ᠰᠢ ᠶᠢᠨ ᠫᠢᠩ ᠳ᠋ᠣᠮᠢᠨᠢᠺᠠ ᠶᠢᠨ ᠶᠡᠷᠦᠩᠬᠡᠶᠢᠯᠡᠭᠴᠢ ᠠᠪᠢᠨᠠᠳᠧᠷ ᠲᠠᠢ ᠤᠲᠠᠰᠤ ᠪᠠᠷ ᠶᠠᠷᠢᠯᠴᠠᠵᠠᠢ
ᠨᠡᠶᠢᠲᠡᠯᠡᠭᠰᠡᠨ ᠴᠠᠭ᠄
2021/6/4
        ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 2 ᠤᠨ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 6 ᠰᠠᠷ᠎ᠠ ᠶᠢᠨ 2 ᠤᠨ ᠣᠷᠣᠢ ᠳ᠋ᠣᠮᠢᠨᠢᠺᠠ ᠶᠢᠨ ᠶᠡᠷᠦᠩᠬᠡᠶᠢᠯᠡᠭᠴᠢ ᠠᠪᠢᠨᠠᠳᠧᠷ ᠲᠠᠢ ᠤᠲᠠᠰᠤ ᠪᠠᠷ ᠶᠠᠷᠢᠯᠴᠠᠪᠠ᠃         ᠰᠢ ᠶᠢᠨ ᠫᠢᠩ᠂ ᠳᠤᠮᠳᠠᠳᠤ ᠳ᠋ᠣᠮᠢᠨᠢᠺᠠ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ ᠳ᠋ᠣᠮᠢᠨᠢᠺᠠ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠭᠠᠳᠠᠭᠠᠳᠤ ᠬᠠᠷᠢᠯᠴᠠᠭᠠᠨ ᠤ ᠤᠷᠢᠳ ᠢᠶᠠᠷ ᠪᠣᠳᠣᠯᠬᠢᠯᠠᠬᠤ ᠴᠢᠭᠯᠡᠯ ᠪᠣᠯᠭᠠᠪᠠ᠂ ᠳᠤᠮᠳᠠᠳᠤ ᠤᠯᠤᠰ ᠡᠭᠦᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠳᠤᠮᠳᠠᠳᠤ ᠳ᠋ᠣᠮᠢᠨᠢᠺᠠ ᠬᠠᠷᠢᠯᠴᠠᠨ ᠲᠡᠮᠵᠢᠵᠥ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠪᠠ᠃ ᠳᠤᠮᠳᠠᠳᠤ ᠶᠢᠨ ᠲᠠᠯ᠎ᠠ ᠳ᠋ᠣᠮᠢᠨᠢᠺᠠ ᠶᠢᠨ ᠬᠢᠵᠢᠭ ᠲᠠᠢ ᠲᠡᠮᠡᠴᠡᠬᠦ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠳᠡᠮᠵᠢᠯᠭᠡ ᠦᠵᠡᠭᠦᠯᠦᠨ᠎ᠡ᠃ ᠲᠠᠨ ᠤ ᠤᠳᠤᠷᠢᠳᠤᠯᠭ᠎ᠠ ᠳᠣᠣᠷ᠎ᠠ ᠳ᠋ᠣᠮᠢᠨᠢᠺᠠ ᠬᠢᠵᠢᠭ ᠢ ᠡᠷᠲᠡᠬᠡᠨ ᠢᠯᠠᠬᠤ ᠶᠢ ᠢᠲᠡᠭᠡᠵᠦ ᠪᠠᠶᠢᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠳ᠋ᠣᠮᠢᠨᠢᠺᠠ ᠯᠤᠭ᠎ᠠ ᠬᠠᠮᠲᠤ ᠪᠠᠷ ᠳᠤᠮᠳᠠᠳᠤ ᠳ᠋ᠣᠮᠢᠨᠢᠺᠠ ᠶᠢᠨ ᠬᠠᠷᠢᠯᠴᠠᠭ᠎ᠠ ᠨᠡᠩ ᠶᠡᠭᠡ ᠬᠥᠭᠵᠢᠯᠲᠡ ᠲᠠᠢ ᠪᠤᠯᠵᠤ᠂ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃         ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠤᠳᠠᠯ ᠦᠭᠡᠢ ᠨᠠᠮ ᠪᠠᠶᠢᠭᠤᠯᠤᠭᠳᠠᠭᠰᠠᠨ 100 ᠵᠢᠯ ᠤᠨ ᠤᠢ ᠪᠠᠨ ᠤᠭᠲᠤᠬᠤ ᠪᠣᠯᠤᠨ᠎ᠠ᠃ ᠠᠷᠠᠳ ᠲᠦᠮᠡᠨ ᠤ ᠵᠣᠭᠰᠣᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠨ ᠤᠯᠤᠰ ᠲᠥᠷᠥ ᠶᠢᠨ ᠵᠣᠭᠰᠣᠯᠲᠠ ᠮᠥᠨ᠂ ᠡᠨᠡ ᠨᠢ ᠳ᠋ᠣᠮᠢᠨᠢᠺᠠ ᠶᠢᠨ ᠰᠠᠨᠠᠭᠠᠴᠢᠯᠠᠭᠰᠠᠨ ︽ᠠᠷᠠᠳ ᠲᠦᠮᠡᠨ ᠢ ᠤᠷᠢᠳ ᠢᠶᠠᠷ ᠪᠣᠳᠣᠯᠬᠢᠯᠠᠬᠤ︾ ᠲᠥᠷᠥ ᠪᠠᠷᠢᠬᠤ ᠣᠶᠢᠯᠠᠭᠠᠭᠳᠠᠬᠤᠨ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠳ᠋ᠣᠮᠢᠨᠢᠺᠠ ᠯᠤᠭ᠎ᠠ ᠲᠦᠷᠦ ᠪᠠᠷᠢᠬᠤ ᠣᠶᠢᠯᠠᠭᠠᠭᠳᠠᠬᠤᠨ ᠤ ᠰᠣᠯᠢᠯᠴᠠᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠬᠠᠮᠲᠤ ᠶᠢᠨ ᠬᠥᠭᠵᠢᠯᠲᠡ ᠶᠢ ᠠᠬᠢᠭᠤᠯᠤᠨ᠎ᠠ᠃ ᠡᠨᠡ ᠵᠢᠯ ᠪᠣᠯ ᠳᠤᠮᠳᠠᠳᠤ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠳᠤᠮᠳᠠᠳᠤ ᠶᠢᠨ ᠲᠠᠯ᠎ᠠ ᠨᠠᠩ ᠥᠨᠳᠥᠷ ᠲᠦᠪᠰᠢᠨ ᠠᠴᠠ ᠨᠡᠭᠡᠭᠡᠯᠲᠡ ᠪᠠᠨ ᠥᠷᠭᠡᠳᠬᠡᠬᠦ ᠨᠢ ᠳᠤᠮᠳᠠᠳᠤ ᠳ᠋ᠣᠮᠢᠨᠢᠺᠠ ᠶᠢᠨ ᠬᠠᠮᠲᠤᠷᠠᠯᠴᠠᠭ᠎ᠠ ᠳᠤ ᠨᠠᠩ ᠣᠯᠠᠨ ᠠᠵᠠ ᠲᠣᠬᠢᠶᠠᠯ ᠠᠪᠴᠢᠷᠠᠬᠤ ᠪᠣᠯᠤᠨ᠎ᠠ᠃ ᠳᠤᠮᠳᠠᠳᠤ ᠶᠢᠨ ᠲᠠᠯ᠎ᠠ ᠳ᠋ᠣᠮᠢᠨᠢᠺᠠ ᠶᠢᠨ ᠳᠤᠮᠳᠠᠳᠤ ᠤᠯᠤᠰ ᠲᠤ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠭᠠᠷᠭᠠᠬᠤ ᠶᠢ ᠪᠠᠶᠠᠷᠯᠠᠨ ᠤᠭᠲᠤᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠳ᠋ᠣᠮᠢᠨᠢᠺᠠ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠳᠡᠮᠵᠢᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠳ᠋ᠣᠮᠢᠨᠢᠺᠠ ᠯᠤᠭ᠎ᠠ ᠤᠯᠠᠨ ᠤᠯᠤᠰ ᠤᠨ ᠪᠠ ᠭᠠᠵᠠᠷ ᠣᠷᠣᠨ ᠤ ᠠᠰᠠᠭᠤᠳᠠᠯ ᠤᠨ ᠲᠠᠯ᠎ᠠ ᠪᠠᠷ ᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠣᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠡᠷᠬᠡ ᠠᠰᠢᠭ ᠢ ᠬᠠᠮᠲᠤ ᠪᠠᠷ ᠬᠠᠮᠠᠭᠠᠯᠠᠨ᠎ᠠ᠃ ᠳ᠋ᠣᠮᠢᠨᠢᠺᠠ ᠶᠢᠨ ᠬᠢᠨ ᠳᠤᠮᠳᠠᠳᠤ ᠤᠯᠤᠰ ᠪᠣᠯᠤᠨ ᠺᠠᠷᠢᠪᠧ ᠬᠢᠭᠡᠳ ᠳᠤᠮᠳᠠᠳᠤ ᠠᠮᠧᠷᠢᠺᠠ ᠲᠢᠪ ᠤᠨ ᠤᠯᠤᠰ ᠤᠳ ᠤᠨ ᠬᠠᠷᠢᠯᠴᠠᠭ᠎ᠠ᠂ ᠳᠤᠮᠳᠠᠳᠤ ᠯᠠᠲ᠋ᠢᠨ ᠠᠮᠧᠷᠢᠺᠠ ᠶᠢᠨ ᠪᠦᠬᠦᠯᠢ ᠴᠣᠭᠴᠠ ᠶᠢᠨ ᠬᠠᠮᠲᠤᠷᠠᠯᠴᠠᠭ᠎ᠠ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃          ᠠᠪᠢᠨᠠᠳᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠳᠠᠯ ᠦᠭᠡᠢ ᠨᠠᠮ ᠪᠠᠶᠢᠭᠤᠯᠤᠭᠳᠠᠭᠰᠠᠨ 100 ᠵᠢᠯ ᠤᠨ ᠤᠢ ᠪᠠᠨ ᠤᠭᠲᠤᠬᠤ ᠪᠠᠷ ᠪᠠᠶᠢᠭ᠎ᠠ ᠳᠤ ᠪᠢ ᠴᠢᠩ ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠠᠩᠭᠠᠭᠰᠠᠨ ᠡᠮᠴᠢᠯᠡᠭᠡᠨ ᠤ ᠡᠳ᠋ ᠪᠣᠳᠠᠰ ᠪᠣᠯᠤᠨ ᠸᠠᠺᠼᠢᠨ ᠨᠢ ᠳ᠋ᠣᠮᠢᠨᠢᠺᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠵᠡᠢ᠂ ᠳ᠋ᠣᠮᠢᠨᠢᠺᠠ ᠶᠢᠨ ᠬᠢᠨ ᠡᠭᠦᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ ᠳ᠋ᠣᠮᠢᠨᠢᠺᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠡᠷᠡᠰ ᠪᠠᠷᠢᠮᠲᠠᠯᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠶᠠᠪᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠠᠵᠤ ᠠᠬᠤᠢ ᠠᠷᠠᠯᠵᠢᠶ᠎ᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠨ᠎ᠡ ᠭᠡᠵᠦ ᠢᠯᠡᠳᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号