︽7 ·1 ᠤ ᠭᠠᠪᠢᠶᠠᠨ ᠲᠡᠮᠳᠡᠭ︾ ᠣᠯᠭᠤᠬᠤ ᠶᠣᠰᠣᠯᠠᠯ ᠳᠡᠭᠡᠷᠠᠬᠢ ᠶᠠᠷᠢᠶ᠎ᠠ
ᠨᠡᠶᠢᠲᠡᠯᠡᠭᠰᠡᠨ ᠴᠠᠭ᠄
2021/7/1
               ︽7 ·1 ᠤ ᠭᠠᠪᠢᠶᠠᠨ ᠲᠡᠮᠳᠡᠭ︾ ᠣᠯᠭᠤᠬᠤ ᠶᠣᠰᠣᠯᠠᠯ ᠳᠡᠭᠡᠷᠠᠬᠢ ᠶᠠᠷᠢᠶ᠎ᠠ                             ︵2021 ᠣᠨ ᠤ 6 ᠰᠠᠷ᠎ᠠ ᠶᠢᠨ 29 ᠤ ᠡᠳᠦᠷ︶                                             ᠰᠢ ᠶᠢᠨ ᠫᠢᠩᠨᠥᠬᠦᠳ ᠡ᠄      ᠥᠨᠥᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠵᠤ ᠪᠠᠶᠢᠭ᠎ᠠ ᠲᠠᠰᠢᠷᠠᠮ ᠳᠤ᠂ ᠪᠢᠳᠡ ᠠᠳᠡ ᠦᠪᠡᠳᠡᠭᠰᠢ ᠶᠡᠭᠡ ᠪᠠᠷ ᠶᠣᠰᠣᠯᠠᠯ ᠶᠠᠪᠤᠭᠤᠯᠵᠤ᠂ ᠨᠠᠮ ᠤᠨ ᠳᠣᠲᠣᠭᠠᠳᠤ ᠶᠢᠨ ᠬᠠᠮᠤᠭ ᠤᠨ ᠳᠡᠭᠡᠳᠦ ᠢᠷᠠᠭᠤ ᠠᠯᠳᠠᠷ ᠢ ᠨᠠᠮ ᠪᠣᠯᠤᠨ ᠠᠷᠠᠳ ᠲᠦᠮᠡᠨ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠡᠪ ᠬᠠᠮᠲᠤ ᠨᠠᠮ ᠤᠨ ᠭᠡᠰᠢᠭᠦᠨ ᠳᠤ ᠣᠯᠭᠤᠵᠦ ᠪᠠᠶᠢᠨ᠎ᠠ᠃      ᠡᠩ ᠲᠡᠷᠢᠭᠦᠨ ᠳᠤ᠂ ᠪᠢ ᠨᠠᠮ ᠤᠨ ᠲᠥᠪ ᠬᠤᠷᠢᠶᠠᠨ ᠤ ᠡᠮᠦᠨ᠎ᠡ ᠠᠴᠠ ︽7 · 1 ᠤ ᠭᠠᠪᠢᠶᠠᠨ ᠲᠡᠮᠳᠡᠭ︾ ᠬᠦᠷᠲᠡᠭᠰᠡᠳ ᠲᠤ ᠬᠠᠯᠠᠭᠤᠨ ᠪᠠᠶᠠᠷ ᠬᠦᠷᠭᠡᠵᠦ ᠪᠠᠶᠢᠨ᠎ᠠ︕ ᠬᠠᠮᠤᠭ ᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕      ᠵᠠᠭᠤᠨ ᠵᠢᠯ ᠤᠨ ᠲᠤᠷᠰᠢ᠂ ᠮᠠᠨ ᠤ ᠨᠠᠮ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠡᠷᠡᠰ ᠪᠠᠲᠤ ᠦᠢᠯᠡᠳᠦᠯᠭᠡᠵᠢᠭᠦᠯᠵᠦ᠂ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠭᠤᠤ ᠶᠡᠭᠡ ᠵᠠᠮ ᠢ ᠨᠡᠭᠡᠭᠡᠵᠦ᠂ ᠠᠭᠤᠤ ᠶᠡᠭᠡ ᠦᠢᠯᠡᠰ ᠢ ᠪᠠᠶᠢᠭᠤᠯᠵᠤ᠂ ᠠᠭᠤᠤ ᠶᠡᠭᠡ ᠵᠣᠷᠢᠭ ᠰᠠᠨᠠᠭ᠎ᠠ ᠶᠢ ᠱᠤᠭᠤᠵᠤ᠂ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡ ᠪᠠ ᠬᠥᠮᠦᠨ ᠲᠥᠷᠥᠯᠬᠢᠲᠡᠨ ᠤ ᠨᠡᠶᠢᠭᠡᠮ ᠤᠨ ᠳᠠᠪᠰᠢᠯᠲᠠ ᠶᠢᠨ ᠲᠡᠦᠬᠡᠨ ᠳᠤ ᠢᠷᠠᠭᠤ ᠵᠢᠪᠬᠤᠯᠠᠩᠲᠤ ᠬᠠᠭᠤᠳᠠᠰᠤ ᠶᠢ ᠪᠢᠴᠢᠭᠯᠡᠭᠰᠡᠨ ᠶᠤᠮ᠃      ᠵᠠᠭᠤᠨ ᠵᠢᠯ ᠤᠨ ᠲᠤᠷᠰᠢ᠂ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠥᠭᠡᠯᠡᠯᠲᠡ ᠶᠢ ᠲᠡᠮᠡᠴᠡᠨ ᠤᠯᠬᠤ᠂ ᠤᠯᠤᠰ ᠭᠦᠷᠦᠨ ᠤ ᠪᠠᠶᠠᠨ ᠬᠦᠴᠦᠷᠬᠡᠭᠵᠢᠯ ᠪᠠ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠲᠥᠯᠥᠭᠡ᠂ ᠬᠤᠶᠢᠨ᠎ᠠ ᠬᠤᠶᠢᠨ᠎ᠠ ᠠᠴᠠ ᠪᠠᠨ ᠲᠡᠮᠡᠴᠡᠵᠦ᠂ ᠴᠢᠰᠤ ᠤᠷᠤᠰᠬᠠᠨ ᠪᠠᠶᠢᠯᠳᠤᠵᠤ᠂ ᠲᠡᠰᠪᠦᠷᠢ ᠬᠠᠲᠠᠭᠤᠵᠢᠯᠲᠠᠢ ᠲᠡᠮᠡᠴᠡᠨ᠂ ᠭᠤᠶᠠᠴᠢ ᠦᠭᠡᠢ ᠵᠢᠳᠬᠦᠵᠦ᠂ ᠠᠭᠤᠯᠠ ᠶᠢ ᠳᠣᠩᠰᠣᠯᠭᠠᠵᠤ ᠮᠦᠷᠡᠨ ᠢ ᠴᠠᠯᠬᠢᠭᠤᠯᠤᠬᠰᠠᠨ ᠪᠠᠭᠠᠲᠤᠷᠯᠢᠭ ᠳᠠᠭᠤᠯᠠᠯ ᠢ ᠪᠢᠴᠢᠭᠯᠡᠭᠰᠡᠨ ᠶᠤᠮ᠃      ᠥᠨᠥᠳᠦᠷ ᠬᠥᠬᠢᠭᠦᠯᠦᠭᠳᠡᠨ ᠰᠠᠶᠢᠰᠢᠶᠠᠭᠳᠠᠭᠰᠠᠨ ︽7 · 1 ᠤ ᠭᠠᠪᠢᠶᠠᠨ ᠲᠡᠮᠳᠡᠭ︾ ᠬᠦᠷᠲᠡᠭᠰᠡᠳ ᠪᠣᠯ ᠡᠯ᠎ᠡ ᠹᠷᠣᠨᠲ ᠤᠨ ᠨᠠᠮ ᠤᠨ ᠭᠡᠰᠢᠭᠦᠨ ᠤ ᠳᠣᠲᠣᠷᠠᠬᠢ ᠰᠢᠯᠭᠠᠷᠠᠭᠰᠠᠨ ᠲᠥᠯᠥᠭᠡᠯᠡᠭᠴᠢ ᠪᠣᠯᠤᠨ᠎ᠠ᠃ ᠲᠡᠳᠡᠨᠤᠰ ᠤᠨ ᠪᠡᠶ᠎ᠡ ᠳᠡᠭᠡᠷ᠎ᠡ ᠳᠤᠮᠳᠠᠳᠤ ᠤᠯᠤᠰ ᠤᠨ ᠡᠪ ᠬᠠᠮᠲᠤᠴᠤᠳ ᠤᠨ ᠢᠲᠡᠭᠡᠯ ᠵᠣᠷᠢᠭ ᠢᠶᠠᠨ ᠪᠠᠲᠤᠳᠬᠠᠬᠤ᠂ ᠵᠣᠷᠢᠯᠲᠠ ᠪᠠᠨ ᠦᠢᠯᠡᠳᠦᠯᠭᠡᠵᠢᠭᠦᠯᠬᠦ᠂ ᠡᠷᠡᠯᠬᠡᠭᠯᠡᠨ ᠲᠡᠮᠡᠴᠡᠵᠦ ᠭᠤᠶᠠᠴᠢ ᠦᠭᠡᠢ ᠵᠢᠳᠬᠦᠬᠦ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠡᠷᠬᠢᠮ ᠳᠡᠭᠡᠳᠦ ᠵᠠᠩ ᠴᠢᠨᠠᠷ ᠪᠠ ᠡᠷᠬᠢᠮ ᠨᠠᠨᠳᠢᠨ ᠵᠣᠷᠢᠭ ᠰᠠᠨᠠᠭ᠎ᠠ ᠠᠮᠢᠳᠤᠯᠢᠭ ᠢᠶᠠᠷ ᠢᠯᠡᠷᠡᠭᠰᠡᠨ ᠶᠤᠮ᠃      — ᠢᠲᠡᠭᠡᠯ ᠵᠣᠷᠢᠭ ᠢᠶᠠᠨ ᠪᠠᠲᠤᠳᠬᠠᠬᠤ ᠭᠡᠳᠡᠭ ᠨᠢ ᠳᠠᠷᠤᠢ ᠤᠭ ᠰᠠᠨᠠᠭ᠎ᠠ ᠪᠠᠨ ᠦᠯᠦ ᠮᠠᠷᠲᠠᠵᠤ᠂ ᠢᠲᠡᠭᠡᠯ ᠵᠣᠷᠢᠭ ᠢᠶᠠᠨ ᠦᠯᠦ ᠤᠮᠠᠷᠳᠠᠬᠤ ᠶᠢ ᠪᠠᠷᠢᠮᠲᠠᠯᠠᠵᠤ᠂ ᠡᠷᠡᠰ ᠪᠠᠲᠤ ᠪᠠᠷᠢᠮᠲᠠᠯᠠᠯ ᠲᠠᠢ ᠬᠦᠰᠡᠯᠡᠩ ᠢᠲᠡᠭᠡᠯ ᠪᠢᠰᠢᠷᠡᠯ ᠢᠶᠠᠷ᠂ ᠨᠠᠮ ᠪᠣᠯᠤᠨ ᠠᠷᠠᠳ ᠲᠦᠮᠡᠨ ᠳᠡᠭᠡᠨ ᠦᠨᠡᠨᠴᠢ ᠰᠢᠳᠤᠷᠭᠤ ᠰᠡᠳᠭᠢᠯ ᠢᠶᠠᠷ᠂ ᠨᠠᠮ ᠪᠣᠯᠤᠨ ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠᠶᠢᠬᠤ ᠪᠠ ᠬᠠᠶᠢᠷ᠎ᠠ ᠰᠡᠳᠬᠢᠯᠭᠡ ᠲᠠᠢ ᠪᠠᠶᠢᠬᠤ ᠪᠠᠨ ᠪᠠᠲᠤ ᠴᠡᠭᠡᠵᠢᠯᠡᠵᠦ᠂ ᠦᠢᠯᠡ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠨᠠᠮ ᠪᠣᠯᠤᠨ ᠠᠷᠠᠳ ᠲᠦᠮᠡᠨ ᠤ ᠦᠢᠯᠡᠰ ᠤᠨ ᠲᠥᠯᠥᠭᠡ ᠥᠪᠡᠷ ᠤᠨ ᠠᠯᠢᠪᠠ ᠪᠠᠨ ᠲᠡᠷᠡᠴᠢᠯᠡᠨ ᠡᠷᠬᠢᠮ ᠨᠠᠨᠳᠢᠨ ᠠᠮᠢ ᠨᠠᠰᠤ ᠪᠠᠨ ᠵᠣᠷᠢᠭᠤᠯᠵᠤ᠂ ᠨᠠᠮ ᠤᠨ ᠬᠦᠰᠡᠯᠡᠩ ᠢᠲᠡᠭᠡᠯ ᠪᠢᠰᠢᠷᠡᠯ ᠤᠨ ᠲᠥᠯᠥᠭᠡ ᠴᠥᠬᠦᠷᠡᠰᠢ ᠦᠭᠡᠢ ᠡᠷᠡᠰ ᠢᠶᠠᠷ ᠲᠡᠮᠡᠴᠡᠬᠦ ᠶᠠᠪᠤᠳᠠᠯ ᠪᠣᠯᠤᠨ᠎ᠠ᠃      ᠢᠲᠡᠭᠡᠯ ᠪᠢᠰᠢᠷᠡᠯ ᠲᠠᠢ ᠪᠣᠯ ᠤᠷᠤᠭᠰᠢᠯᠠᠬᠤ ᠬᠦᠴᠦᠨ ᠲᠠᠢ᠃ ᠪᠦᠬᠦ ᠨᠠᠮ ᠤᠨ ᠨᠥᠬᠦᠳ ᠴᠥᠮ ᠮᠠᠷᠺᠰ ᠤᠨ ᠦᠵᠡᠯ ᠤᠨ ᠲᠤᠬᠠᠢ ᠢᠲᠡᠭᠡᠯ ᠪᠢᠰᠢᠷᠡᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠢᠲᠡᠭᠡᠯ ᠵᠣᠷᠢᠭ ᠢ ᠨᠠᠰᠤᠨ ᠲᠤᠷᠰᠢᠳᠠ ᠶᠢᠨ ᠬᠥᠭᠡᠭᠡᠴᠡᠯᠳᠦᠯ ᠢᠶᠠᠨ ᠪᠣᠯᠭᠠᠵᠤ᠂ ᠨᠠᠮ ᠢᠶᠠᠨ ᠢᠲᠡᠭᠡᠵᠦ ᠨᠠᠮ ᠢᠶᠠᠨ ᠬᠠᠶᠢᠷᠠᠯᠠᠵᠤ ᠨᠠᠮ ᠤᠨ ᠲᠥᠯᠥᠭᠡ ᠵᠢᠳᠬᠦᠵᠦ᠂ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠷᠡᠯᠬᠡᠭᠯᠡᠨ ᠲᠡᠮᠡᠴᠡᠵᠦ᠂ ᠡᠷᠬᠢᠮ ᠳᠡᠭᠡᠳᠦ ᠬᠦᠰᠡᠯᠡᠩ ᠤᠨ ᠲᠥᠯᠥᠭᠡ ᠲᠡᠮᠡᠴᠡᠬᠦ ᠦᠢᠯᠡᠳᠦᠯᠭᠡ ᠶᠢ ᠲᠠᠰᠤᠷᠠᠯᠲᠠ ᠦᠭᠡᠢ ᠲᠦᠯᠬᠢᠨ ᠤᠷᠤᠭᠰᠢᠯᠠᠭᠤᠯᠬᠤ ᠬᠡᠷᠡᠭᠲᠡᠢ᠃      — ᠵᠣᠷᠢᠯᠲᠠ ᠪᠠᠨ ᠦᠢᠯᠡᠳᠦᠯᠭᠡᠵᠢᠭᠦᠯᠬᠦ ᠪᠣᠯ ᠳᠠᠷᠤᠢ ᠠᠷᠠᠳ ᠲᠦᠮᠡᠨ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ᠂ ᠰᠡᠳᠬᠢᠯ ᠳᠡᠭᠡᠨ ᠠᠷᠠᠳ ᠲᠦᠮᠡᠨ ᠢ ᠪᠤᠳᠤᠵᠤ᠂ ᠠᠷᠠᠳ ᠲᠦᠮᠡᠨ ᠤ ᠲᠥᠯᠥᠭᠡ ᠠᠵᠢᠯᠯᠠᠵᠤ ᠵᠢᠳᠬᠦᠨ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠦ᠂ ᠤᠯᠠᠨ ᠲᠦᠮᠡᠨ ᠤ ᠭᠠᠴᠢᠭᠳᠠᠵᠤ ᠪᠠᠶᠢᠭ᠎ᠠ ᠵᠦᠢᠯ ᠳᠤ ᠰᠠᠨᠠᠭᠠᠰᠢᠷᠠᠵᠤ᠂ ᠤᠯᠠᠨ ᠲᠦᠮᠡᠨ ᠤ ᠬᠦᠴᠢᠷ ᠵᠣᠪᠠᠯᠠᠩ ᠢ ᠰᠢᠢᠳᠪᠦᠷᠢᠯᠡᠵᠦ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠤᠯᠠᠨ ᠲᠦᠮᠡᠨ ᠳᠤ ᠡᠷᠡᠰ ᠲᠦᠰᠢᠭᠯᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠠᠷᠠᠳ ᠲᠦᠮᠡᠨ ᠳᠤ ᠪᠤᠶᠠᠨ ᠦᠢᠯᠡᠳᠴᠦ᠂ ᠠᠷᠠᠳ ᠲᠦᠮᠡᠨ ᠳᠤ ᠪᠤᠶᠠᠨ ᠦᠢᠯᠡᠳᠬᠦ ᠪᠣᠳᠠᠲᠤ ᠠᠵᠢᠯᠯᠠᠭ᠎ᠠ ᠪᠠᠷ ᠢᠶᠠᠨ ᠡᠪ ᠬᠠᠮᠲᠤᠴᠤᠳ ᠤᠨ ︽ᠠᠮᠢ ᠪᠡᠶ᠎ᠡ ᠪᠠᠨ ᠦᠯᠦ ᠪᠤᠳᠤᠵᠤ᠂ ᠠᠷᠠᠳ ᠲᠦᠮᠡᠨ ᠳᠡᠭᠡᠨ ᠣᠰᠣᠯᠳᠠᠬᠤ ᠦᠭᠡᠢ︾ ᠪᠠᠶᠢᠬᠤ ᠡᠷᠬᠢᠮ ᠳᠡᠭᠡᠳᠦ ᠬᠠᠶᠢᠷ᠎ᠠ ᠰᠡᠳᠬᠢᠯᠭᠡ ᠶᠢ ᠢᠯᠡᠷᠡᠭᠦᠯᠬᠦ ᠶᠠᠪᠤᠳᠠᠯ ᠪᠣᠯᠤᠨ᠎ᠠ᠃      ᠲᠥᠷᠥ ᠵᠠᠰᠠᠭ ᠪᠣᠯ ᠳᠠᠷᠤᠶ ᠠᠷᠠᠳ ᠲᠦᠮᠡᠨ ᠮᠦᠨ᠂ ᠠᠷᠠᠳ ᠲᠦᠮᠡᠨ ᠪᠣᠯ ᠳᠠᠷᠤᠢ ᠲᠥᠷᠥ ᠵᠠᠰᠠᠭ ᠮᠦᠨ᠃ ᠪᠦᠬᠦ ᠨᠠᠮ ᠤᠨ ᠨᠥᠬᠦᠳ ᠴᠥᠮ ᠠᠷᠠᠳ ᠲᠦᠮᠡᠨ ᠤ ᠲᠠᠯ᠎ᠠ ᠳᠤ ᠵᠤᠭᠰᠤᠬᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠤᠯᠠᠨ ᠲᠦᠮᠡᠨ ᠳᠤ ᠪᠣᠳᠠᠲᠤ ᠶᠠᠪᠤᠳᠠᠯ ᠰᠠᠶᠢᠨ ᠶᠠᠪᠤᠳᠠᠯ ᠬᠢᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠪᠠᠨ ᠢᠮᠠᠭᠲᠠ ᠪᠠᠲᠤᠯᠠᠬᠤ ᠬᠡᠷᠡᠭᠲᠡᠢ᠃      — ᠡᠷᠡᠮᠡᠬᠡᠶᠢᠯᠡᠨ ᠲᠡᠮᠡᠴᠡᠵᠦ ᠬᠤᠪᠢ ᠨᠡᠮᠡᠷᠢ ᠦᠵᠡᠭᠦᠯᠬᠦ ᠪᠣᠯ ᠳᠠᠷᠤᠢ ᠨᠠᠮ ᠪᠠ ᠤᠯᠤᠰ ᠤᠨ ᠢᠶᠠᠨ ᠲᠦᠯᠦᠭᠡ ᠵᠢᠳᠬᠦᠬᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠮᠢᠳᠤᠷᠠᠬᠤᠢ ᠶᠢᠨ ᠬᠠᠷᠠᠯᠲᠠ ᠪᠣᠯᠭᠠᠵᠤ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠵᠣᠷᠢᠭᠲᠠᠢ ᠪᠠᠷ ᠠᠮᠢ ᠪᠡᠶ᠎ᠡ ᠪᠠᠨ ᠦᠷᠡᠭᠳᠡᠭᠦᠯᠵᠦ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠵᠤ᠂ ᠨᠤᠭᠤᠷᠠᠰᠢ ᠦᠭᠡᠢ ᠲᠡᠮᠡᠴᠡᠵᠦ᠂ ᠡᠪ ᠬᠠᠮᠲᠤᠴᠤᠳ ᠤᠨ ᠬᠠᠷᠠᠮ ᠦᠭᠡᠢ ᠵᠢᠳᠬᠦᠬᠦ ᠵᠣᠷᠢᠭ ᠰᠠᠨᠠᠭ᠎ᠠ ᠪᠣᠯᠤᠨ ᠰᠢᠨᠲᠠᠷᠠᠰᠢ ᠦᠭᠡᠢ ᠲᠡᠮᠡᠴᠡᠬᠦ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠬᠦ ᠶᠠᠪᠤᠳᠠᠯ ᠪᠣᠯᠤᠨ᠎ᠠ᠃      ᠬᠡᠳᠦᠢ ᠠᠭᠤᠤ ᠶᠡᠭᠡ ᠦᠢᠯᠡᠰ ᠪᠣᠯᠬᠤ ᠲᠤᠳᠤᠮ᠂ ᠲᠡᠳᠦᠢ ᠥᠷᠢᠰᠥᠯᠳᠦᠭᠡᠨ ᠢᠶᠠᠷ ᠳᠦᠭᠦᠷᠴᠦ᠂ ᠲᠡᠳᠦᠢ ᠬᠦᠨᠳᠦ ᠡᠭᠦᠷᠭᠡ ᠶᠢ ᠡᠭᠦᠷᠭᠡᠯᠡᠬᠦ ᠴᠢᠬᠤᠯᠠᠲᠠᠢ ᠪᠠᠶᠢᠳᠠᠭ᠃ ᠪᠦᠬᠦ ᠨᠠᠮ ᠤᠨ ᠨᠥᠬᠦᠳ ᠴᠥᠮ ︽ᠪᠡᠷᠬᠡ ᠬᠠᠲᠠᠭᠤᠵᠢᠯᠲᠠᠢ ᠪᠣᠯᠬᠤ ᠲᠤᠳᠤᠮ ᠤᠯᠠᠮ ᠤᠷᠤᠭᠰᠢᠯᠠᠬᠤ︾ ᠪᠠᠭᠠᠲᠤᠷᠯᠢᠭ ᠵᠤᠷᠢᠭ ᠰᠠᠨᠠᠭ᠎ᠠ ᠪᠠᠨ ᠪᠠᠷᠢᠮᠲᠠᠯᠠᠨ᠂ ︽ᠲᠡᠭᠷᠢ ᠭᠠᠵᠠᠷ ᠢ ᠲᠤᠩᠰᠤᠯᠭᠠᠬᠤ ᠰᠢᠨ᠎ᠡ ᠬᠤᠪᠢᠷᠠᠯᠳᠠ ᠭᠠᠷᠭᠠᠬᠤ︾ ᠣᠮᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠨ ᠪᠠᠳᠠᠷᠠᠭᠤᠯᠵᠤ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠨᠠᠮ ᠳᠠᠭᠠᠨ ᠣᠰᠣᠯᠳᠠᠬᠤ ᠦᠭᠡᠢ᠂ ᠠᠷᠠᠳ ᠲᠦᠮᠡᠨ ᠳᠡᠭᠡᠨ ᠣᠰᠣᠯᠳᠠᠬᠤ ᠦᠭᠡᠢ᠂ ᠴᠠᠭ ᠦᠶ᠎ᠡ ᠳᠤ ᠣᠰᠣᠯᠳᠠᠬᠤ ᠦᠭᠡᠢ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃      — ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠪᠣᠯ ᠳᠠᠷᠤᠢ ᠡᠪ ᠬᠠᠮᠲᠤᠴᠤᠳ ᠤᠨ ᠲᠡᠰᠪᠦᠷᠢ ᠬᠠᠲᠠᠭᠤᠵᠢᠯᠲᠠᠢ ᠠᠵᠢᠯᠴᠢ ᠪᠣᠷᠣᠭᠵᠢᠭᠤᠨ᠂ ᠨᠡᠶᠢᠲᠡ ᠶᠢᠨ ᠲᠥᠯᠥᠭᠡ ᠬᠤᠪᠢ ᠪᠡᠶ᠎ᠡ ᠪᠠᠨ ᠤᠮᠠᠷᠳᠠᠬᠤ ᠦᠡᠭᠭᠡ ᠭᠡᠷᠡᠯᠲᠦ ᠤᠯᠠᠮᠵᠢᠯᠠᠯ ᠢᠶᠠᠨ ᠪᠠᠷᠢᠮᠲᠠᠯᠠᠵᠤ᠂ ᠶᠡᠷᠦ ᠠᠴᠠ ᠭᠠᠪᠢᠶ᠎ᠠ ᠳᠠᠭᠠᠨ ᠡᠷᠳᠦᠬᠦ ᠦᠭᠡᠢ᠂ ᠬᠤᠪᠢ ᠬᠥᠮᠦᠨ ᠤ ᠣᠯᠵᠤ ᠠᠯᠳᠠᠬᠤ ᠶᠢ ᠬᠠᠶᠢᠬᠤᠷᠬᠤ ᠦᠭᠡᠢ᠂ ᠵᠢᠷᠭᠠᠯ ᠴᠡᠩᠭᠡᠯ ᠢ ᠬᠥᠭᠡᠭᠡᠴᠡᠯᠳᠦᠬᠦ ᠦᠭᠡᠢ᠂ ᠰᠠᠬᠢᠯᠭ᠎ᠠ ᠪᠠᠲᠤ ᠶᠢ ᠰᠠᠬᠢᠬᠤ᠂ ᠶᠣᠰᠣ ᠲᠦᠷᠢᠮ ᠢ ᠡᠷᠬᠢᠮᠯᠡᠬᠦ ᠶᠢ ᠪᠠᠷᠢᠮᠲᠠᠯᠠᠵᠤ᠂ ᠡᠪ ᠬᠠᠮᠲᠤᠴᠤᠳ ᠤᠨ ᠪᠠᠶᠢᠪᠠᠰᠤ ᠵᠣᠬᠢᠬᠤ ᠶᠣᠰᠣ ᠰᠤᠷᠲᠠᠬᠤᠨ ᠤ ᠬᠡᠪ ᠰᠤᠷᠲᠠᠯ ᠢ ᠠᠮᠢᠳᠤᠯᠢᠭ ᠢᠶᠠᠷ ᠢᠯᠡᠷᠡᠭᠦᠯᠬᠦ ᠶᠠᠪᠤᠳᠠᠯ ᠪᠣᠯᠤᠨ᠎ᠠ᠃      ᠡᠪ ᠬᠠᠮᠲᠤᠴᠤᠳ ᠡᠷᠬᠢᠮ ᠨᠠᠨᠳᠢᠨ ᠵᠠᠩ ᠰᠤᠷᠲᠠᠯ ᠲᠠᠢ ᠪᠠᠶᠢᠪᠠᠯ ᠰᠠᠶ᠋ᠢ ᠠᠷᠠᠳ ᠤᠨ ᠰᠡᠳᠬᠢᠯ ᠢ ᠣᠯᠵᠤ ᠴᠢᠳᠠᠨ᠎ᠠ᠃ ᠪᠦᠬᠦ ᠨᠠᠮ ᠤᠨ ᠨᠥᠬᠦᠳ ᠴᠥᠮ ᠶᠡᠭᠡ ᠶᠣᠰᠣ ᠶᠢ ᠮᠡᠳᠡᠵᠦ᠂ ᠨᠡᠶᠢᠲᠡ ᠶᠢᠨ ᠶᠣᠰᠣ ᠮᠣᠷᠠᠯ ᠢ ᠰᠠᠬᠢᠵᠤ᠂ ᠬᠤᠪᠢ ᠶᠢᠨ ᠶᠣᠰᠣ ᠰᠤᠷᠲᠠᠬᠤᠨ ᠢᠶᠠᠨ ᠴᠢᠩᠳᠠᠯᠠᠨ᠂ ᠠᠷᠢᠭᠤᠨ ᠴᠢᠬᠡᠴᠢ ᠪᠠᠷ ᠬᠥᠮᠦᠨ ᠪᠤᠯᠵᠤ᠂ ᠠᠷᠢᠭᠤᠨ ᠴᠢᠬᠡᠴᠢ ᠪᠠᠷ ᠠᠵᠢᠯ ᠶᠠᠪᠤᠳᠠᠯ ᠬᠢᠵᠦ᠂ ᠬᠤᠪᠢ ᠶᠢᠨ ᠠᠰᠢᠭ ᠢᠶᠠᠨ ᠲᠡᠪᠴᠢᠨ ᠨᠡᠶᠢᠲᠡ ᠶᠢᠨ ᠲᠥᠯᠥᠭᠡ ᠵᠢᠳᠬᠦᠵᠦ᠂ ᠠᠵᠢᠯᠴᠢ ᠠᠷᠪᠢᠴᠢ ᠪᠠᠷ ᠪᠡᠶ᠎ᠡ ᠪᠠᠨ ᠵᠠᠰᠠᠵᠤ᠂ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃      ︽7 · 1 ᠤ ᠭᠠᠪᠢᠶᠠᠨ ᠲᠡᠮᠳᠡᠭ︾ ᠬᠦᠷᠲᠡᠭᠰᠡᠳ ᠪᠣᠯ ᠴᠥᠮ ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠭᠰᠡᠨ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠦᠭᠡ ᠳᠠᠭᠤᠨ ᠦᠭᠡᠢ ᠪᠠᠷ ᠵᠢᠳᠭᠦᠵᠦ ᠬᠤᠪᠢ ᠨᠡᠮᠡᠷᠢ ᠦᠵᠡᠭᠦᠯᠦᠭᠰᠡᠨ ᠡᠭᠡᠯ ᠵᠢᠷ ᠤᠨ ᠪᠠᠭᠠᠲᠤᠷ ᠮᠥᠨ᠃ ᠲᠡᠳᠡ ᠨᠡᠷ ᠤᠨ ᠦᠢᠯᠡ ᠠᠵᠢᠯᠯᠠᠭ᠎ᠠ ᠶᠢ ᠲᠠᠭᠠᠨ ᠰᠤᠷᠤᠯᠴᠠᠵᠤ ᠦᠢᠯᠡᠳᠦᠯᠭᠡᠵᠢᠬᠦᠯᠵᠦ᠂ ᠲᠡᠳᠡ ᠨᠠᠷ ᠤᠨ ᠵᠣᠷᠢᠭ ᠰᠠᠨᠠᠭ᠎ᠠ ᠶᠢ ᠰᠤᠷᠤᠯᠴᠠᠭᠤᠰᠢᠳᠠᠢ ᠶᠤᠮ᠃ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠲᠡᠮᠡᠴᠡᠯ ᠤᠨ ᠵᠣᠷᠢᠭ ᠢᠶᠠᠨ ᠪᠠᠲᠤᠳᠬᠠᠵᠤ᠂ ᠬᠠᠳᠠᠨ ᠵᠣᠷᠢᠭ ᠢᠶᠠᠨ ᠪᠠᠲᠤᠳᠬᠠᠵᠤ᠂ ᠡᠩ ᠤᠨ ᠦᠶ᠎ᠡ ᠳᠤ ᠦᠵᠡᠵᠦ ᠭᠠᠷᠤᠨ᠂ ᠵᠠᠩᠭᠢᠯᠠᠭ᠎ᠠ ᠶᠢᠨ ᠦᠶ᠎ᠡ ᠳᠤ ᠬᠠᠷᠢᠭᠤᠴᠠᠯᠭ᠎ᠠ ᠡᠭᠦᠷᠭᠡᠯᠡᠵᠦ᠂ ᠠᠶᠤᠯ ᠲᠦᠭᠰᠢᠭᠦᠷᠢ ᠲᠠᠢ ᠦᠶ᠎ᠡ ᠳᠤ ᠠᠮᠢ ᠴᠦᠯᠡᠨ ᠲᠡᠮᠡᠴᠡᠪᠡᠯ᠂ ᠨᠠᠮ ᠤᠨ ᠭᠡᠰᠢᠭᠦᠨ ᠨᠢᠭᠡ ᠪᠦᠷᠢ ᠴᠦᠮ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠳᠤᠮᠳᠠ ᠨᠠᠮ ᠪᠣᠯᠤᠨ ᠠᠷᠠᠳ ᠲᠦᠮᠡᠨ ᠤ ᠲᠥᠯᠥᠭᠡ ᠭᠠᠪᠢᠶ᠎ᠠ ᠵᠢᠳᠬᠦᠯ ᠪᠠᠶᠢᠭᠤᠯᠵᠤ ᠴᠢᠳᠠᠨ᠎ᠠ ᠭᠡᠳᠡᠭ ᠢ ᠲᠡᠳᠡ ᠪᠣᠳᠠᠲᠤ ᠠᠵᠢᠯᠯᠠᠭ᠎ᠠ ᠪᠠᠷ ᠢᠶᠠᠨ ᠭᠡᠷᠡᠴᠢᠯᠡᠪᠡ︕      ᠨᠥᠬᠦᠳ ᠡ︕      ᠰᠢᠨ᠎ᠡ ᠴᠠᠭ ᠦᠶ᠎ᠡ ᠪᠣᠯ ᠪᠠᠭᠠᠲᠤᠷᠴᠤᠳ ᠢ ᠬᠡᠷᠡᠭᠰᠡᠬᠦ ᠪᠥᠭᠡᠳ ᠯᠠᠪᠳᠠᠢ ᠪᠠᠭᠠᠲᠤᠷᠴᠤᠳ ᠴᠤᠯᠭᠤᠷᠠᠬᠤ ᠴᠠᠭ ᠦᠶ᠎ᠡ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ ᠴᠠᠭ ᠦᠶ᠎ᠡ ᠶᠢᠨ ᠬᠤᠰᠢᠭᠤᠴᠢ᠂ ᠦᠨᠳᠦᠰᠦᠲᠡᠨ ᠤ ᠲᠤᠯᠭᠠᠭᠤᠷᠢ ᠪᠣᠯᠤᠶ᠎ᠠ ᠭᠡᠪᠡᠯ᠂ ᠨᠠᠮ ᠤᠨ ᠭᠡᠰᠢᠭᠦᠨ ᠤ ᠡᠩᠨᠡᠭᠡ ᠡᠷᠬᠡᠪᠰᠢ ᠪᠠᠲᠤ ᠴᠢᠩᠭ᠎ᠠ ᠪᠠᠶᠢᠬᠤ ᠬᠡᠷᠡᠭᠲᠡᠢ᠃ ᠬᠥᠬᠢᠭᠦᠯᠦᠨ ᠰᠠᠶᠢᠰᠢᠶᠠᠭᠳᠠᠭᠰᠠᠨ ᠨᠥᠬᠦᠳ ᠢ ᠢᠷᠠᠭᠤ ᠠᠯᠳᠠᠷ ᠢᠶᠠᠨ ᠨᠠᠨᠳᠢᠩᠨᠠᠨ᠂ ᠠᠮᠵᠢᠯᠲᠠ ᠪᠦᠲᠦᠮᠵᠢ ᠪᠠᠨ ᠪᠠᠳᠠᠷᠠᠭᠤᠯᠵᠤ᠂ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ ᠶᠢ ᠬᠦᠰᠡᠵᠦ ᠪᠠᠶᠢᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠵᠢᠯ ᠠᠮᠢᠳᠤᠷᠠᠯ ᠤᠨ ᠲᠠᠯ᠎ᠠ ᠪᠠᠷ ᠭᠠᠪᠢᠶ᠎ᠠ ᠵᠢᠳᠭᠦᠯᠲᠦ ᠨᠠᠮ ᠤᠨ ᠭᠡᠰᠢᠭᠦᠨ ᠢ ᠬᠠᠯᠠᠮᠵᠢᠯᠠᠨ ᠬᠠᠶᠢᠷᠠᠯᠠᠵᠤ᠂ ︽7 · 1 ᠤ ᠭᠠᠪᠢᠶᠠᠨ ᠲᠡᠮᠳᠡᠭ︾ ᠬᠦᠷᠲᠡᠭᠰᠡᠳ ᠤᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠪᠠ ᠡᠷᠬᠢᠮ ᠳᠡᠭᠡᠳᠦ ᠵᠠᠩ ᠰᠤᠷᠲᠠᠯ ᠢ ᠬᠦᠴᠦᠯᠡᠨ ᠤᠬᠠᠭᠤᠯᠵᠤ᠂ ᠪᠥᠬᠦ ᠨᠠᠮ ᠪᠥᠬᠦ ᠨᠡᠶᠢᠭᠡᠮ ᠳᠤ ᠲᠡᠷᠢᠭᠦᠨ ᠤ ᠬᠢ ᠶᠢ ᠡᠷᠬᠢᠮᠯᠡᠬᠦ᠂ ᠡᠷᠳᠡᠮᠲᠡᠨ ᠮᠡᠷᠭᠡᠳ ᠠᠴᠠ ᠰᠤᠷᠤᠯᠴᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ ᠨᠠᠮ ᠤᠨ ᠰᠢᠨᠵᠢ ᠴᠢᠨᠠᠷ ᠵᠣᠷᠢᠯᠲᠠ ᠶᠢ ᠪᠠᠲᠤ ᠴᠡᠭᠡᠵᠢᠯᠡᠵᠦ᠂ ᠨᠠᠮ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠴᠥᠬᠦᠷᠡᠰᠢ ᠥᠬᠡᠶ ᠲᠡᠮᠡᠴᠡᠵᠦ᠂ ᠥᠨᠢ ᠡᠭᠦᠷᠢᠳᠡ ᠲᠡᠮᠡᠴᠡᠬᠦᠯᠬᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠲᠡᠶᠢᠰᠢ ᠡᠷᠡᠯᠬᠡᠭᠯᠡᠨ ᠤᠷᠤᠭᠰᠢᠯᠠᠬᠤ ᠶᠢ ᠵᠤᠷᠢᠬᠵᠢᠭᠤᠯᠬᠤ ᠬᠡᠷᠡᠭᠲᠡᠶ︕
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号