ᠯᠢ ᠺᠧ ᠴᠢᠶᠠᠩ ᠪᠦᠬᠦ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠪᠤᠶᠢᠵᠢᠭᠤᠯᠬᠤ ᠪᠠ ᠬᠥᠭᠵᠢᠭᠡᠬᠦ ᠲᠧᠯᠸᠢᠰ ᠣᠳᠠᠰᠣᠳᠣ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2021/6/4
      ᠴᠣᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠪᠤᠶᠢᠵᠢᠭᠤᠯᠬᠤ ᠪᠠ ᠬᠥᠭᠵᠢᠭᠡᠬᠦ ᠲᠧᠯᠸᠢᠰ ᠤᠲᠠᠰᠤ ᠬᠤᠷᠠᠯ ᠳᠡᠭᠡᠷ᠎ᠡ ᠴᠢᠬᠤᠯᠠᠴᠢᠯᠠᠭᠰᠠᠨ ᠨᠢ        ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠬᠥᠭᠵᠢᠭᠡᠵᠦ ᠮᠠᠨ ᠤ ᠤᠯᠤᠰ ᠤᠨ ᠠᠵᠤ ᠠᠬᠤᠶ ᠶᠢᠨ ᠲᠣᠭᠲᠠᠭᠤᠨ ᠤ ᠳᠤᠮᠳᠠ ᠪᠠᠬᠢᠵᠢᠵᠦ ᠰᠠᠶᠢᠵᠢᠷᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ        ᠬᠠᠨ ᠵᠧᠩ ᠬᠤᠷᠠᠯ ᠢ ᠡᠷᠭᠢᠯᠡᠪᠡ        6 ᠳ᠋ᠤᠭᠠᠷ ᠰᠠᠷ᠎ᠠ ᠶᠢᠨ 2 ᠤᠨ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠪᠥᠬᠦ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠪᠤᠶᠢᠵᠢᠭᠤᠯᠬᠤ ᠪᠠ ᠬᠥᠭᠵᠢᠭᠡᠬᠦ ᠲᠧᠯᠸᠢᠰ ᠤᠲᠠᠰᠤ ᠬᠤᠷᠠᠯ ᠢ ᠬᠤᠷᠠᠯᠳᠤᠭᠤᠯᠪᠠ᠃ ᠳᠤᠮᠳᠠᠳᠤ ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠢᠬᠤᠯᠠ ᠶᠠᠷᠢᠶ᠎ᠠ ᠲᠠᠯᠪᠢᠪᠠ᠃         ᠳᠤᠮᠳᠠᠳᠤ ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠠᠨ ᠵᠧᠩ ᠬᠤᠷᠠᠯ ᠢ ᠡᠷᠬᠢᠯᠡᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠰᠦᠨ ᠴᠦᠨ ᠯᠠᠨ᠂ ᠬᠤ᠋ ᠴᠦᠨ ᠬᠤᠸᠠ᠂ ᠯᠢᠦ ᠾᠧ᠂ ᠲᠦᠷᠦ ᠶᠢᠨ ᠶᠠᠪᠤᠳᠠᠯ ᠤᠨ ᠬᠤᠷᠢᠶᠠᠨ ᠤ ᠭᠡᠰᠢᠭᠦᠨ ᠸᠧᠢ ᠹᠧᠩ ᠾᠧ᠂ ᠸᠠᠩ ᠶᠦᠩ᠂ ᠰᠢᠶᠤᠤ ᠵᠢᠶᠧ᠂ ᠵᠤᠤ ᠺᠧ ᡁᠢ ᠬᠤᠷᠠᠯ ᠳᠤ ᠣᠷᠣᠯᠴᠠᠪᠠ᠃
        ᠯᠢ ᠺᠧ ᠴᠢᠶᠠᠩ ᠬᠡᠯᠡᠬᠦ ᠳᠤ ᠪᠠᠨ᠂ ᠨᠢᠳᠤᠨᠤᠨ ᠤᠯᠠᠨ ᠳᠠᠪᠬᠤᠷ ᠬᠦᠨᠳᠦ ᠲᠠᠭᠠᠷᠢᠯᠳᠠ ᠶᠢᠨ ᠡᠮᠦᠨ᠎ᠡ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠳᠤ ᠰᠢᠭᠤᠳ ᠬᠠᠨᠳᠤᠭᠤᠯᠤᠨ᠂ ᠬᠤᠷᠸ᠎ᠠ ᠲᠦᠷᠦ ᠶᠢᠨ ᠪᠤᠳᠤᠯᠭ᠎ᠠ ᠶᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠪᠠ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠵᠡᠷᠭᠡ ᠳᠤ ᠨᠢ ᠴᠢᠬᠤᠯᠠᠴᠢᠯᠠᠵᠤ᠂ ᠠᠵᠢᠯ ᠣᠯᠭᠤᠯᠲᠠ ᠪᠠ ᠠᠵᠤ ᠠᠬᠤᠢ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠳᠤ ᠬᠦᠴᠦᠲᠡᠢ ᠲᠤᠯᠭᠠᠭᠤᠷᠢᠯᠠᠯ ᠪᠣᠯᠤᠭᠰᠠᠨ ᠪᠠᠶᠢᠨ᠎ᠠ᠃ ᠡᠨᠡ ᠵᠢᠯ ᠮᠠᠨ ᠤ ᠤᠯᠤᠰ ᠤᠨ ᠠᠵᠤ ᠠᠬᠤᠶ ᠶᠡᠷᠦᠩᠬᠡᠶ ᠳᠤ ᠪᠠᠨ ᠲᠣᠭᠲᠠᠭᠤᠨ ᠢᠶᠠᠷ ᠰᠡᠷᠭᠦᠬᠦ ᠪᠠᠶᠢᠳᠠᠯ ᠢᠶᠠᠨ ᠦᠷᠭᠦᠯᠵᠢᠯᠡᠭᠦᠯᠵᠦ ᠪᠠᠶᠢᠨ᠎ᠠ᠃ ᠣᠳᠣᠬᠠᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠲᠣᠭᠤᠷᠢᠨ ᠮᠥᠨ ᠯᠡ ᠨᠠᠷᠢᠨ ᠪᠤᠳᠤᠯᠢᠶᠠᠨᠲᠠᠶ ᠪᠥᠭᠡᠳ ᠬᠦᠨᠳᠦ ᠲᠦᠭᠰᠢᠭᠦᠷᠢᠲᠡᠢ ᠪᠠᠶᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷᠯᠢᠭ ᠬᠥᠭᠵᠢᠯᠲᠡ ᠶᠢ ᠠᠬᠢᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠩᠬᠠᠷᠤᠯ ᠤᠨ ᠲᠣᠭᠤᠷᠢᠨ ᠳᠤ᠂ ᠡᠳ᠋ ᠤᠨ ᠵᠠᠰᠠᠭ᠂ ᠮᠥᠩᠭᠦᠨ ᠭᠦᠢᠯᠭᠡᠭᠡ᠂ ᠠᠵᠢᠯ ᠣᠯᠭᠤᠯᠲᠠ ᠵᠡᠷᠭᠡ ᠬᠤᠷᠸ᠎ᠠ ᠲᠦᠷᠦ ᠶᠢᠨ ᠪᠤᠳᠤᠯᠭ᠎ᠠ ᠶᠢ ᠦᠷᠭᠦᠯᠵᠢᠯᠡᠨ᠎ᠡ ᠪᠦᠲᠦᠮᠵᠢᠲᠡᠶ ᠬᠡᠷᠡᠭᠵᠢᠭᠦᠯᠵᠦ᠂ ᠬᠤᠷᠸ᠎ᠠ ᠪᠠ ᠬᠤᠮᠠᠬᠢ ᠲᠠᠯ᠎ᠠ ᠶᠢ ᠨᠢᠭᠲᠠ ᠤᠶᠠᠯᠳᠤᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠵᠡᠷᠭᠡ ᠭᠤᠣᠯᠳᠠᠯᠭ᠎ᠠ ᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠠᠮᠢᠷ ᠲᠡᠩᠬᠡᠭᠡ ᠶᠢ ᠤᠯᠠᠮ ᠨᠢᠭᠡ ᠠᠯᠬᠤᠮ ᠰᠡᠷᠭᠦᠭᠡᠬᠦ ᠳᠤ ᠬᠦᠴᠦᠨ ᠨᠡᠮᠡᠷᠢᠯᠡᠵᠦ᠂ ᠠᠵᠤ ᠠᠬᠤᠶ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠂ ᠠᠵᠤ ᠠᠬᠤᠶ ᠶᠢᠨ ᠠᠵᠢᠯᠯᠠᠭᠠᠨ ᠢ ᠵᠣᠬᠢᠰᠲᠠᠶ ᠣᠷᠣᠨ ᠳᠤ ᠪᠠᠶᠢᠯᠭᠠᠬᠤ ᠶᠢ ᠪᠠᠲᠤᠯᠠᠵᠤ᠂ ᠬᠤᠶᠢᠰᠢᠳᠠ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠬᠡᠷᠡᠭᠲᠡᠢ ᠭᠡᠵᠡᠢ᠃
       ᠯᠢ ᠺᠧ ᠴᠢᠶᠠᠩ ᠵᠢᠭᠠᠬᠤ ᠳᠤ ᠪᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠬᠦᠴᠦᠨ ᠮᠥᠨ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠨᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠲᠡᠭᠦᠯᠳᠡᠷᠵᠢᠭᠦᠯᠬᠦ ᠬᠡᠷᠡᠭᠴᠡᠭᠡ ᠳᠤ ᠵᠣᠬᠢᠴᠠᠨ᠂ ᠠᠷᠠᠳ ᠤᠯᠠᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠬᠡᠷᠡᠭᠴᠡᠭᠡ ᠳᠤ ᠵᠣᠬᠢᠴᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠬᠤ ᠠᠴᠠ ᠡᠭᠦᠰᠴᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠬᠥᠭᠵᠢᠭᠡᠪᠡ᠃ ᠵᠠᠬ᠎ᠠ ᠳᠡᠯᠭᠡᠭᠦᠷ ᠤᠨ ᠭᠤᠣᠯ ᠴᠣᠭᠴᠠ ᠬᠥᠭᠵᠢᠨ ᠪᠤᠵᠠᠭᠠᠶᠢᠷᠠᠵᠤ᠂ ᠠᠵᠢᠯ ᠣᠯᠭᠤᠯᠲᠠ ᠶᠢ ᠲᠤᠯᠭᠠᠭᠤᠷᠢᠯᠠᠬᠤ ︽ᠲᠤᠯᠭᠠᠭᠤᠷᠢ︾᠂ ᠡᠳ᠋ ᠪᠠᠶᠠᠯᠢᠭ ᠢ ᠡᠭᠦᠳᠦᠨ ᠪᠦᠲᠦᠭᠡᠬᠦ ᠡᠬᠢ ᠪᠤᠯᠠᠭ ᠪᠣᠯᠤᠭᠰᠠᠨ ᠪᠠᠶᠢᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷ ᠲᠦᠪᠡᠭᠲᠡᠢ ᠠᠰᠠᠭᠤᠳᠠᠯ ᠢᠶᠠᠷ ᠦᠷᠭᠦᠯᠵᠢᠯᠡᠨ ᠬᠦᠴᠦᠯᠡᠬᠦ ᠴᠡᠭ ᠪᠣᠯᠭᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠨᠢᠭᠡ ᠴᠤᠭᠴᠠᠵᠢᠭᠤᠯᠤᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠡᠷᠬᠡ ᠶᠢ ᠲᠠᠯᠪᠢᠨ ᠴᠢᠳᠠᠪᠤᠷᠢ ᠣᠯᠭᠤᠵᠤ᠂ ᠵᠤᠬᠢᠰ ᠦᠭᠡᠢ ᠭᠠᠷ ᠲᠦᠷᠦᠭᠦ ᠶᠢ ᠪᠠᠭᠠᠰᠬᠠᠵᠤ᠂ ᠲᠥᠪ ᠭᠤᠣᠯᠴᠢ ᠪᠠᠷ ᠬᠢᠨᠠᠨ ᠬᠠᠮᠢᠶᠠᠷᠬᠤ ᠶᠢ ᠴᠢᠩᠭᠠᠳᠬᠠᠵᠤ᠂ ᠡᠷᠬᠡ ᠲᠡᠭᠰᠢ ᠪᠠᠷ ᠦᠷᠢᠰᠦᠯᠳᠦᠬᠦ ᠶᠢ ᠠᠬᠢᠭᠤᠯᠤᠨ᠂ ᠤᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠠᠷᠠᠳ ᠤᠯᠠᠨ ᠤ ᠵᠣᠷᠢᠭᠲᠠᠢ ᠪᠠᠷ ᠦᠢᠯᠡᠰ ᠴᠣᠭᠴᠠᠯᠠᠨ ᠴᠢᠷᠮᠠᠶᠢᠨ ᠲᠡᠮᠡᠴᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠣᠷᠢᠭᠲᠠᠢ ᠪᠠᠷ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠬᠦ ᠬᠡᠷᠡᠭᠲᠡᠢ ᠭᠡᠵᠡᠢ᠃
        ᠯᠢ ᠺᠧ ᠴᠢᠶᠠᠩ ᠪᠠᠰᠠ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠪᠣᠯ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠷᠣᠰᠢᠨ ᠲᠣᠭᠲᠠᠨᠢᠵᠤ ᠬᠥᠭᠵᠢᠬᠦ ᠶᠢᠨ ᠬᠥᠷᠥᠰᠥ ᠰᠢᠷᠣᠢ ᠮᠥᠨ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠᠷ ᠭᠠᠷᠳᠠᠴᠠ ᠪᠣᠯᠭᠠᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢ ᠪᠠᠷ ᠵᠠᠰᠠᠵᠢᠭᠰᠠᠨ ᠣᠯᠠᠨ ᠤᠯᠤᠰᠴᠢᠯᠠᠭᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ᠃ ᠵᠠᠬ᠎ᠠ ᠳᠡᠯᠭᠡᠭᠦᠷᠴᠢᠯᠡᠬᠦ ᠲᠠᠯ᠎ᠠ ᠪᠠᠷ ᠵᠠᠰᠠᠭ ᠢ ᠴᠣᠮᠬᠠᠳᠬᠠᠬᠤ ᠠᠷᠭ᠎ᠠ ᠵᠠᠮ ᠢ ᠬᠦᠴᠦᠯᠡᠨ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠵᠤ ᠠᠬᠤᠶᠢᠯᠠᠯ ᠤᠨ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠵᠤᠬᠢᠰ ᠦᠭᠡᠢ ᠰᠠᠭᠠᠳ ᠢ ᠠᠷᠢᠯᠭᠠᠵᠤ᠂ ᠵᠠᠬ᠎ᠠ ᠲᠡᠯᠭᠡᠭᠦᠷ ᠤᠨ ᠭᠤᠣᠯ ᠴᠣᠭᠴᠠ ᠶᠢ ᠵᠥᠪᠰᠢᠶᠡᠷᠡᠨ ᠣᠷᠣᠬᠤ ᠪᠠ ᠪᠤᠴᠠᠭᠠᠨ ᠭᠠᠷᠭᠠᠬᠤ ᠶᠢ ᠨᠡᠩ ᠳᠥᠭᠦᠮ ᠳᠥᠲᠡ ᠪᠣᠯᠭᠠᠵᠤ᠂ ᠵᠠᠬ᠎ᠠ ᠳᠡᠯᠭᠡᠭᠦᠷ ᠤᠨ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠬᠤ ᠬᠡᠷᠡᠭᠲᠡᠶ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠳᠤ ᠰᠢᠨ᠎ᠡ ᠶᠢ ᠡᠭᠦᠳᠬᠦ ᠪᠠ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠢᠭᠡ ᠯᠡ ᠠᠳᠠᠯᠢ ᠪᠠᠷ ᠬᠠᠨᠳᠤᠵᠤ᠂ ᠭᠠᠭᠴᠠᠭᠠᠷ ᠡᠵᠡᠮᠰᠢᠯ ᠪᠠ ᠵᠦᠢ ᠪᠤᠰᠤ ᠥᠷᠢᠰᠥᠯᠳᠦᠭᠡᠨ ᠢ ᠡᠰᠡᠷᠭᠦᠴᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠠᠤᠯᠢ ᠶᠣᠰᠣᠨ ᠤ ᠡᠷᠬᠡ ᠠᠰᠢᠭ ᠪᠠ ᠬᠥᠭᠵᠢᠯᠲᠡ ᠶᠢᠨ ᠣᠷᠣᠨ ᠵᠠᠢ ᠶᠢ ᠬᠠᠮᠠᠭᠠᠯᠠᠵᠤ᠂ ᠶᠠᠰᠤ ᠴᠢᠨᠠᠷ ᠪᠠ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ︔ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠵᠤ᠂ ᠲᠦᠷᠢᠮ ᠪᠠ ᠮᠡᠷᠭᠡᠵᠢᠯ ᠤᠨ ᠠᠷᠭ᠎ᠠ ᠪᠠᠷ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠣᠭᠲᠠᠭᠠᠯ ᠶᠣᠰᠣᠭᠠᠷ ᠤᠴᠢᠷ ᠶᠠᠪᠤᠳᠠᠯ ᠰᠢᠢᠳᠪᠦᠷᠢᠯᠡᠬᠦ ᠳᠤ ᠪᠠᠨ ᠪᠤᠰᠤᠳ ᠢ ᠭᠤᠶᠤᠬᠤ ᠦᠭᠡᠢ ᠪᠠᠶᠢᠬᠤ ᠶᠢ ᠪᠠᠶᠢᠩᠭᠤᠵᠢᠭᠤᠯᠬᠤ ᠬᠡᠷᠡᠭᠲᠡᠢ᠃ ᠬᠠᠤᠯᠢ ᠪᠠᠷ ᠵᠠᠰᠠᠵᠢᠬᠤ ᠲᠠᠯ᠎ᠠ ᠪᠠᠷ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠬᠠᠤᠯᠢ ᠲᠣᠭᠲᠠᠭᠠᠯ ᠤᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠬᠠᠤᠯᠢ ᠶᠢ ᠴᠢᠩᠭ᠎ᠠ ᠵᠢᠷᠤᠮᠵᠢᠭᠤᠨ ᠪᠥᠭᠡᠳ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠬᠡᠷᠡᠭᠲᠡᠶ᠃ ᠣᠯᠠᠨ ᠤᠯᠤᠰᠴᠢᠯᠠᠬᠤ ᠲᠠᠯ᠎ᠠ ᠪᠠᠷ ᠨᠡᠭᠡᠭᠡᠯᠳᠡ ᠶᠢ ᠪᠠᠷᠢᠮᠲᠠᠯᠠᠨ ᠥᠷᠭᠡᠳᠬᠡᠵᠦ᠂ ᠤᠯᠠᠨ ᠤᠯᠤᠰ ᠤᠨ ᠨᠡᠶᠢᠳᠡᠮ ᠬᠡᠷᠡᠭᠯᠡᠵᠦ ᠪᠠᠶᠢᠭ᠎ᠠ ᠬᠤᠯᠪᠣᠭᠳᠠᠯ ᠪᠦᠬᠦᠢ ᠲᠦᠷᠢᠮ ᠲᠠᠢ ᠵᠣᠯᠭᠠᠭᠤᠯᠬᠤ ᠶᠢ ᠴᠢᠩᠭᠠᠳᠬᠠᠵᠤ᠂ RCEP ᠳᠤ ᠭᠠᠷ ᠤᠨ ᠦᠰᠦᠭ ᠵᠢᠷᠤᠵᠤ ᠣᠷᠣᠯᠴᠠᠬᠤ ᠲᠣᠬᠢᠶᠠᠯ ᠢ ᠡᠵᠡᠮᠳᠡᠵᠦ᠂ ᠠᠷᠠᠯᠵᠢᠶ᠎ᠠ ᠪᠡᠯᠡ ᠣᠷᠣᠭᠤᠯᠤᠯᠲᠠ ᠶᠢ ᠴᠢᠯᠦᠭᠡᠲᠡᠢ ᠪᠣᠯᠭᠠᠬᠤ ᠪᠠ ᠳᠥᠭᠦᠮ ᠦᠵᠡᠭᠦᠯᠬᠦ ᠶᠢ ᠠᠬᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠶᠢ ᠬᠠᠮᠠᠭᠠᠯᠠᠬᠤ ᠵᠡᠷᠭᠡ ᠲᠠᠯ᠎ᠠ ᠪᠠᠷ ᠨᠡᠩ ᠥᠨᠳᠥᠷ ᠪᠠᠷᠢᠮᠵᠢᠶ᠎ᠠ ᠲᠦᠷᠢᠮ ᠢ ᠬᠡᠷᠡᠭᠵᠢᠭᠦᠯᠵᠦ᠂ ᠲᠦᠷᠢᠮ ᠤᠨ ᠬᠡᠯᠪᠡᠷᠢ ᠶᠢᠨ ᠨᠡᠭᠡᠭᠡᠯᠳᠡ ᠶᠢᠨ ᠲᠠᠯ᠎ᠠ ᠪᠠᠷ ᠨᠡᠩ ᠶᠡᠭᠡ ᠠᠯᠬᠤᠮ ᠢ ᠠᠯᠬᠤᠬᠤ ᠬᠡᠷᠡᠭᠲᠡᠢ ᠭᠡᠵᠡᠢ᠃
        ᠯᠢ ᠺᠧ ᠴᠢᠶᠠᠩ ᠴᠢᠬᠤᠯᠠᠴᠢᠯᠠᠬᠤ ᠳᠤ ᠪᠠᠨ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠣᠯ ᠬᠢᠲᠤᠭ᠎ᠠ ᠶᠢᠨ ᠢᠷ ᠢ ᠳᠣᠲᠣᠭᠰᠢ ᠪᠠᠨ ᠬᠠᠨᠳᠤᠭᠤᠯᠤᠭᠰᠠᠨ ᠵᠠᠰᠠᠭ ᠤᠨ ᠣᠷᠳᠣᠨ ᠤ ᠥᠪᠡᠷ ᠤᠨ ᠬᠤᠪᠢᠰᠬᠠᠯ ᠪᠣᠯᠤᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠭᠡᠷᠡᠴᠢᠯᠡᠯᠲᠡ ᠬᠢᠬᠦ ᠬᠠᠷᠢᠭᠤᠴᠠᠯᠭ᠎ᠠ ᠶᠢ ᠴᠢᠩᠭᠠᠳᠬᠠᠵᠤ᠂ ᠲᠥᠪ ᠤᠨ ᠪᠠ ᠣᠷᠣᠨ ᠨᠤᠲᠤᠭ ᠬᠤᠶᠠᠷ ᠲᠠᠯ᠎ᠠ ᠶᠢᠨ ᠢᠳᠡᠪᠬᠢᠵᠢᠯ ᠢ ᠪᠠᠳᠠᠷᠠᠭᠤᠯᠵᠤ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠨ ᠠᠷᠠᠳ ᠤᠯᠠᠨ ᠳᠤ ᠪᠣᠳᠠᠲᠠᠢ ᠶᠠᠪᠤᠳᠠᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠡᠳᠡᠨ ᠤ ᠬᠦᠷᠲᠡᠭᠡᠮᠵᠢᠲᠦ ᠲᠦᠷᠦᠭᠳᠡᠯ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃        ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠪᠣᠯᠤᠨ ᠾᠧᠨᠠᠨ ᠮᠤᠵᠢ ᠶᠢᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠶᠠᠷᠢᠶ᠎ᠠ ᠲᠠᠯᠪᠢᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号