ᠰᠢ ᠶᠢᠨ ᠫᠢᠩ ᠠᠽᠧᠷᠪᠠᠶᠢᠵᠠᠨ ᠤ ᠶᠡᠷᠦᠩᠬᠡᠶᠢᠯᠡᠭᠴᠢ ᠠᠯᠢᠶᠧᠹ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2021/6/4
       ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 2 ᠤᠨ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 6 ᠰᠠᠷ᠎ᠠ ᠶᠢᠨ 2 ᠤᠨ ᠤᠷᠤᠢ ᠠᠽᠧᠷᠪᠠᠶᠢᠵᠠᠨ ᠤ ᠶᠡᠷᠦᠩᠬᠡᠶᠢᠯᠡᠭᠴᠢ ᠠᠯᠢᠶᠧᠹ ᠲᠠᠢ ᠤᠲᠠᠰᠤ ᠪᠠᠷ ᠶᠠᠷᠢᠯᠴᠠᠪᠠ᠃        ᠰᠢ ᠶᠢᠨ ᠫᠢᠩ᠂ ᠨᠢᠳᠤᠨᠤᠨ ᠠᠴᠠ ᠨᠠᠭᠠᠰᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠪᠥᠮᠪᠥᠷᠴᠡᠭ ᠲᠤ ᠶᠡᠭᠡ ᠪᠠᠷ ᠦᠷᠪᠢᠰᠦᠨ ᠳᠡᠯᠭᠡᠷᠡᠪᠠ᠂ ᠳᠤᠮᠳᠠᠳᠤ ᠠᠽᠧᠷᠪᠠᠶᠢᠵᠠᠨ ᠬᠤᠶᠠᠷ ᠲᠠᠯ᠎ᠠ ᠪᠠᠷ ᠢᠶᠠᠨ ᠬᠠᠷᠢᠯᠴᠠᠨ ᠲᠡᠮᠵᠢᠵᠥ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠵᠢᠩᠬᠢᠨᠢ ᠨᠥᠬᠦᠷᠰᠡᠭ ᠬᠠᠶᠢᠷ᠎ᠠ ᠰᠡᠳᠬᠢᠯᠭᠡ ᠶᠢ ᠢᠯᠡᠷᠡᠭᠦᠯᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠳᠠᠯ ᠦᠭᠡᠢ ᠵᠠᠭᠤᠨ ᠵᠢᠯ ᠤᠨ ᠤᠢ ᠪᠠᠨ ᠤᠭᠲᠤᠵᠤ᠂ ᠳᠤᠮᠳᠠᠳᠤ ᠤᠯᠤᠰ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠳᠤᠮᠳᠠᠳᠤ ᠠᠽᠧᠷᠪᠠᠶᠢᠵᠠᠨ ᠤ ᠬᠠᠷᠢᠯᠴᠠᠭ᠎ᠠ ᠰᠢᠨ᠎ᠡ ᠲᠡᠦᠬᠡ ᠶᠢᠨ ᠭᠠᠷᠤᠭ᠎ᠠ ᠳᠤ ᠬᠦᠷᠦᠯ᠎ᠡ᠃ ᠬᠤᠶᠠᠷ ᠲᠠᠯ᠎ᠠ ᠪᠠᠷ ᠢᠶᠠᠨ ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠠᠷᠢᠯᠴᠠᠨ ᠳᠡᠮᠵᠢᠬᠦ ᠪᠠᠨ ᠴᠢᠩᠭᠠᠳᠬᠠᠵᠤ᠂ ᠢᠷᠡᠬᠦ ᠵᠢᠯ ᠳᠤ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠣᠢ ᠶᠢ ᠪᠡᠯᠭᠡᠯᠡᠬᠦ ᠪᠠᠷ ᠠᠵᠠ ᠲᠣᠬᠢᠶᠠᠯ ᠪᠣᠯᠭᠠᠵᠤ ᠂ ᠬᠤᠶᠠᠷ ᠤᠯᠤᠰ ᠤᠨ ᠬᠠᠷᠢᠯᠴᠠᠭ᠎ᠠ ᠨᠡᠩ ᠶᠡᠭᠡ ᠬᠥᠭᠵᠢᠯᠲᠡ ᠲᠠᠢ ᠪᠣᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠶ᠎ᠡ ᠭᠡᠵᠦ ᠵᠢᠭᠠᠵᠦ ᠭᠠᠷᠭᠠᠪᠠ᠃ ᠰᠢ ᠶᠢᠨ ᠫᠢᠩ᠂ ᠳᠤᠮᠳᠠᠳᠤ ᠤᠯᠤᠰ ᠠᠽᠧᠷᠪᠠᠶᠢᠵᠠᠨ ᠤ ᠠᠷᠠᠳ ᠲᠦᠮᠡᠨ ᠤ ᠲᠣᠰ ᠤᠯᠤᠰ ᠤᠨ ᠢᠶᠠᠨ ᠪᠠᠶᠢᠳᠠᠯ ᠢ ᠦᠨᠳᠦᠰᠦᠯᠡᠨ ᠰᠣᠩᠭᠤᠭᠰᠠᠨ ᠬᠥᠭᠵᠢᠯᠲᠡ ᠶᠢᠨ ᠵᠠᠮ ᠢ ᠳᠡᠮᠵᠢᠵᠦ᠂ ᠠᠽᠧᠷᠪᠠᠶᠢᠵᠠᠨ ᠤ ᠬᠢᠨ ᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠴᠢᠬᠤᠯᠠ ᠬᠠᠮᠲᠤᠷᠠᠯᠴᠠᠭᠠᠨ ᠤ ᠬᠠᠨᠢᠲᠠᠨ ᠢᠶᠠᠷ ᠦᠵᠡᠵᠦ ᠪᠤᠢ᠃ ᠬᠤᠶᠠᠷ ᠲᠠᠯ᠎ᠠ ᠪᠠᠷ ᠢᠶᠠᠨ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠬᠥᠭᠵᠢᠯᠲᠡ ᠶᠢ ᠬᠠᠮᠲᠤ ᠪᠠᠷ ᠡᠷᠢᠯᠬᠢᠯᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠰᠠᠶᠢᠲᠤᠷ ᠲᠥᠯᠥᠪᠵᠢᠭᠦᠯᠵᠦ᠂ ᠰᠠᠶᠢᠲᠤᠷ ᠠᠬᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠠᠽᠧᠷᠪᠠᠶᠢᠵᠠᠨ ᠠᠴᠠ ᠨᠡᠩ ᠤᠯᠠᠨ ᠴᠢᠨᠠᠷ ᠰᠠᠶᠢᠲᠠᠢ ᠤᠨᠴᠠᠯᠢᠬᠳᠤ ᠪᠦᠲᠦᠭᠡᠭᠳᠡᠬᠦᠨ ᠢ ᠣᠷᠣᠭᠤᠯᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠠᠽᠧᠷᠪᠠᠶᠢᠵᠠᠨ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠬᠦᠭᠵᠢᠬᠦᠯᠬᠦ ᠶᠢ ᠲᠡᠮᠵᠢᠵᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠥᠷᠨᠢᠭᠦᠯᠦᠨ᠎ᠡ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠲᠡᠭᠡᠭᠡᠪᠦᠷᠢ ᠪᠣᠯᠤᠨ ᠪᠠᠷᠠᠭᠠᠨ ᠤ ᠭᠦᠢᠯᠭᠡᠭᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠽᠢᠶ᠎ᠠ ᠡᠸᠦ᠋ᠷᠦᠫᠡ ᠶᠢᠨ ᠲᠡᠭᠡᠭᠡᠪᠦᠷᠢ ᠶᠢᠨ ᠬᠤᠩᠬᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠣᠷᠣᠨ ᠪᠦᠰᠡ ᠶᠢᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠦᠶ᠎ᠡ᠃ ᠳᠤᠮᠳᠠᠳᠤ ᠤᠯᠤᠰ ᠳᠤᠷᠠᠲᠠᠶ᠎ᠠ ᠠᠽᠧᠷᠪᠠᠶᠢᠵᠠᠨ ᠤ ᠲᠠᠯ᠎ᠠ ᠲᠠᠢ ᠠᠨᠠᠭᠠᠬᠤ ᠤᠬᠠᠭᠠᠨ ᠤ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠽᠧᠷᠪᠠᠶᠢᠵᠠᠨ ᠤ ᠬᠢᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠦᠷᠭᠦᠯᠵᠢᠯᠡᠨ ᠸᠠᠺᠼᠢᠨ ᠵᠡᠷᠭᠡ ᠬᠠᠪᠰᠤᠷᠤᠯᠭ᠎ᠠ ᠬᠠᠩᠭᠠᠨ᠎ᠠ᠃ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠤᠯᠪᠠ᠂ ᠳᠤᠷᠠᠲᠠᠶ᠎ᠠ ᠠᠽᠧᠷᠪᠠᠶᠢᠵᠠᠨ ᠤ ᠬᠢᠨ ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠬᠦ ᠪᠥᠮᠪᠥᠷᠴᠡᠭ ᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠬᠦ ᠦᠢᠯᠡᠰ ᠢ ᠬᠠᠮᠲᠤ ᠪᠠᠷ ᠠᠬᠢᠭᠤᠯᠤᠨ᠎ᠠ ᠭᠡᠵᠦ ᠴᠢᠬᠤᠯᠠᠴᠢᠯᠠᠪᠠ᠃         ᠠᠯᠢᠶᠧᠹ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠂ ᠠᠽᠧᠷᠪᠠᠶᠢᠵᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠳᠤᠮᠳᠠᠳᠤ ᠶᠢᠨ ᠲᠠᠯ᠎ᠠ ᠡᠮᠴᠢᠯᠡᠭᠡᠨ ᠤ ᠡᠳ᠋ ᠪᠣᠳᠠᠰ᠂ ᠸᠠᠺᠼᠢᠨ ᠵᠡᠷᠭᠡ ᠡᠷᠬᠢᠮ ᠨᠠᠨᠳᠢᠨ ᠲᠤᠰᠠᠯᠠᠮᠵᠢ ᠬᠠᠩᠭᠠᠭᠰᠠᠨ ᠳᠤ ᠲᠠᠯᠠᠷᠬᠠᠵᠤ ᠪᠠᠶᠢᠨ᠎ᠠ᠃ ᠠᠽᠧᠷᠪᠠᠶᠢᠵᠠᠨ ᠳᠤᠮᠳᠠᠳᠤ ᠬᠤᠶᠠᠷ ᠤᠯᠤᠰ ᠤᠨ ᠤᠯᠤᠰ ᠲᠦᠷᠦ᠂ ᠠᠵᠤ ᠠᠬᠤᠢ᠂ ᠵᠠᠮ ᠲᠡᠭᠡᠭᠡᠪᠦᠷᠢ ᠵᠡᠷᠭᠡ ᠡᠯ᠎ᠡ ᠬᠦᠷᠢᠶᠡᠨ ᠤ ᠬᠠᠮᠲᠤᠷᠠᠯᠴᠠᠭ᠎ᠠ ᠮᠠᠰᠢ ᠰᠠᠶᠢᠨ ᠪᠠᠶᠢᠵᠤ᠂ ᠠᠽᠧᠷᠪᠠᠶᠢᠵᠠᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ ᠠᠽᠧᠷᠪᠠᠶᠢᠵᠠᠨ ᠤ ᠲᠠᠯ᠎ᠠ ᠳᠤᠮᠳᠠᠳᠤ ᠤᠯᠤᠰ ᠤᠨ ᠨᠡᠩ ᠤᠯᠠᠨ ᠠᠵᠤ ᠠᠬᠤᠶᠢᠯᠠᠯ ᠠᠽᠧᠷᠪᠠᠶᠢᠵᠠᠨ ᠳᠤ ᠢᠷᠡᠵᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠭᠠᠵᠠᠷ ᠣᠷᠣᠨ ᠤ ᠬᠡᠷᠡᠭ ᠶᠠᠪᠤᠳᠠᠯ ᠤᠨ ᠲᠤᠬᠠᠢ ᠣᠯᠣᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠳᠤᠮᠳᠠᠳᠤ ᠤᠯᠤᠰ ᠪᠣᠯ ᠠᠽᠧᠷᠪᠠᠶᠢᠵᠠᠨ ᠤ ᠵᠢᠩᠬᠢᠨᠢ ᠬᠠᠨᠢᠲᠠᠨ ᠮᠥᠨ᠂ ᠠᠽᠧᠷᠪᠠᠶᠢᠵᠠᠨ ᠥᠩᠭᠡᠷᠡᠭᠰᠡᠨ᠂ ᠣᠲᠣ᠂ ᠢᠷᠡᠭᠡᠳᠦᠶ ᠳᠤ ᠴᠥᠮ ᠳᠤᠮᠳᠠᠳᠤ ᠶᠢᠨ ᠲᠠᠯ᠎ᠠ ᠶᠢᠨ ᠲᠠᠶᠢᠸᠠᠨ ᠲᠠᠢ ᠬᠤᠯᠪᠣᠭᠳᠠᠭᠰᠠᠨ᠂ ᠰᠢᠶᠠᠩᠭᠠᠩ ᠲᠠᠢ ᠬᠤᠯᠪᠣᠭᠳᠠᠭᠰᠠᠨ᠂ ᠰᠢᠨᠵᠢᠶᠠᠩ ᠲᠠᠢ ᠬᠤᠯᠪᠣᠭᠳᠠᠭᠰᠠᠨ ᠠᠰᠠᠭᠤᠳᠠᠯ ᠳᠡᠭᠡᠷᠡᠬᠢ ᠵᠣᠭᠰᠣᠯᠲᠠ ᠶᠢ ᠡᠷᠡᠰ ᠳᠡᠮᠵᠢᠵᠦ᠂ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠬᠠᠮᠲᠤ ᠪᠠᠷ ᠴᠢᠷᠮᠠᠶᠢᠵᠤ᠂ ᠠᠽᠧᠷᠪᠠᠶᠢᠵᠠᠨ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠥᠬᠡᠶ ᠬᠥᠭᠵᠢᠬᠦ ᠶᠢ ᠠᠬᠢᠭᠤᠯᠤᠨ᠎ᠠ᠃ ᠠᠽᠧᠷᠪᠠᠶᠢᠵᠠᠨ ᠤ ᠲᠠᠯ᠎ᠠ ᠳᠤᠮᠳᠠᠳᠤ ᠤᠯᠤᠰ ᠤᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠬᠦ ᠶᠢ ᠳᠡᠮᠵᠢᠨ᠎ᠡ ᠭᠡᠵᠦ ᠢᠯᠡᠳᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号