ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 2 ᠤᠨ ᠴᠠᠬᠢᠯᠭᠠᠨ ᠮᠡᠳᠡᠭᠡ ᠤᠯᠤᠰ ᠤᠨ | ᠲᠡᠷᠢᠭᠦᠯᠡᠭᠴᠢ ᠰᠢ ᠶᠢᠨ ᠫᠢᠩ 6 ᠰᠠᠷ᠎ᠠ ᠶᠢᠨ 2 ᠤᠨ ᠤᠷᠤᠢ ᠺᠠᠽᠠᠭᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠲᠠᠢ | ᠤᠲᠠᠰᠤ ᠪᠠᠷ ᠶᠠᠷᠢᠯᠴᠠᠪᠠ᠃ | ᠰᠢ ᠶᠢᠨ ᠫᠢᠩ᠂ ᠳᠤᠮᠳᠠᠳᠤ ᠺᠠᠽᠠᠭᠰᠲ᠋ᠠᠨ ᠪᠣᠯ ᠥᠨᠢᠳᠡ ᠶᠢᠨ ᠪᠦᠬᠦ ᠲᠠᠯ᠎ᠠ ᠶᠢᠨ ᠪᠠᠶᠢᠯᠳᠤᠬᠤ | ᠪᠤᠳᠤᠯᠭ᠎ᠠ ᠶᠢᠨ ᠬᠠᠨᠢᠲᠠᠨ ᠮᠥᠨ᠂ ᠳᠤᠮᠳᠠᠳᠤ ᠺᠠᠽᠠᠭᠰᠲ᠋ᠠᠨ ᠤ ᠨᠥᠬᠦᠷᠯᠡᠯ ᠭᠦᠨ ᠵᠤᠵᠠᠭᠠᠨ ᠰᠠᠭᠤᠷᠢ ᠪᠠ | ᠬᠦᠴᠦᠷᠬᠡᠭ ᠶᠡᠭᠡ ᠬᠥᠳᠡᠯᠭᠡᠬᠦ ᠬᠦᠴᠦᠨ ᠲᠠᠢ ᠶᠤᠮ᠃ ᠡᠨᠡ ᠵᠢᠯ ᠪᠣᠯ ᠳᠤᠮᠳᠠᠳᠤ ᠺᠠᠽᠠᠭᠰᠲ᠋ᠠᠨ ᠬᠤᠶᠠᠷ ᠤᠯᠤᠰ ᠲᠤ | ᠴᠥᠮ ᠣᠨᠴᠠᠭᠠᠢ ᠤᠳᠬ᠎ᠠ ᠠᠭᠤᠯᠭ᠎ᠠ ᠲᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠳᠠᠯ ᠦᠭᠡᠢ ᠵᠠᠭᠤᠨ | ᠵᠢᠯ ᠤᠨ ᠤᠢ ᠪᠠᠨ ᠤᠭᠲᠤᠵᠤ᠂ ᠺᠠᠽᠠᠭᠰᠲ᠋ᠠᠨ ᠲᠤᠰᠠᠭᠠᠷ ᠲᠣᠭᠲᠠᠨᠢᠭᠰᠠᠨ 30 ᠵᠢᠯ ᠤᠨ ᠤᠢ ᠪᠠᠨ ᠤᠭᠲᠤᠬᠤ | ᠪᠣᠯᠤᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠺᠠᠽᠠᠭᠰᠲ᠋ᠠᠨ ᠤ ᠲᠠᠯ᠎ᠠ ᠲᠠᠢ ᠭᠠᠷ ᠬᠤᠯᠪᠣᠨ ᠮᠥᠷᠥ ᠵᠡᠷᠭᠡᠴᠡᠨ | ᠤᠷᠤᠭᠰᠢᠯᠠᠵᠤ᠂ ᠬᠤᠶᠠᠷ ᠤᠯᠤᠰ ᠤᠨ ᠡᠯ᠎ᠡ ᠬᠦᠷᠢᠶᠡᠨ ᠤ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ ᠬᠥᠭᠵᠢᠬᠦ᠂ | ᠬᠤᠶᠠᠷ ᠤᠯᠤᠰ ᠤᠨ ᠬᠠᠷᠢᠯᠴᠠᠭ᠎ᠠ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠠᠬᠢᠭᠤᠯᠵᠤ᠂ ᠳᠤᠮᠳᠠᠳᠤ | ᠺᠠᠽᠠᠭᠰᠲ᠋ᠠᠨ ᠤ ᠬᠠᠷᠢᠯᠴᠠᠭ᠎ᠠ ᠶᠢ ᠨᠡᠩ ᠰᠠᠶᠢᠨ ᠪᠣᠯᠭᠠᠵᠤ᠂ ᠬᠤᠶᠠᠷ ᠤᠯᠤᠰ ᠤᠨ ᠠᠷᠠᠳ ᠲᠦᠮᠡᠨ ᠢ ᠨᠡᠩ ᠳᠣᠲᠣᠨᠣ | ᠪᠣᠯᠭᠠᠵᠤ᠂ ᠬᠤᠶᠠᠷ ᠤᠯᠤᠰ ᠤᠨ ᠬᠥᠭᠵᠢᠯᠲᠡ ᠶᠢ ᠨᠡᠩ ᠰᠠᠶᠢᠨ ᠰᠠᠶᠢᠬᠠᠨ ᠠᠯᠤᠰ ᠢᠷᠡᠭᠡᠳᠦᠢ ᠲᠠᠢ ᠪᠣᠯᠭᠠᠨ᠎ᠠ ᠭᠡᠵᠦ | ᠵᠢᠭᠠᠵᠤ ᠭᠠᠷᠭᠠᠪᠠ᠃ ᠰᠢ ᠶᠢᠨ ᠫᠢᠩ᠂ ᠳᠤᠮᠳᠠᠳᠤ ᠺᠠᠽᠠᠭᠰᠲ᠋ᠠᠨ ᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠳᠦᠭᠡᠨ ᠪᠠᠶᠢᠭᠤᠯᠬᠤ ᠪᠣᠷᠣ ᠲᠥᠯᠥᠪ ᠤᠨ ᠳᠣᠣᠷᠠᠬᠢ ᠬᠠᠮᠲᠤᠷᠠᠯᠴᠠᠭ᠎ᠠ ᠨᠢ ᠬᠤᠶᠠᠷ ᠤᠯᠤᠰ ᠤᠨ ᠠᠷᠠᠳ | ᠲᠦᠮᠡᠨ ᠳᠤ ᠦᠨᠡᠨ ᠪᠣᠳᠠᠲᠠᠢ ᠪᠤᠶᠠᠨ ᠵᠢᠷᠭᠠᠯ ᠠᠪᠴᠢᠷᠠᠭᠰᠠᠨ ᠪᠥᠭᠡᠳ ᠳᠡᠯᠡᠬᠡᠢ ᠨᠡᠶᠢᠭᠡᠮ ᠳᠤ ᠦᠯᠢᠬᠡᠷ ᠳᠠᠭᠤᠷᠢᠶᠠᠯ | ᠪᠣᠯᠤᠭᠰᠠᠨ ᠪᠠᠶᠢᠨ᠎ᠠ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ | ᠪᠦᠳᠦᠭᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠦᠢᠯᠡᠳᠪᠦᠷᠢᠯᠡᠯ ᠤᠨ ᠴᠢᠳᠠᠪᠤᠷᠢ᠂ ᠠᠷᠠᠯᠵᠢᠶ᠎ᠠ᠂ ᠬᠥᠳᠡᠭᠡ | ᠠᠵᠤ ᠠᠬᠤᠢ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ | ᠬᠤᠯᠪᠣᠯᠳᠤᠨ ᠨᠡᠪᠲᠡᠷᠡᠯᠴᠡᠬᠦ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠶᠢᠨ ᠬᠠᠮᠲᠤ ᠪᠣᠬᠢᠷᠲᠤᠯ ᠦᠭᠡᠢ | ᠡᠨᠧᠷᠭᠢ᠂ ᠵᠣᠬᠢᠶᠠᠮᠠᠯ ᠤᠶᠤᠨ ᠴᠢᠳᠠᠪᠤᠷᠢ᠂ ᠡᠯᠧᠺᠳ᠋ᠷᠣᠨ ᠬᠤᠳᠠᠯᠳᠤᠭ᠎ᠠ᠂ ᠲᠣᠭᠠᠴᠢᠯᠠᠭᠰᠠᠨ ᠮᠥᠩᠭᠦᠨ ᠭᠦᠢᠯᠭᠡᠭᠡ | ᠵᠡᠷᠭᠡ ᠬᠦᠷᠢᠶᠡᠨ ᠳᠤ ᠬᠠᠮᠲᠤᠷᠠᠯᠴᠠᠭᠠᠨ ᠤ ᠰᠢᠨ᠎ᠡ ᠨᠡᠮᠡᠭᠳᠡᠯ ᠤᠨ ᠴᠡᠭ ᠢ ᠬᠦᠴᠦᠯᠡᠨ ᠪᠤᠶᠢᠵᠢᠭᠤᠯᠵᠤ᠂ ︽ᠪᠣᠬᠢᠷᠲᠤᠯ | ᠦᠭᠡᠢ ᠲᠣᠷᠭᠠᠨ ᠵᠠᠮ︾᠂ ︽ᠡᠷᠡᠭᠦᠯ ᠡᠩᠬᠡ ᠲᠣᠷᠭᠠᠨ ᠵᠠᠮ︾᠂ ︽ᠲᠣᠭᠠᠴᠢᠯᠠᠭᠰᠠᠨ ᠲᠣᠷᠭᠠᠨ ᠵᠠᠮ︾ ᠢ | ᠬᠠᠮᠲᠤ ᠪᠠᠷ ᠴᠣᠭᠴᠠᠯᠠᠶ᠎ᠠ᠃ ᠳᠤᠮᠳᠠᠳᠤ ᠤᠯᠤᠰ ᠳᠤᠷᠠᠲᠠᠶ᠎ᠠ ᠺᠠᠽᠠᠭᠰᠲ᠋ᠠᠨ ᠯᠤᠭ᠎ᠠ ᠠᠯᠤᠰ ᠡᠵᠡᠮᠰᠢᠯᠳᠤ ᠡᠮᠴᠢᠯᠡᠭᠡ᠂ | ᠤᠯᠠᠮᠵᠢᠯᠠᠯᠲᠤ ᠠᠨᠠᠭᠠᠬᠤ ᠤᠬᠠᠭᠠᠨ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠺᠠᠽᠠᠭᠰᠲ᠋ᠠᠨ ᠤ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠦᠷᠭᠦᠯᠵᠢᠯᠡᠨ ᠬᠠᠪᠰᠤᠷᠤᠯᠭ᠎ᠠ ᠪᠠ | ᠳᠡᠮᠵᠢᠯᠭᠡ ᠬᠠᠩᠭᠠᠨ᠎ᠠ᠃ ᠬᠤᠶᠠᠷ ᠲᠠᠯ᠎ᠠ ᠪᠠᠷ ᠢᠶᠠᠨ ᠪᠠᠰᠠ ᠬᠠᠤᠯᠢ ᠬᠡᠷᠡᠭᠵᠢᠭᠦᠯᠬᠦ᠂ ᠠᠮᠤᠷ ᠲᠦᠪᠰᠢᠨ᠂ | ᠰᠡᠷᠭᠡᠶᠢᠯᠡᠯᠳᠠ ᠶᠢᠨ ᠶᠠᠪᠤᠳᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠤᠰ ᠭᠠᠵᠠᠷ ᠣᠷᠣᠨ ᠤ | ᠡᠩᠬᠡ ᠲᠠᠶᠢᠪᠤᠩ ᠠᠮᠤᠷ ᠲᠣᠭᠲᠠᠭᠤᠨ ᠢ ᠬᠠᠮᠲᠤ ᠪᠠᠷ ᠬᠠᠮᠠᠭᠠᠯᠠᠶ᠎ᠠ ᠭᠡᠵᠦ ᠴᠢᠬᠤᠯᠠᠴᠢᠯᠠᠪᠠ᠃ | ᠲᠦᠸᠧᠺᠠᠶᠧᠹ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ | ᠤᠢ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠳᠤᠮᠳᠠᠳᠤ ᠤᠯᠤᠰ ᠤᠨ ᠬᠥᠭᠵᠢᠯᠲᠡ ᠲᠡᠦᠬᠡᠲᠦ ᠴᠢᠨᠠᠷᠲᠠᠢ ᠠᠮᠵᠢᠯᠲᠠ ᠣᠯᠵᠤ᠂ ᠳᠤᠮᠳᠠᠳᠤ ᠤᠯᠤᠰ ᠤᠨ | ᠠᠷᠠᠳ ᠲᠦᠮᠡᠨ ᠡᠷᠡᠰ ᠪᠠᠲᠤ ᠠᠯᠬᠤᠭ᠎ᠠ ᠪᠠᠷ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠪᠣᠯᠤᠨ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠶᠠᠨ ᠵᠠᠮ ᠳᠠᠭᠠᠨ | ᠤᠷᠤᠭᠰᠢᠯᠠᠵᠦ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠳᠤᠷᠠᠳᠤᠭᠰᠠᠨ ᠠᠯᠢ ᠤᠯᠠᠨ ᠴᠢᠬᠤᠯᠠ ᠶᠡᠭᠡ ᠰᠠᠨᠠᠭᠠᠴᠢᠯᠠᠭ᠎ᠠ | ᠵᠤᠷᠢᠯᠳᠠ ᠨᠢ ᠳᠡᠯᠡᠬᠡᠢ ᠨᠡᠶᠢᠭᠡᠮ ᠤᠨ ᠮᠠᠭᠲᠠᠭᠠᠯ ᠪᠠ ᠳᠡᠮᠵᠢᠯᠭᠡ ᠶᠢ ᠣᠯᠪᠠ᠂ ᠢᠯᠠᠩᠭᠤᠶ᠎ᠠ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠳᠤᠮᠳᠠᠳᠤ ᠶᠢᠨ ᠲᠠᠯ᠎ᠠ ᠶᠢᠨ ᠰᠠᠨᠠᠭᠠᠴᠢᠯᠠᠬᠰᠠᠨ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢᠨ ᠴᠢᠬᠤᠯᠠ ᠴᠢᠨᠠᠷ᠂ ᠵᠠᠶᠢᠯᠠᠰᠢ ᠦᠭᠡᠢ | ᠴᠢᠨᠠᠷ ᠢ ᠤᠯᠠᠮ ᠴᠢᠨᠠᠭᠰᠢᠳᠠ ᠭᠡᠷᠡᠴᠢᠯᠡᠭᠰᠡᠨ ᠪᠥᠭᠡᠳ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ | ᠪᠠᠶᠢᠭᠤᠯᠬᠤ ᠰᠠᠨᠠᠭᠠᠴᠢᠯᠠᠭ᠎ᠠ ᠳᠤ ᠪᠠᠶᠠᠯᠢᠭ ᠴᠠᠭ ᠦᠶ᠎ᠡ ᠶᠢᠨ ᠠᠭᠤᠯᠤᠭᠳᠠᠬᠤᠨ ᠲᠠᠢ ᠪᠤᠯᠭᠠᠪᠠ᠃ ᠺᠠᠽᠠᠭᠰᠲ᠋ᠠᠨ | ᠳᠤᠮᠳᠠᠳᠤ ᠪᠣᠯ ᠨᠡᠷ᠎ᠡ ᠨᠢᠳᠡᠷ ᠲᠡᠭᠡᠨ ᠨᠡᠶᠢᠴᠡᠭᠰᠡᠨ ᠦᠨᠢᠳᠠ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ | ᠬᠠᠨᠢᠲᠠᠨ ᠮᠥᠨ᠂ ᠶᠠᠮᠠᠷᠪᠠ ᠪᠠᠶᠢᠳᠠᠯ ᠳᠣᠣᠷ᠎ᠠ ᠴᠤ ᠭᠡᠰᠡᠨ ᠺᠠᠽᠠᠭᠰᠲ᠋ᠠᠨ ᠤ ᠬᠢᠨ ᠳᠤᠮᠳᠠᠳᠤ ᠤᠯᠤᠰ ᠤᠨ ᠠᠰᠢᠭ | ᠲᠤᠰᠠ ᠶᠢ ᠬᠤᠬᠢᠷᠠᠭᠤᠯᠬᠤ ᠶᠠᠪᠤᠳᠠᠯ ᠢ ᠬᠢᠬᠦ ᠦᠭᠡᠢ ᠶᠤᠮ᠃ ᠺᠠᠽᠠᠭᠰᠲ᠋ᠠᠨ ᠤ ᠬᠢᠨ ᠬᠢᠵᠢᠭ ᠲᠠᠢ ᠲᠡᠮᠡᠴᠡᠬᠦ ᠳᠤ | ᠸᠠᠺᠼᠢᠨ ᠵᠡᠷᠭᠡ ᠲᠠᠯ᠎ᠠ ᠪᠠᠷ ᠳᠤᠮᠳᠠᠳᠤ ᠤᠯᠤᠰ ᠡᠷᠬᠢᠮ ᠨᠠᠨᠳᠢᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ | ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠯᠤᠭ᠎ᠠ ᠺᠠᠽᠠᠭᠰᠲ᠋ᠠᠨ ᠳᠤᠮᠳᠠᠳᠤ ᠶᠢᠨ ᠬᠠᠷᠢᠯᠴᠠᠭ᠎ᠠ ᠶᠢ ᠲᠠᠰᠤᠷᠠᠯᠳᠠ ᠦᠭᠡᠢ | ᠪᠠᠬᠢᠵᠢᠭᠦᠯᠦᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠶᠢ | ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠠᠷᠠᠯᠵᠢᠶ᠎ᠠ᠂ ᠰᠠᠭᠤᠷᠢ ᠲᠥᠬᠦᠭᠡᠷᠦᠮᠵᠢ᠂ ᠡᠷᠡᠭᠦᠯ ᠬᠠᠮᠠᠭᠠᠯᠠᠯ | ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ᠂ ᠠᠽᠢᠶ᠎ᠠ ᠲᠢᠪ ᠤᠨ ᠬᠠᠷᠢᠯᠴᠠᠨ ᠬᠠᠮᠵᠢᠯᠴᠠᠬᠤ ᠪᠠ ᠢᠲᠡᠭᠡᠯᠴᠡᠬᠦ ᠠᠷᠭ᠎ᠠ ᠬᠡᠮᠵᠢᠶ᠎ᠡ ᠶᠢᠨ ᠬᠤᠷᠠᠯ | ᠵᠡᠷᠭᠡ ᠭᠠᠵᠠᠷ ᠣᠷᠣᠨ ᠪᠣᠯᠤᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠪᠣᠷᠣ ᠲᠥᠯᠥᠪ ᠤᠨ ᠳᠣᠣᠷᠠᠬᠢ | ᠤᠯᠤᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠤᠨ᠎ᠠ ᠭᠡᠵᠦ ᠢᠯᠡᠳᠬᠡᠪᠡ᠃ |