ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠬᠦᠷᠴᠦ ᠢᠷᠡᠬᠦ | ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 29 ᠤ ᠦᠳᠡ ᠶᠢᠨ ᠡᠮᠦᠨ᠎ᠡ ᠪᠡᠭᠡᠵᠢᠩ ᠳᠤ | ᠪᠦᠬᠦ ᠤᠯᠤᠰ ᠤᠨ ᠰᠢᠯᠢᠳᠡᠭ ᠰᠢᠶᠠᠨ ᠤ ᠨᠠᠮ ᠤᠨ ᠬᠤᠷᠢᠶᠠᠨ ᠤ ᠱᠦᠵᠢ ᠨᠠᠷ ᠲᠠᠢ ᠳᠣᠲᠣᠨᠣ ᠪᠠᠷ ᠠᠭᠤᠯᠵᠠᠵᠤ᠂ | ᠳᠡᠳᠡᠨᠤᠰ ᠲᠤ ᠴᠢᠩ ᠰᠡᠳᠬᠢᠯ ᠤᠨ ᠮᠡᠨᠳᠦᠴᠢᠯᠡᠯ ᠪᠠ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ | | 6 ᠰᠠᠷ᠎ᠠ ᠶᠢᠨ 29 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ | ᠪᠦᠬᠦ ᠤᠯᠤᠰ ᠤᠨ ᠰᠢᠯᠢᠳᠡᠭ ᠰᠢᠶᠠᠨ ᠤ ᠨᠠᠮ ᠤᠨ ᠬᠤᠷᠢᠶᠠᠨ ᠤ ᠱᠦᠵᠢ ᠨᠠᠷ ᠲᠠᠢ ᠠᠭᠤᠯᠵᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠤᠸᠠᠢ ᠷᠧᠨ ᠰᠡᠬᠦᠳᠡᠷᠯᠡᠪᠡ | ᠦᠳᠡ ᠶᠢᠨ ᠡᠮᠦᠨᠡᠬᠢ 11 ᠴᠠᠭ 30 ᠮᠢᠨᠦ᠋ᠲ ᠲᠤ᠂ ᠰᠢ ᠶᠢᠨ ᠫᠢᠩ ᠨᠡᠷ ᠠᠷᠠᠳ ᠤᠨ ᠶᠡᠭᠡ ᠬᠤᠷᠠᠯ ᠤᠨ | ᠲᠠᠩᠬᠢᠮ ᠤᠨ ᠵᠡᠭᠦᠨ ᠶᠡᠭᠡ ᠲᠢᠩᠬᠢᠮ ᠳᠤ ᠬᠦᠷᠬᠦ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ | ᠰᠢ ᠶᠢᠨ ᠫᠢᠩ ᠨᠡᠷ ᠬᠥᠬᠢᠭᠦᠯᠦᠭᠳᠡᠨ ᠰᠠᠶᠢᠰᠢᠶᠠᠭᠳᠠᠭᠰᠠᠨ ᠰᠢᠯᠢᠳᠡᠭ ᠰᠢᠶᠠᠨ ᠤ ᠨᠠᠮ ᠤᠨ ᠬᠤᠷᠢᠶᠠᠨ ᠤ ᠱᠦᠵᠢ | ᠨᠠᠷ ᠤᠨ ᠳᠤᠮᠳᠠ ᠬᠦᠷᠴᠦ᠂ ᠤᠯᠠᠨ ᠲᠠᠢ ᠳᠣᠲᠣᠨᠣ ᠪᠠᠷ ᠶᠠᠷᠢᠯᠴᠠᠭᠰᠠᠨ ᠪᠥᠭᠡᠳ ᠬᠠᠮᠲᠤ ᠶᠢᠨ ᠰᠡᠭᠦᠳᠡᠷ | ᠲᠠᠲᠠᠭᠤᠯᠵᠤ ᠳᠤᠷᠠᠰᠬᠠᠯ ᠦᠯᠡᠳᠡᠭᠡᠪᠡ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠨᠠᠮ ᠤᠨ ᠲᠦᠪ | ᠬᠤᠷᠢᠶᠠᠨ ᠤ ᠠᠯᠪᠠᠨ ᠲᠢᠩᠬᠢᠮ ᠤᠨ ᠡᠷᠬᠢᠯᠡᠭᠴᠢ ᠳ᠋ᠢᠩ ᠰᠢᠤᠸᠠᠢ ᠰᠢᠶᠠᠩ᠂ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠧᠨ ᠰᠢ | ᠠᠭᠤᠯᠵᠠᠯᠲᠠ ᠳᠤ ᠣᠷᠣᠯᠴᠠᠵᠠᠢ᠃ | | ᠪᠦᠬᠦ ᠤᠯᠤᠰ ᠤᠨ ᠰᠢᠯᠢᠳᠡᠭ ᠰᠢᠶᠠᠨ ᠤ ᠨᠠᠮ ᠤᠨ ᠬᠤᠷᠢᠶᠠᠨ ᠤ ᠱᠦᠵᠢ ᠨᠠᠷ ᠢ ᠬᠥᠬᠢᠭᠦᠯᠦᠨ ᠰᠠᠶᠢᠰᠢᠶᠠᠬᠤ | ᠬᠤᠷᠠᠯ 29 ᠤ ᠦᠳᠡ ᠶᠢᠨ ᠬᠤᠶᠢᠨ᠎ᠠ ᠪᠡᠭᠡᠵᠢᠩ ᠳᠤ ᠬᠤᠷᠠᠯᠳᠤᠪᠠ᠃ ᠴᠧᠨ ᠰᠢ ᠬᠤᠷᠠᠯ ᠳᠡᠭᠡᠷ᠎ᠡ᠂ ᠶᠡᠷᠦᠩᠬᠡᠢ | ᠱᠦᠵᠢ ᠰᠢ ᠶᠢᠨ ᠫᠢᠩ ᠬᠤᠷᠠᠯ ᠳᠤ ᠣᠷᠣᠯᠴᠠᠭᠰᠠᠨ ᠨᠥᠬᠦᠳ ᠲᠠᠢ ᠳᠣᠲᠣᠨᠣ ᠪᠠᠷ ᠠᠭᠤᠯᠵᠠᠭᠰᠠᠨ ᠨᠢ ᠨᠠᠮ ᠤᠨ | ᠲᠥᠪ ᠬᠤᠷᠢᠶ᠎ᠠ ᠠᠴᠠ ᠰᠢᠶᠠᠨ ᠤ ᠨᠠᠮ ᠤᠨ ᠬᠤᠷᠢᠶᠠᠨ ᠤ ᠱᠦᠵᠢ ᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠪᠠᠶᠢᠬᠤ ᠪᠠ ᠭᠦᠨ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠃ ᠥᠷᠭᠡᠨ ᠣᠯᠠᠨ ᠨᠠᠮ ᠤᠨ | ᠭᠡᠰᠢᠭᠦᠨ ᠺᠠᠳ᠋ᠷ ᠬᠥᠬᠢᠭᠦᠯᠦᠭᠳᠡᠨ ᠰᠠᠶᠢᠰᠢᠶᠠᠭᠳᠠᠭᠰᠠᠨ ᠰᠢᠯᠢᠳᠡᠭ ᠰᠢᠶᠠᠨ ᠤ ᠨᠠᠮ ᠤᠨ ᠬᠤᠷᠢᠶᠠᠨ ᠤ ᠱᠦᠵᠢ ᠨᠠᠷ ᠢᠶᠠᠷ | ᠳᠠᠭᠤᠷᠢᠶᠠᠯ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠳᠥᠷᠪᠡᠨ ᠤᠬᠠᠮᠰᠠᠷ︾ | ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠦᠨᠡᠨᠴᠢ ᠰᠢᠳᠤᠷᠭᠤ ᠵᠠᠩ ᠴᠢᠨᠠᠷ ᠢ ᠪᠠᠲᠤ ᠪᠣᠶ ᠪᠣᠯᠭᠠᠵᠤ᠂ ᠠᠷᠠᠳ ᠲᠦᠮᠡᠨ ᠤ ᠲᠦᠯᠦᠬᠡ ᠪᠠᠶᠢᠬᠤ | ᠬᠠᠶᠢᠷ᠎ᠠ ᠰᠡᠳᠬᠢᠯᠭᠡ ᠶᠢ ᠪᠠᠲᠤ ᠰᠠᠬᠢᠵᠤ᠂ ᠪᠣᠳᠠᠲᠠᠶ ᠶᠢ ᠡᠷᠬᠢᠮᠯᠡᠬᠦ ᠰᠤᠷᠲᠠᠯ ᠢ ᠪᠠᠳᠠᠷᠠᠭᠤᠯᠵᠤ᠂ ᠬᠠᠷᠢᠭᠤᠴᠠᠯᠭ᠎ᠠ | ᠡᠭᠦᠷᠭᠡᠯᠡᠬᠦ ᠵᠣᠷᠢᠭ ᠰᠠᠨᠠᠭ᠎ᠠ ᠶᠢ ᠪᠣᠯᠪᠠᠰᠤᠷᠠᠭᠤᠯᠵᠤ᠂ ᠴᠠᠭᠠᠷᠠᠭᠰᠠᠨ ᠡᠷᠳᠡᠮ ᠴᠢᠳᠠᠪᠤᠷᠢ ᠶᠢ ᠳᠠᠪᠲᠠᠨ | ᠪᠣᠯᠪᠠᠰᠤᠷᠠᠭᠤᠯᠵᠤ᠂ ᠠᠷᠢᠭᠤᠨ ᠴᠢᠬᠡᠴᠢ ᠬᠡᠪ ᠰᠤᠷᠲᠠᠯ ᠢ ᠪᠠᠷᠢᠮᠳᠠᠯᠠᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ | ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ | ᠬᠡᠷᠡᠭᠲᠡᠶ ᠭᠡᠵᠦ ᠬᠡᠯᠡᠪᠡ᠃ | ᠾᠧᠪᠸᠢ ᠮᠤᠵᠢ ᠶᠢᠨ ᠹᠦ᠋ ᠫᠢᠩ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠵᠢᠩ᠂ ᠵᠧᠵᠢᠶᠠᠩ | ᠮᠤᠵᠢ ᠶᠢᠨ ᠠᠨ ᠵᠢᠶ ᠰᠢᠶᠠᠨ ᠤ ᠨᠠᠮ ᠤᠨ ᠬᠤᠷᠢᠶᠠᠨ ᠤ ᠱᠦᠵᠢ ᠱᠧᠨ ᠮᠢᠩ ᠴᠢᠤᠸᠠᠨ᠂ ᠬᠤᠪᠸᠢ ᠮᠤᠵᠢ ᠶᠢᠨ | ᠦᠬᠠᠨ ᠬᠤᠲᠠ ᠶᠢᠨ ᠬᠤᠸᠠᠩ ᠫᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠽᠧᠩ ᠱᠧᠩ᠂ ᠰᠧᠴᠤᠸᠠᠨ | ᠮᠤᠵᠢ ᠶᠢᠨ ᠷᠦᠸᠧ ᠡᠯ ᠭᠠᠶ ᠰᠢᠶᠠᠨ ᠤ ᠨᠠᠮ ᠤᠨ ᠬᠤᠷᠢᠶᠠᠨ ᠤ ᠱᠦᠵᠢ ᠽᠧ ᠡᠯ ᠳ᠋ᠧᠩ᠂ ᠭᠠᠨᠰᠦ ᠮᠤᠵᠢ ᠶᠢᠨ | ᠳ᠋ᠦᠩᠰᠢᠶᠠᠩ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠤ ᠨᠠᠮ ᠤᠨ ᠬᠤᠷᠢᠶᠠᠨ ᠤ ᠱᠦᠵᠢ ᠮᠠ ᠰᠢᠤ ᠯᠠᠨ | ᠬᠤᠷᠠᠯ ᠳᠡᠭᠡᠷ᠎ᠡ ᠲᠤᠰ ᠲᠤᠰ ᠦᠭᠡ ᠬᠡᠯᠡᠵᠡᠶ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠭᠡ ᠪᠠᠷ ᠰᠣᠩᠭᠤᠨ | ᠱᠤᠭᠤᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠰᠢᠨ᠎ᠡ ᠴᠠᠭ ᠦᠶ᠎ᠡ ᠳᠤ ᠨᠠᠩ ᠰᠠᠶᠢᠲᠤᠷ ᠲᠡᠮᠡᠴᠡᠬᠦ᠂ | ᠰᠢᠨ᠎ᠡ ᠠᠶᠠᠨ ᠳᠤ ᠡᠷᠡᠮᠡᠭᠡᠶᠢᠯᠡᠨ ᠤᠷᠤᠭᠰᠢᠯᠠᠬᠤ ᠶᠢ ᠵᠣᠷᠢᠭᠵᠢᠭᠤᠯᠬᠤ ᠶᠢᠨ ᠲᠥᠯᠥᠭᠡ᠂ ᠨᠠᠮ ᠤᠨ ᠲᠥᠪ | ᠬᠤᠷᠢᠶᠠᠨ ᠤ ᠵᠥᠪᠰᠢᠶᠡᠷᠡᠯ ᠢᠶᠠᠷ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ ᠰᠢᠶᠠᠨ ︵ᠬᠤᠲᠠ᠂ ᠲᠣᠭᠤᠷᠢᠭ᠂ | ᠬᠤᠰᠢᠭᠤ︶ ᠤ ᠨᠠᠮ ᠤᠨ ᠬᠤᠷᠢᠶᠠᠨ ᠤ ᠱᠦᠵᠢ ᠶᠢᠨ ᠠᠵᠢᠯ ᠤᠨ ᠪᠠᠶᠢᠷᠢ ᠳᠡᠭᠡᠷ᠎ᠡ ᠰᠢᠯᠢᠳᠡᠭ ᠬᠢᠷᠢ ᠪᠦᠲᠦᠮᠵᠢ | ᠣᠯᠤᠭᠰᠠᠨ 103 ᠨᠥᠬᠦᠳ ᠲᠤ ᠪᠥᠬᠦ ᠤᠯᠤᠰ ᠤᠨ ᠰᠢᠯᠢᠳᠡᠭ ᠰᠢᠶᠠᠨ ᠤ ᠨᠠᠮ ᠤᠨ ᠬᠤᠷᠢᠶᠠᠨ ᠤ ᠱᠦᠵᠢ ᠶᠢᠨ | ᠴᠣᠯᠠ ᠣᠯᠭᠤᠬᠤ ᠪᠠᠷ ᠲᠣᠭᠲᠠᠪᠠ᠃ |