6 ᠰᠠᠷ᠎ᠠ ᠶᠢᠨ 5 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠡᠯᠡᠬᠡᠢ ᠶᠢᠨ ᠣᠷᠴᠢᠨ | ᠲᠣᠭᠤᠷᠢᠨ ᠤ ᠡᠳᠦᠷ ᠤᠨ ᠭᠤᠣᠯ ᠰᠡᠳᠦᠪᠲᠦ ᠠᠵᠢᠯᠯᠠᠭ᠎ᠠ ᠫᠠᠺᠢᠰᠲ᠋ᠠᠨ ᠤ ᠢᠰᠯᠠᠮᠠᠪᠠᠳ᠋ ᠲᠤ ᠶᠠᠪᠤᠭᠳᠠᠭᠰᠠᠨ ᠳᠤ | ᠵᠠᠬᠢᠳᠠᠯ ᠢᠯᠡᠭᠡᠵᠦ ᠪᠠᠶᠠᠷ ᠬᠦᠷᠭᠡᠪᠡ᠃ | ᠰᠢ ᠶᠢᠨ ᠫᠢᠩ᠂ ᠡᠨᠡ ᠵᠢᠯ ᠪᠣᠯ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠢ ᠠᠬᠤᠢ ᠶᠢᠨ | ᠰᠢᠰᠲ᠋ᠧᠮ ᠢ ᠰᠡᠷᠭᠦᠭᠡᠬᠦ ᠠᠷᠪᠠᠨ ᠵᠢᠯ ᠤᠨ ᠡᠬᠢᠯᠡᠯᠲᠡ ᠶᠢᠨ ᠵᠢᠯ ᠪᠣᠯᠤᠨ᠎ᠠ᠂ ᠫᠠᠺᠢᠰᠲ᠋ᠠᠨ ᠤ ᠬᠢᠨ ︽ᠠᠮᠢ ᠠᠬᠤᠢ ᠶᠢᠨ | ᠰᠢᠰᠲ᠋ᠧᠮ ᠢ ᠰᠡᠷᠭᠦᠭᠡᠬᠦ︾ ᠪᠠᠷ ᠭᠤᠣᠯ ᠰᠡᠳᠦᠪ ᠪᠣᠯᠭᠠᠭᠰᠠᠨ ᠳᠡᠯᠡᠬᠡᠢ ᠶᠢᠨ ᠣᠷᠴᠢᠨ ᠲᠣᠭᠤᠷᠢᠨ ᠤ ᠡᠳᠦᠷ ᠤᠨ | ᠠᠵᠢᠯᠯᠠᠭ᠎ᠠ ᠡᠷᠬᠢᠯᠡᠭᠰᠡᠨ ᠨᠢ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠳᠡᠯᠡᠬᠡᠢ ᠶᠢᠨ ᠪᠥᠮᠪᠥᠷᠴᠡᠭ ᠪᠣᠯ ᠬᠥᠮᠦᠨ ᠲᠥᠷᠥᠯᠬᠢᠲᠡᠨ ᠤ ᠬᠠᠮᠲᠤ ᠶᠢᠨ ᠭᠡᠷ ᠣᠷᠣᠨ | ᠮᠥᠨ᠃ ᠠᠮᠢ ᠠᠬᠤᠢ ᠮᠠᠨᠳᠤᠪᠠᠯ ᠪᠣᠯᠪᠠᠰᠤᠨ ᠮᠠᠨᠳᠤᠨ᠎ᠠ᠃ ᠬᠥᠮᠦᠨ ᠲᠥᠷᠥᠯᠬᠢᠲᠡᠨ ᠪᠠᠶᠢᠭᠠᠯᠢ ᠶᠢ ᠬᠦᠨᠳᠦᠳᠬᠡᠵᠦ᠂ | ᠪᠠᠶᠢᠭᠠᠯᠢ ᠲᠠᠢ ᠵᠣᠬᠢᠴᠠᠵᠤ᠂ ᠪᠠᠶᠢᠭᠠᠯᠢ ᠶᠢ ᠬᠠᠮᠠᠭᠠᠯᠠᠵᠤ᠂ ᠬᠥᠮᠦᠨ ᠬᠢᠬᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ | ᠬᠠᠮᠲᠤ ᠣᠷᠣᠰᠢᠬᠤ ᠰᠢᠨ᠎ᠡ ᠪᠠᠶᠢᠷᠢᠰᠢᠯ ᠢ ᠠᠬᠢᠭᠤᠯᠤᠨ ᠪᠦᠷᠢᠯᠳᠦᠬᠦᠯᠪᠡᠯ ᠵᠣᠬᠢᠨ᠎ᠠ᠃ ᠠᠭᠤᠷ ᠠᠮᠢᠰᠬᠤᠯ ᠤᠨ | ᠬᠤᠪᠢᠷᠠᠯᠲᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠠᠯᠳᠠᠬᠳᠠᠬᠤ᠂ ᠴᠦᠯᠯᠡᠷᠭᠡᠭᠵᠢᠯ ᠬᠡᠴᠡᠬᠦᠳᠡᠵᠤ | ᠪᠠᠶᠢᠬᠤ ᠪᠠ ᠬᠠᠴᠢᠨ ᠠᠭᠤᠷ ᠠᠮᠢᠰᠬᠤᠯ ᠣᠯᠠᠨᠲᠠ ᠡᠭᠦᠰᠴᠦ ᠪᠠᠶᠢᠬᠤ ᠨᠢ ᠬᠥᠮᠦᠨ ᠲᠥᠷᠥᠯᠬᠢᠲᠡᠨ ᠤ ᠣᠷᠣᠰᠢᠨ | ᠲᠣᠭᠲᠠᠨᠢᠯ ᠪᠠ ᠬᠥᠭᠵᠢᠯᠳᠠ ᠳᠤ ᠬᠦᠨᠳᠦ ᠨᠣᠴᠢᠲᠠᠢ ᠦᠷᠢᠰᠦᠯᠳᠦᠭᠡᠨ ᠢ ᠠᠪᠴᠢᠷᠠᠭᠰᠠᠨ ᠪᠠᠶᠢᠨ᠎ᠠ᠃ ᠳᠡᠯᠡᠬᠡᠢ | ᠶᠢᠷᠲᠢᠨᠴᠦ ᠪᠣᠯ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠬᠤᠪᠢ ᠵᠠᠶᠠᠭᠠᠨ ᠤ ᠬᠠᠮᠲᠤ ᠴᠣᠭᠴᠠ ᠮᠥᠨ᠂ | ᠳᠡᠯᠡᠬᠡᠢ ᠨᠡᠶᠢᠭᠡᠮ ᠢᠶᠠᠷ ᠢᠶᠠᠨ ᠤᠷᠢᠳᠦ ᠡᠮᠦᠨ᠎ᠡ ᠪᠠᠶᠢᠭ᠎ᠠ ᠦᠭᠡᠢ ᠠᠤᠭ᠎ᠠ ᠰᠠᠨᠠᠭ᠎ᠠ ᠡᠷᠡᠯᠬᠡᠭ ᠵᠤᠷᠢᠭ ᠪᠠ | ᠠᠵᠢᠯᠯᠠᠭ᠎ᠠ ᠪᠠᠷ ᠢᠶᠠᠨ ᠲᠥᠪ ᠭᠤᠣᠯᠴᠢ ᠵᠦᠢ ᠵᠣᠬᠢᠰᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠪᠦᠬᠦ | ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠬᠥᠮᠦᠨ | ᠲᠥᠷᠥᠯᠬᠢᠲᠡᠨ ᠤ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠶᠢᠨ ᠪᠣᠯᠪᠠᠰᠤᠨ ᠶᠡᠷᠦ ᠠᠴᠠ ᠬᠥᠮᠦᠨ ᠪᠠᠶᠢᠭᠠᠯᠢ ᠶᠢᠨ ᠨᠢᠭᠡᠳᠦᠯ ᠢ ᠡᠷᠬᠢᠮᠯᠡᠳᠡᠭ᠃ | ᠳᠤᠮᠳᠠᠳᠤ ᠤᠯᠤᠰ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠶᠡᠷᠦᠩᠬᠡᠢ ᠪᠠᠶᠢᠷᠢᠰᠢᠭᠤᠯᠤᠯᠲᠠ ᠳᠤ ᠣᠷᠣᠭᠤᠯᠪᠠ᠃ ᠪᠦᠬᠦ ᠪᠥᠮᠪᠥᠷᠴᠡᠭ ᠤᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠣᠷᠣᠯᠴᠠᠭᠴᠢ᠂ ᠬᠤᠪᠢ ᠨᠡᠮᠡᠷᠢ ᠦᠵᠡᠭᠦᠯᠦᠭᠴᠢ᠂ ᠬᠦᠳᠦᠯᠦᠨ ᠳᠠᠭᠠᠭᠤᠯᠤᠭᠴᠢ | ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ ᠪᠣᠯᠤᠨ ᠤᠯᠠᠨ | ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠵᠤ᠂ ᠪᠦᠬᠦ | ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠪᠠᠷ ᠡᠷᠡᠰ ᠴᠢᠷᠮᠠᠶᠢᠵᠤ | ᠪᠠᠶᠢᠨ᠎ᠠ᠃ ᠳᠤᠮᠳᠠᠳᠤ ᠤᠯᠤᠰ ᠡᠨᠡ ᠵᠢᠯ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ | ︾ ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠢ ᠡᠷᠬᠢᠯᠡᠨ ᠬᠤᠷᠠᠯᠳᠤᠭᠤᠯᠵᠤ᠂ | ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠠᠮᠢ ᠠᠬᠤᠢ ᠶᠢᠨ ᠬᠠᠮᠠᠭᠠᠯᠠᠯᠲᠠ ᠶᠢᠨ ᠶᠡᠭᠡ ᠪᠤᠳᠤᠯᠭ᠎ᠠ ᠶᠢ | ᠵᠥᠪᠯᠡᠵᠦ᠂ ᠪᠦᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠂ | ᠬᠥᠮᠦᠨ ᠬᠢᠭᠡᠳ ᠪᠠᠶᠢᠭᠠᠯᠢ ᠶᠢᠨ ᠠᠮᠢ ᠨᠠᠰᠤᠨ ᠤ ᠬᠠᠮᠲᠤ ᠴᠣᠭᠴᠠ ᠶᠢ ᠪᠠᠶᠢᠭᠤᠯᠵᠤ᠂ ᠠᠷᠢᠭᠤᠨ ᠴᠡᠪᠡᠷ | ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠤᠨ᠎ᠠ ᠭᠡᠵᠦ ᠵᠢᠭᠠᠵᠦ ᠭᠠᠷᠭᠠᠪᠠ᠃ | 1972 ᠣᠨ ᠳᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠢᠯ ᠪᠦᠷᠢ ᠶᠢᠨ 6 ᠰᠠᠷ᠎ᠠ ᠶᠢᠨ 5 ᠤ | ᠡᠳᠦᠷ ᠢ ᠳᠡᠯᠡᠬᠡᠶ ᠶᠢᠨ ᠣᠷᠴᠢᠨ ᠲᠤᠭᠤᠷᠢᠨ ᠤ ᠡᠳᠦᠷ ᠢᠶᠠᠷ ᠲᠣᠭᠲᠠᠭᠠᠵᠤ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠣᠷᠴᠢᠨ ᠲᠤᠭᠤᠷᠢᠨ ᠤ ᠲᠥᠯᠥᠪᠵᠢᠭᠦᠯᠭᠡ ᠶᠢᠨ ᠵᠠᠬᠢᠷᠭ᠎ᠠ ᠵᠢᠯ ᠪᠦᠷᠢ ᠨᠢᠭᠡ ᠪᠦᠷᠢᠯᠳᠦᠬᠦᠨ | ᠤᠯᠤᠰ ᠢ ᠰᠣᠩᠭᠤᠵᠤ ᠳᠡᠯᠡᠬᠡᠶ ᠶᠢᠨ ᠣᠷᠴᠢᠨ ᠲᠤᠭᠤᠷᠢᠨ ᠤ ᠡᠳᠦᠷ ᠢ ᠳᠤᠷᠠᠰᠬᠠᠬᠤ ᠠᠵᠢᠯᠯᠠᠭ᠎ᠠ ᠶᠢ ᠦᠷᠨᠢᠬᠦᠯᠳᠡᠭ᠃ | ᠡᠨᠡ ᠵᠢᠯ ᠤᠨ ᠳᠡᠯᠡᠬᠡᠶ ᠶᠢᠨ ᠣᠷᠴᠢᠨ ᠲᠣᠭᠤᠷᠢᠨ ᠤ ᠡᠳᠦᠷ ᠤᠨ ᠭᠤᠤᠯ ᠰᠡᠳᠦᠪ ᠪᠣᠯ ︽ᠠᠮᠢ ᠠᠬᠤᠶ ᠶᠢᠨ | ᠰᠢᠰᠲ᠋ᠧᠮ ᠢ ᠰᠡᠷᠭᠦᠭᠡᠬᠦ︾ ᠪᠣᠯᠤᠨ᠎ᠠ᠃ |