠠᠯᠠᠢ ᠶᠢᠨ ᠨᠡᠶᠢᠲᠡ ᠶᠢᠨ ᠭᠡᠷ᠎ᠡ ᠶᠢᠨ ᠵᠣᠬᠢᠶᠠᠨ ᠪᠠᠶᠢᠭᠤᠯᠤᠯᠲᠠ ᠶᠢᠨ ᠠᠹᠭᠠᠨᠢᠰᠲ᠋ᠠᠨ ᠠᠴᠠ ᠴᠡᠷᠢᠭ ᠢᠶᠠᠨ ᠲᠦᠷᠭᠡᠨ ᠲᠠᠲᠠᠭᠰᠠᠨ᠂ ᠠᠹᠭᠠᠨᠢᠰᠲ᠋ᠠᠨ ᠤ ᠠᠮᠤᠷ ᠲᠦᠪᠰᠢᠨ ᠤ ᠪᠠᠶᠢᠳᠠᠯ ᠨᠡᠩ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠣᠯᠤᠭᠰᠠᠨ ᠢ ᠠᠩᠬᠠᠷᠴᠤ ᠪᠠᠶᠢᠬᠤ ᠪᠠᠨ ᠢᠯᠡᠳᠬᠡᠵᠦ᠂ ᠭᠠᠵᠠᠷ ᠣᠷᠣᠨ ᠤ ᠡᠩᠬᠡ ᠲᠠᠶᠢᠪᠤᠩ᠂ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠬᠤ ᠶᠢ ᠴᠢᠬᠤᠯᠠᠴᠢᠯᠠᠪᠠ᠃      ᠶᠠᠩ ᠵᠢᠶᠧ ‍ᠤᠤᠢ᠂ ᠸᠠᠩ ᠢ ᠨᠡᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号