ᠰᠢ ᠶᠢᠨ ᠫᠢᠩ ︽7 · 1 ᠤ ᠭᠠᠪᠢᠶᠠᠨ ᠲᠡᠮᠳᠡᠭ︾ ᠬᠦᠷᠲᠡᠭᠰᠡᠳ ᠲᠤ ᠭᠠᠪᠢᠶᠠᠨ ᠲᠡᠮᠳᠡᠭ ᠣᠯᠭᠤᠭᠰᠠᠨ | ᠪᠥᠭᠡᠳ ᠴᠢᠬᠤᠯᠠ ᠶᠠᠷᠢᠶ᠎ᠠ ᠲᠠᠯᠪᠢᠪᠠ ᠪᠦᠬᠦ ᠤᠯᠤᠰ ᠤᠨ ︽ᠬᠤᠶᠠᠷ ᠰᠢᠯᠢᠳᠡᠭ ᠨᠢᠬᠡ ᠲᠡᠷᠢᠬᠦᠨ︾ ᠢᠶᠠᠷ | ᠬᠦᠬᠢᠬᠦᠯᠦᠭᠳᠡᠨ ᠰᠠᠶᠢᠰᠢᠶᠠᠬᠳᠠᠬᠰᠠᠨ ᠬᠦᠮᠤᠰ ᠲᠠᠢ ᠠᠭᠤᠯᠵᠠᠵᠠᠢ ᠯᠢ ᠺᠧ ᠴᠢᠶᠠᠩ ᠯᠢ ᠵᠠᠨ ᠱᠤ᠋ ᠸᠠᠩ ᠶᠠᠩ | ᠸᠠᠩ ᠬᠤ᠋ ᠨᠢᠩ ᠵᠤᠤ ᠯᠧ ᠵᠢᠢ ᠬᠠᠨ ᠵᠧᠩ ᠸᠠᠩ ᠴᠢ ᠱᠠᠨ ᠠᠵᠢᠯᠯᠠᠭ᠎ᠠ ᠳᠤ ᠤᠷᠤᠯᠴᠠᠵᠠᠢ | ᠭᠠᠪᠢᠶ᠎ᠠ ᠵᠢᠳᠬᠦᠯ ᠲᠠᠢ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠭᠤᠤ ᠶᠡᠭᠡ ᠰᠡᠷᠭᠦᠨ | ᠮᠠᠨᠳᠤᠯᠲᠠ ᠶᠢᠨ ᠠᠶᠠᠨ ᠳᠠᠭᠠᠨ ᠡᠷᠡᠯᠬᠡᠭᠯᠡᠨ ᠤᠷᠤᠭᠰᠢᠯᠠᠰᠤᠭᠠᠢ᠃ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ︽7 · 1 ᠤ ᠭᠠᠪᠢᠶᠠᠨ ᠲᠡᠮᠳᠡᠭ︾ ᠣᠯᠭᠤᠬᠤ ᠶᠣᠰᠣᠯᠠᠯ | 29 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠳᠠᠨ ᠰᠢᠷᠭᠠᠯ | ᠲᠢᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ︽7 · 1 ᠤ | ᠭᠠᠪᠢᠶᠠᠨ ᠲᠡᠮᠳᠡᠭ︾ ᠬᠦᠷᠲᠡᠭᠰᠡᠳ ᠲᠤ ᠭᠠᠪᠢᠶᠠᠨ ᠲᠡᠮᠳᠡᠭ ᠣᠯᠭᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢ ᠶᠢᠨ ᠫᠢᠩ᠂ ᠵᠠᠭᠤᠨ ᠵᠢᠯ ᠤᠨ ᠲᠤᠷᠰᠢ᠂ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ | ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠥᠭᠡᠯᠡᠯᠲᠡ ᠶᠢ ᠲᠡᠮᠡᠴᠡᠨ ᠤᠯᠬᠤ᠂ ᠤᠯᠤᠰ | ᠭᠦᠷᠦᠨ ᠤ ᠪᠠᠶᠠᠵᠢᠯ ᠬᠦᠴᠦᠷᠬᠡᠭᠵᠢᠯ ᠪᠠ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠲᠥᠯᠥᠭᠡ᠂ | ᠬᠤᠶᠢᠨ᠎ᠠ ᠬᠤᠶᠢᠨ᠎ᠠ ᠠᠴᠠ ᠪᠠᠨ ᠲᠡᠮᠡᠴᠡᠵᠦ᠂ ᠴᠢᠰᠤ ᠤᠷᠤᠰᠬᠠᠨ ᠪᠠᠶᠢᠯᠳᠤᠵᠤ᠂ ᠲᠡᠰᠪᠦᠷᠢ ᠬᠠᠲᠠᠭᠤᠵᠢᠯᠲᠠᠢ ᠲᠡᠮᠡᠴᠡᠨ | ᠂ ᠭᠤᠶᠠᠴᠢ ᠦᠭᠡᠢ ᠵᠢᠳᠬᠦᠵᠦ᠂ ᠠᠭᠤᠯᠠ ᠶᠢ ᠳᠣᠩᠰᠣᠯᠭᠠᠵᠤ ᠮᠦᠷᠡᠨ ᠢ ᠴᠠᠯᠬᠢᠭᠤᠯᠤᠬᠰᠠᠨ ᠪᠠᠭᠠᠲᠤᠷᠯᠢᠭ | ᠳᠠᠭᠤᠯᠠᠯ ᠢ ᠪᠢᠴᠢᠭᠯᠡᠭᠰᠡᠨ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ | ᠤᠢ ᠶᠢ ᠪᠡᠯᠭᠡᠯᠡᠵᠦ ᠪᠠᠶᠢᠭ᠎ᠠ ᠲᠠᠰᠢᠷᠠᠮ ᠳᠤ᠂ ᠪᠢᠳᠡ ᠠᠳᠡ ᠦᠪᠡᠳᠡᠭᠰᠢ ᠶᠡᠭᠡ ᠪᠠᠷ ᠶᠣᠰᠣᠯᠠᠯ ᠶᠠᠪᠤᠭᠤᠯᠵᠤ᠂ | ᠨᠠᠮ ᠤᠨ ᠳᠣᠲᠣᠭᠠᠳᠤ ᠶᠢᠨ ᠬᠠᠮᠤᠭ ᠤᠨ ᠳᠡᠭᠡᠳᠦ ᠢᠷᠠᠭᠤ ᠠᠯᠳᠠᠷ ᠢ ᠨᠠᠮ ᠪᠠ ᠠᠷᠠᠳ ᠲᠦᠮᠡᠨ ᠳᠤ ᠭᠠᠷᠮᠠᠭᠠᠢ | ᠬᠤᠪᠢ ᠨᠡᠮᠡᠷᠢ ᠦᠵᠡᠭᠦᠯᠦᠭᠰᠡᠨ ᠡᠪ ᠬᠠᠮᠲᠤ ᠨᠠᠮ ᠤᠨ ᠭᠡᠰᠢᠭᠦᠨ ᠳᠤ ᠣᠯᠭᠤᠵᠦ ᠪᠠᠶᠢᠨ᠎ᠠ ᠭᠡᠵᠦ ᠴᠢᠬᠤᠯᠠᠴᠢᠯᠠᠪᠠ᠃ | | 6 ᠰᠠᠷ᠎ᠠ ᠶᠢᠨ 29 ᠤ ᠡᠳᠤᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 | ᠵᠢᠯ ᠤᠨ ᠣᠶ ᠶᠢ ᠪᠡᠯᠭᠡᠯᠡᠬᠦ ︽7 · 1 ᠤ ᠭᠠᠪᠢᠶᠠᠨ ᠲᠡᠮᠳᠡᠭ︾ ᠣᠯᠭᠤᠬᠤ ᠶᠣᠰᠣᠯᠠᠯ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠤᠨ ᠠᠯᠳᠠᠨ ᠰᠢᠷᠭᠠᠯ ᠲᠢᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ | ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ︽7 · 1 ᠤ ᠭᠠᠪᠢᠶᠠᠨ ᠲᠡᠮᠳᠡᠭ︾ ᠬᠦᠷᠲᠡᠭᠰᠡᠳ ᠲᠤ ᠭᠠᠪᠢᠶᠠᠨ | ᠲᠡᠮᠳᠡᠭ ᠣᠯᠭᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠢᠩ ᠯᠢᠨ ᠰᠡᠬᠦᠳᠡᠷᠯᠡᠪᠡ | ᠰᠢ ᠶᠢᠨ ᠫᠢᠩ᠂ ︽7 · 1 ᠤ ᠭᠠᠪᠢᠶᠠᠨ ᠲᠡᠮᠳᠡᠭ︾ ᠬᠦᠷᠲᠡᠭᠰᠡᠳ ᠪᠣᠯ ᠴᠥᠮ ᠠᠷᠠᠳ ᠲᠦᠮᠡᠨ ᠤ | ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠭᠰᠡᠨ᠂ ᠲᠤᠬᠠᠶᠢᠯᠠᠭᠰᠠᠨ ᠠᠵᠢᠯ ᠳᠠᠭᠠᠨ | ᠰᠠᠭᠤᠷᠢᠯᠠᠵᠤ᠂ ᠦᠭᠡ ᠳᠠᠭᠤᠨ ᠦᠭᠡᠢ ᠪᠠᠷ ᠵᠢᠳᠭᠦᠵᠦ ᠬᠤᠪᠢ ᠨᠡᠮᠡᠷᠢ ᠦᠵᠡᠭᠦᠯᠦᠭᠰᠡᠨ ᠡᠭᠡᠯ ᠵᠢᠷ ᠤᠨ ᠪᠠᠭᠠᠲᠤᠷ | ᠮᠥᠨ᠃ ᠲᠡᠳᠡ ᠨᠡᠷ ᠤᠨ ᠦᠢᠯᠡ ᠠᠵᠢᠯᠯᠠᠭ᠎ᠠ ᠠᠴᠠ ᠲᠠᠭᠠᠨ ᠰᠤᠷᠤᠯᠴᠠᠵᠤ ᠦᠢᠯᠡᠳᠤᠯᠭᠡᠵᠢᠬᠦᠯᠵᠦ᠂ ᠲᠡᠳᠡ ᠨᠠᠷ ᠤᠨ | ᠵᠣᠷᠢᠭ ᠰᠠᠨᠠᠭ᠎ᠠ ᠶᠢ ᠰᠤᠷᠤᠯᠴᠠᠭᠤᠰᠢᠳᠠᠢ ᠶᠤᠮ᠃ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠲᠡᠮᠡᠴᠡᠯ ᠤᠨ | ᠵᠣᠷᠢᠭ ᠢᠶᠠᠨ ᠪᠠᠲᠤᠳᠬᠠᠵᠤ᠂ ᠬᠠᠳᠠᠨ ᠵᠣᠷᠢᠭ ᠢᠶᠠᠨ ᠪᠠᠲᠤᠳᠬᠠᠵᠤ᠂ ᠡᠩ ᠤᠨ ᠦᠶ᠎ᠡ ᠳᠤ ᠦᠵᠡᠵᠦ ᠭᠠᠷᠤᠨ᠂ | ᠵᠠᠩᠭᠢᠯᠠᠭ᠎ᠠ ᠶᠢᠨ ᠦᠶ᠎ᠡ ᠳᠤ ᠬᠠᠷᠢᠭᠤᠴᠠᠯᠭ᠎ᠠ ᠡᠭᠦᠷᠭᠡᠯᠡᠵᠦ᠂ ᠠᠶᠤᠯ ᠲᠦᠭᠰᠢᠭᠦᠷᠢ ᠲᠠᠢ ᠦᠶ᠎ᠡ ᠳᠤ ᠠᠮᠢ ᠴᠦᠯᠡᠨ | ᠲᠡᠮᠡᠴᠡᠪᠡᠯ᠂ ᠨᠠᠮ ᠤᠨ ᠭᠡᠰᠢᠭᠦᠨ ᠨᠢᠭᠡᠪᠦᠷᠢ ᠴᠦᠮ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ | ᠳᠤᠮᠳᠠ ᠨᠠᠮ ᠪᠣᠯᠤᠨ ᠠᠷᠠᠳ ᠲᠦᠮᠡᠨ ᠤ ᠲᠥᠯᠥᠭᠡ ᠭᠠᠪᠢᠶ᠎ᠠ ᠵᠢᠳᠬᠦᠯ ᠪᠠᠶᠢᠭᠤᠯᠵᠤ ᠴᠢᠳᠠᠨ᠎ᠠ ᠭᠡᠳᠡᠭ ᠢ ᠲᠡᠳᠡ | ᠪᠣᠳᠠᠲᠤ ᠠᠵᠢᠯᠯᠠᠭ᠎ᠠ ᠪᠠᠷ ᠢᠶᠠᠨ ᠭᠡᠷᠡᠴᠢᠯᠡᠪᠡ ᠬᠡᠵᠤ ᠵᠢᠭᠠᠵᠤ ᠭᠠᠷᠭᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ | ᠴᠢᠶᠠᠩ᠂ ᠯᠢ ᠵᠠᠨ ᠱᠤ᠋᠂ ᠸᠠᠩ ᠶᠠᠩ᠂ ᠵᠤᠤ ᠯᠧ ᠵᠢᠢ᠂ ᠬᠠᠨ ᠵᠧᠩ᠂ ᠤᠯᠤᠰ ᠤᠨ ᠳᠡᠳ᠋ ᠲᠡᠷᠢᠭᠦᠯᠡᠭᠴᠢ ᠸᠠᠩ ᠴᠢ | ᠱᠠᠨ ᠶᠣᠰᠣᠯᠠᠯ ᠳᠤ ᠣᠷᠣᠯᠴᠠᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ ᠸᠠᠩ ᠬᠤ᠋ ᠨᠢᠩ ᠬᠤᠷᠠᠯ ᠢ ᠡᠷᠬᠢᠯᠡᠪᠡ᠃ | | 6 ᠰᠠᠷ᠎ᠠ ᠶᠢᠨ 29 ᠤ ᠡᠳᠤᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 | ᠵᠢᠯ ᠤᠨ ᠣᠶ ᠶᠢ ᠪᠡᠯᠭᠡᠯᠡᠬᠦ ︽7 · 1 ᠤ ᠭᠠᠪᠢᠶᠠᠨ ᠲᠡᠮᠳᠡᠭ︾ ᠣᠯᠭᠤᠬᠤ ᠶᠣᠰᠣᠯᠠᠯ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠤᠨ ᠠᠯᠳᠠᠨ ᠰᠢᠷᠭᠠᠯ ᠲᠢᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠰᠢ ᠶᠢᠨ | ᠫᠢᠩ ᠵᠡᠷᠭᠡ ᠤᠳᠤᠷᠢᠳᠬᠤ ᠨᠦᠬᠦᠳ ︽7 · 1 ᠤ ᠭᠠᠪᠢᠶᠠᠨ ᠲᠡᠮᠳᠡᠭ︾ ᠬᠦᠷᠲᠡᠭᠰᠡᠳ ᠲᠠᠢ ᠬᠠᠮᠳᠤ ᠶᠢᠨ ᠰᠡᠬᠦᠳᠡᠷ | ᠳᠠᠳᠠᠭᠤᠯᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ᠤᠤᠢ ᠰᠡᠬᠦᠳᠡᠷᠯᠡᠪᠡ | 8 ᠴᠠᠭ 45 ᠮᠢᠨᠦ᠋ᠲ ᠲᠤ᠂ ︽7 · 1 ᠤ ᠭᠠᠪᠢᠶᠠᠨ ᠲᠡᠮᠳᠡᠭ︾ ᠬᠦᠷᠲᠡᠭᠰᠡᠳ ᠬᠠᠮᠲᠤ ᠪᠠᠷ ᠶᠣᠰᠣᠯᠠᠯ ᠤᠨ | ᠲᠡᠷᠭᠡᠨ ᠳᠤ ᠰᠠᠭᠤᠵᠤ᠂ ᠲᠥᠷᠥ ᠶᠢᠨ ᠵᠣᠴᠢᠳ ᠢ ᠬᠠᠮᠠᠭᠠᠯᠠᠬᠤ ᠠᠩᠭᠢ ᠶᠢᠨ ᠬᠠᠮᠠᠭᠠᠯᠠᠯᠲᠠ ᠲᠠᠢ ᠪᠠᠷ ᠠᠷᠠᠳ ᠤᠨ | ᠶᠡᠭᠡ ᠬᠤᠷᠠᠯ ᠤᠨ ᠲᠠᠩᠬᠢᠮ ᠳᠤ ᠬᠥᠷᠪᠡ᠃ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ | ᠭᠠᠳᠠᠨ᠎ᠠ᠂ ᠤᠯᠠᠭᠠᠨ ᠲᠤᠭ ᠢ ᠥᠨᠳᠥᠷ ᠡᠷᠭᠦᠭᠰᠡᠨ ᠶᠣᠰᠣᠯᠠᠯ ᠤᠨ ᠴᠡᠷᠢᠭ ᠵᠠᠮ ᠤᠨ ᠬᠤᠶᠠᠷ ᠲᠠᠯ᠎ᠠ ᠳᠤ ᠵᠢᠭᠰᠠᠵᠤ᠂ | 18 ᠶᠣᠰᠣᠯᠠᠯ ᠤᠨ ᠴᠡᠷᠢᠭ ᠶᠡᠨᠳᠡᠷ ᠳᠡᠭᠡᠷ᠎ᠡ ᠫᠤᠤ ᠠᠳᠬᠤᠨ ᠵᠣᠭᠰᠣᠵᠤ᠂ ᠵᠠᠯᠠᠭᠤᠴᠤᠳ ᠪᠠᠭᠠᠴᠤᠳ ᠪᠠᠶᠠᠷᠯᠠᠨ | ᠤᠷᠠᠶᠢᠯᠠᠵᠤ ᠮᠡᠨᠳᠦᠴᠢᠯᠡᠯ ᠳᠡᠪᠰᠢᠭᠦᠯᠪᠡ᠃ ︽7 · 1 ᠤ ᠭᠠᠪᠢᠶᠠᠨ ᠲᠡᠮᠳᠡᠭ︾ ᠬᠦᠷᠲᠡᠭᠰᠡᠳ ᠤᠯᠠᠭᠠᠨ ᠬᠡᠪᠢᠰ | ᠲᠠᠭᠠᠤ ᠱᠠᠲᠤ ᠪᠠᠷ ᠠᠯᠬᠤᠨ ᠭᠠᠷᠴᠤ᠂ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡ ᠪᠠᠷ ᠣᠷᠣᠪᠠ᠃ | ᠨᠠᠮ ᠪᠣᠯᠤᠨ ᠤᠯᠤᠰ ᠤᠨ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠠᠵᠢᠯ ᠤᠨ | ᠵᠥᠪᠯᠡᠯ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠠᠮᠲᠤ ᠪᠠᠷ ᠲᠡᠳᠡᠨᠤᠰ ᠢ ᠤᠭᠲᠤᠪᠠ᠃ | | 6 ᠰᠠᠷ᠎ᠠ ᠶᠢᠨ 29 ᠤ ᠡᠳᠤᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 | ᠵᠢᠯ ᠤᠨ ᠣᠶ ᠶᠢ ᠪᠡᠯᠭᠡᠯᠡᠬᠦ ︽7 · 1 ᠤ ᠭᠠᠪᠢᠶᠠᠨ ᠲᠡᠮᠳᠡᠭ︾ ᠣᠯᠭᠤᠬᠤ ᠶᠣᠰᠣᠯᠠᠯ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠤᠨ ᠠᠯᠳᠠᠨ ᠰᠢᠷᠭᠠᠯ ᠲᠢᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠰᠢ ᠶᠢᠨ | ᠫᠢᠩ ᠵᠡᠷᠭᠡ ᠤᠳᠤᠷᠢᠳᠬᠤ ᠨᠥᠬᠦᠳ ᠭᠠᠪᠢᠶᠠᠨ ᠳᠡᠮᠳᠡᠭ ᠤᠯᠭᠤᠬᠤ ᠶᠤᠰᠤᠯᠠᠯ ᠤᠨ ᠡᠮᠦᠨ᠎ᠡ ᠪᠦᠬᠦ ᠤᠯᠤᠰ ᠤᠨ ︽ | ᠬᠤᠶᠠᠷ ᠰᠢᠯᠢᠳᠡᠭ ᠨᠢᠬᠡ ᠲᠡᠷᠢᠬᠦᠨ︾ ᠢᠶᠠᠷ ᠬᠦᠬᠢᠬᠦᠯᠦᠭᠳᠡᠨ ᠰᠠᠶᠢᠰᠢᠶᠠᠬᠳᠠᠬᠰᠠᠨ ᠬᠦᠮᠦᠰ ᠲᠠᠢ ᠠᠭᠤᠯᠵᠠᠵᠠᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠱᠧᠨ ᠬᠤᠩ ᠰᠡᠬᠦᠳᠡᠷᠯᠡᠪᠡ | ᠠᠷᠠᠳ ᠤᠨ ᠶᠡᠭᠡ ᠬᠤᠷᠠᠯ ᠤᠨ ᠲᠠᠩᠬᠢᠮ ᠤᠨ ᠭᠤᠷᠪᠠᠳᠤᠭᠠᠷ ᠳᠠᠪᠬᠤᠷᠯᠢᠭ ᠤᠨ ᠠᠯᠳᠠᠨ ᠰᠢᠷᠭᠠᠯ ᠲᠢᠩᠬᠢᠮ ᠳᠤ | ᠠᠭᠤᠷ ᠠᠮᠢᠰᠬᠤᠯ ᠲᠦᠪ ᠬᠢᠴᠢᠶᠡᠩᠬᠦᠢ ᠪᠦᠭᠡᠳ ᠬᠦᠷ ᠬᠦᠭᠵᠢᠶᠠᠨᠳᠠᠢ ᠪᠠᠶᠢᠯ᠎ᠠ᠃ ᠤᠯᠠᠭᠠᠨ ᠦᠩᠭᠡ ᠶᠢᠨ ᠠᠷᠤ | ᠦᠵᠡᠭᠳᠡᠯ ᠤᠨ ᠲᠤᠮᠤ ᠬᠠᠪᠲᠠᠰᠤᠨ ᠳᠡᠭᠡᠷ᠎ᠡ᠂ ︽7 · 1 ᠤ ᠭᠠᠪᠢᠶᠠᠨ ᠲᠡᠮᠳᠡᠭ︾ ᠤᠨ ᠵᠢᠷᠤᠭ ᠬᠢᠯᠪᠠᠭ᠎ᠠ ᠰᠠᠴᠤᠷᠠᠨ | ᠬᠠᠷᠠᠬᠳᠠᠨ᠎ᠠ᠃ ᠠᠷᠤ ᠦᠵᠡᠭᠳᠡᠯ ᠤᠨ ᠬᠠᠪᠲᠠᠰᠤᠨ ᠤ ᠡᠮᠦᠨ᠎ᠡ᠂ 18 ᠬᠤᠷᠴᠠ ᠤᠯᠠᠭᠠᠨ ᠲᠤᠭ ᠢ ᠬᠤᠶᠠᠷ | ᠲᠠᠯ᠎ᠠ ᠪᠠᠷ ᠨᠢ ᠵᠢᠭᠰᠠᠭᠠᠵᠤ᠂ ᠴᠢᠯᠥᠭᠡᠯᠡᠬᠦ ᠴᠡᠷᠢᠭ ᠤᠨ ᠶᠣᠰᠣᠯᠠᠯ ᠤᠨ ᠠᠩᠬᠢ ᠶᠢᠨ 18 ᠵᠢᠪᠬᠤᠭᠠᠳᠤ ᠲᠦᠷᠢ ᠲᠠᠢ | ᠶᠣᠰᠣᠯᠠᠯ ᠤᠨ ᠴᠡᠷᠢᠭ ᠭᠠᠪᠢᠶᠠᠨ ᠲᠠᠮᠳᠡᠭ ᠣᠯᠭᠤᠬᠤ ᠲᠠᠶᠢᠰᠠᠨ ᠤ ᠬᠤᠶᠠᠷ ᠲᠠᠯ᠎ᠠ ᠪᠠᠷ ᠫᠤᠤ ᠠᠳᠬᠤᠨ ᠵᠣᠭᠰᠣᠪᠠ᠃ | 9 ᠴᠠᠭ 58 ᠮᠢᠨᠦ᠋ᠲ ᠲᠤ᠂ ᠪᠠᠶᠠᠷ ᠪᠠᠶᠠᠰᠬᠤᠯᠠᠩᠲᠤ ᠬᠥᠭᠵᠢᠮ ᠤᠨ ᠠᠶᠠᠰ ᠳᠤᠮᠳᠠ᠂ ᠰᠢ ᠶᠢᠨ ᠫᠢᠩ ︽ | 7 · 1 ᠤ ᠭᠠᠪᠢᠶᠠᠨ ᠲᠡᠮᠳᠡᠭ︾ ᠬᠦᠷᠲᠡᠭᠰᠡᠳ ᠲᠠᠢ ᠬᠠᠮᠲᠤ ᠬᠤᠷᠠᠯ ᠤᠨ ᠲᠠᠯᠠᠪᠠᠶ ᠳᠤ ᠠᠯᠬᠤᠨ ᠣᠷᠣᠬᠤ ᠳᠤ | ᠲᠠᠯᠠᠪᠠᠶ ᠳᠠᠶᠠᠭᠠᠷ ᠢᠶᠠᠨ ᠪᠣᠰᠴᠤ ᠵᠣᠭᠰᠣᠨ ᠨᠢᠵᠢᠭᠢᠨᠡᠲᠡᠯ᠎ᠡ ᠠᠯᠠᠭ᠎ᠠ ᠲᠡᠰᠢᠵᠠᠭᠠᠪᠡ᠃ | 10 ᠴᠠᠭ ᠲᠤ᠂ ᠴᠢᠯᠥᠭᠡᠯᠡᠬᠦ ᠴᠡᠷᠢᠭ ᠤᠨ ᠴᠡᠷᠢᠭ ᠤᠨ ᠬᠥᠭᠵᠢᠮ ᠤᠨ ᠪᠦᠯᠬᠦᠮ ᠤᠨ ᠪᠦᠷᠢᠶᠡᠴᠢᠳ | ᠶᠣᠰᠣᠯᠠᠯ ᠤᠨ ᠪᠦᠷᠢᠶ᠎ᠡ ᠦᠯᠢᠶᠡᠵᠦ᠂ ᠭᠠᠪᠢᠶᠠᠨ ᠳᠡᠮᠳᠡᠭ ᠣᠯᠭᠤᠬᠤ ᠶᠣᠰᠣᠯᠠᠯ ᠡᠬᠢᠯᠡᠪᠡ᠃ ᠲᠠᠷᠠᠭ᠎ᠠ ᠨᠢ᠂ ︽ | ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠬᠥᠭᠵᠢᠮ︾ ᠢ ᠬᠥᠭᠵᠢᠮᠳᠡᠵᠦ᠂ ᠲᠠᠯᠠᠪᠠᠢ ᠳᠠᠶᠠᠭᠠᠷ ᠢᠶᠠᠨ ᠪᠦᠬᠦᠳᠠ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠯ᠎ᠠ᠃ | ᠸᠠᠩ ᠬᠤ᠋ ᠨᠢᠩ ︽︿7 · 1 ᠤ ᠭᠠᠪᠢᠶᠠᠨ ᠲᠡᠮᠳᠡᠭ﹀ ᠢ ᠣᠯᠭᠤᠬᠤ ᠲᠤᠬᠠᠶ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠤᠩᠰᠢᠨ ᠨᠡᠶᠢᠲᠡᠯᠡᠪᠡ᠃ ᠲᠣᠭᠲᠠᠭᠠᠯ ᠳᠤ᠂ ᠳᠤᠮᠳᠠᠳᠤ | ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠳᠤ᠂ | ᠨᠠᠮ ᠪᠣᠯᠤᠨ ᠠᠷᠠᠳ ᠲᠦᠮᠡᠨ ᠤ ᠦᠢᠯᠡᠰ ᠤᠨ ᠲᠥᠯᠥᠭᠡ ᠨᠠᠰᠤᠨ ᠲᠤᠷᠰᠢᠳᠠ ᠴᠥᠬᠦᠷᠡᠰᠢ ᠦᠭᠡᠢ ᠵᠢᠳᠬᠦᠭᠰᠡᠨ᠂ | ᠦᠭᠡ ᠳᠠᠭᠤᠨ ᠦᠭᠡᠢ ᠬᠤᠪᠢ ᠨᠡᠮᠡᠷᠢ ᠦᠵᠡᠭᠦᠯᠦᠭᠰᠡᠨ᠂ ᠬᠤᠪᠢ ᠨᠡᠮᠡᠷᠢ ᠲᠤᠪᠤᠶᠢᠮ᠎ᠠ᠂ ᠵᠠᠩ ᠮᠣᠷᠠᠯ ᠡᠷᠬᠢᠮ | ᠳᠡᠭᠡᠳᠦ ᠭᠠᠪᠢᠶ᠎ᠠ ᠵᠢᠳᠬᠦᠯ ᠲᠠᠢ ᠵᠢᠱᠢᠶᠡᠴᠢ ᠨᠠᠮ ᠤᠨ ᠭᠡᠰᠢᠭᠦᠨ ᠢ ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠵᠤ | ᠂ ᠪᠦᠬᠦ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠦᠨᠡᠨᠴᠢ ᠰᠢᠳᠤᠷᠭᠤ ᠠᠷᠢᠭᠤᠨ | ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ ᠠᠴᠠ ᠮᠠ | ᠮᠤᠤ ᠵᠢᠶᠧ ᠵᠡᠷᠭᠡ 29 ᠨᠥᠬᠦᠷ ᠲᠤ ︽7 · 1 ᠤ ᠭᠠᠪᠢᠶᠠᠨ ᠲᠡᠮᠳᠡᠭ︾ ᠣᠯᠭᠤᠬᠤ ᠪᠠᠷ ᠲᠣᠭᠲᠠᠪᠠ ᠬᠡᠵᠤ | ᠵᠢᠭᠠᠵᠤ ᠭᠠᠷᠭᠠᠵᠠᠢ᠃ ︵ᠲᠤᠭᠲᠠᠭᠠᠯ ᠤᠨ ᠪᠥᠬᠦ ᠠᠭᠤᠯᠭ᠎ᠠ ᠶᠢ ᠠᠰᠳᠠᠭᠠᠨ ᠨᠡᠶᠢᠲᠡᠯᠡᠨ᠎ᠡ︶ | 2 ᠲᠤᠭᠴᠢ ᠨᠠᠮ ᠤᠨ ᠲᠤᠭ ᠢ ᠥᠨᠳᠥᠷ ᠡᠷᠭᠦᠵᠦ᠂ 1 ᠶᠣᠰᠣᠯᠠᠯ ᠤᠨ ᠴᠡᠷᠢᠭ ︽7 · 1 ᠤ ᠭᠠᠪᠢᠶᠠᠨ | ᠲᠡᠮᠳᠡᠭ︾ ᠢ ᠡᠷᠭᠦᠨ᠂ ᠢᠳᠡᠷᠡᠭᠦᠨ ᠠᠯᠬᠤᠭ᠎ᠠ ᠪᠠᠷ ᠶᠣᠰᠣᠯᠠᠯ ᠤᠨ ᠠᠬᠤᠢ ᠲᠠᠯᠠᠪᠠᠢ ᠳᠤ ᠤᠷᠤᠵᠤ ᠢᠷᠡᠪᠠ᠃ | ᠰᠦᠷ ᠵᠢᠪᠬᠤᠯᠠᠩᠲᠤ ︽ᠦᠨᠡᠨᠴᠢ ᠰᠢᠳᠤᠷᠭᠤ ᠮᠠᠭᠲᠠᠭᠠᠯ ᠳᠠᠭᠤᠤ︾ ᠶᠢᠨ ᠬᠥᠭᠵᠢᠮ ᠤᠨ ᠠᠶᠠᠰ ᠳᠤᠮᠳᠠ᠂ | ᠰᠢ ᠶᠢᠨ ᠫᠢᠩ ︽7 · 1 ᠤ ᠭᠠᠪᠢᠶᠠᠨ ᠲᠡᠮᠳᠡᠭ︾ ᠬᠦᠷᠲᠡᠭᠰᠡᠳ ᠲᠤ ᠭᠠᠪᠢᠶᠠᠨ ᠲᠡᠮᠳᠡᠭ ᠣᠯᠭᠤᠭᠰᠠᠨ ᠪᠥᠭᠡᠳ | ᠲᠡᠳᠡᠨᠤᠰ ᠲᠠᠢ ᠳᠣᠲᠣᠨᠣ ᠪᠠᠷ ᠭᠠᠷ ᠠᠳᠬᠤᠵᠤ᠂ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠲᠠᠯᠠᠪᠠᠢ ᠳᠠᠶᠠᠭᠠᠷ | ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠭᠠᠪᠢᠶᠠᠨ ᠲᠡᠮᠳᠡᠭ | ᠬᠦᠷᠲᠡᠭᠰᠡᠳ ᠲᠤ ᠭᠤᠶᠤ ᠰᠠᠶᠢᠬᠠᠨ ᠰᠣᠷᠭᠤᠭ ᠴᠡᠴᠡᠭ ᠬᠦᠷᠭᠡᠵᠦ ᠶᠣᠰᠣᠯᠠᠪᠠ᠃ | ᠲᠠᠯᠠᠪᠠᠢ ᠳᠠᠶᠠᠭᠠᠷ ᠤᠨ ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ | ᠲᠠᠯᠪᠢᠪᠠ᠂ ᠲᠡᠷᠡ ᠡᠩ ᠲᠡᠷᠢᠭᠦᠨ ᠳᠤ ᠨᠠᠮ ᠤᠨ ᠲᠥᠪ ᠬᠤᠷᠢᠶᠠᠨ ᠤ ᠡᠮᠦᠨ᠎ᠡ ᠠᠴᠠ ︽7 · 1 ᠤ ᠭᠠᠪᠢᠶᠠᠨ | ᠲᠡᠮᠳᠡᠭ︾ ᠬᠦᠷᠳᠡᠭᠰᠡᠳ ᠲᠤ ᠬᠠᠯᠠᠭᠤᠨ ᠪᠠᠶᠠᠷ ᠬᠦᠷᠭᠡᠵᠦ᠂ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ ᠰᠢ | ᠶᠢᠨ ᠫᠢᠩ᠂ ᠡᠨᠡ ᠡᠳᠦᠷ ᠬᠥᠬᠢᠭᠦᠯᠦᠭᠳᠡᠨ ᠰᠠᠶᠢᠰᠢᠶᠠᠭᠳᠠᠭᠰᠠᠨ ︽7 · 1 ᠤ ᠭᠠᠪᠢᠶᠠᠨ ᠲᠡᠮᠳᠡᠭ︾ ᠬᠦᠷᠲᠡᠭᠰᠡᠳ | ᠪᠣᠯ ᠡᠯ᠎ᠡ ᠹᠷᠣᠨᠲ ᠤᠨ ᠨᠠᠮ ᠤᠨ ᠭᠡᠰᠢᠭᠦᠨ ᠤ ᠳᠣᠲᠣᠷᠠᠬᠢ ᠰᠢᠯᠭᠠᠷᠠᠭᠰᠠᠨ ᠲᠥᠯᠥᠭᠡᠯᠡᠭᠴᠢ ᠪᠣᠯᠤᠨ᠎ᠠ᠃ | ᠲᠡᠳᠡᠨᠤᠰ ᠤᠨ ᠪᠡᠶ᠎ᠡ ᠳᠡᠭᠡᠷ᠎ᠡ ᠳᠤᠮᠳᠠᠳᠤ ᠤᠯᠤᠰ ᠤᠨ ᠡᠪ ᠬᠠᠮᠲᠤᠴᠤᠳ ᠤᠨ ᠢᠲᠡᠭᠡᠯ ᠵᠣᠷᠢᠭ ᠢᠶᠠᠨ ᠪᠠᠲᠤᠳᠬᠠᠬᠤ᠂ | ᠵᠣᠷᠢᠯᠲᠠ ᠪᠠᠨ ᠦᠢᠯᠡᠳᠦᠯᠭᠡᠵᠢᠭᠦᠯᠬᠦ᠂ ᠡᠷᠡᠯᠬᠡᠭᠯᠡᠨ ᠲᠡᠮᠡᠴᠡᠵᠦ ᠭᠤᠶᠠᠴᠢ ᠦᠭᠡᠢ ᠵᠢᠳᠬᠦᠬᠦ᠂ ᠠᠷᠢᠭᠤᠨ ᠴᠢᠬᠡᠴᠢ ᠪᠠᠷ | ᠨᠡᠶᠢᠲᠡ ᠶᠢᠨ ᠲᠥᠯᠥᠭᠡ ᠵᠢᠳᠬᠦᠬᠦ ᠡᠷᠬᠢᠮ ᠳᠡᠭᠡᠳᠦ ᠵᠠᠩ ᠴᠢᠨᠠᠷ ᠪᠠ ᠡᠷᠬᠢᠮ ᠨᠠᠨᠳᠢᠨ ᠵᠣᠷᠢᠭ ᠰᠠᠨᠠᠭ᠎ᠠ | ᠠᠮᠢᠳᠤᠯᠢᠭ ᠢᠶᠠᠷ ᠢᠯᠡᠷᠡᠭᠰᠡᠨ ᠶᠤᠮ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠢᠲᠡᠭᠡᠯ ᠵᠣᠷᠢᠭ ᠢᠶᠠᠨ ᠪᠠᠲᠤᠳᠬᠠᠬᠤ ᠭᠡᠳᠡᠭ ᠨᠢ ᠳᠠᠷᠤᠢ ᠤᠭ ᠰᠠᠨᠠᠭ᠎ᠠ ᠪᠠᠨ ᠦᠯᠦ | ᠮᠠᠷᠲᠠᠵᠤ᠂ ᠢᠲᠡᠭᠡᠯ ᠵᠣᠷᠢᠭ ᠢᠶᠠᠨ ᠦᠯᠦ ᠤᠮᠠᠷᠳᠠᠬᠤ ᠶᠢ ᠪᠠᠷᠢᠮᠲᠠᠯᠠᠵᠤ᠂ ᠡᠷᠡᠰ ᠪᠠᠲᠤ ᠪᠠᠷᠢᠮᠲᠠᠯᠠᠯ ᠲᠠᠢ ᠬᠦᠰᠡᠯᠡᠩ | ᠢᠲᠡᠭᠡᠯ ᠪᠢᠰᠢᠷᠡᠯ ᠢᠶᠠᠷ᠂ ᠨᠠᠮ ᠪᠣᠯᠤᠨ ᠠᠷᠠᠳ ᠲᠦᠮᠡᠨ ᠳᠡᠭᠡᠨ ᠦᠨᠡᠨᠴᠢ ᠰᠢᠳᠤᠷᠭᠤ ᠰᠡᠳᠭᠢᠯ ᠢᠶᠠᠷ᠂ ᠨᠠᠮ ᠪᠣᠯᠤᠨ | ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠᠶᠢᠬᠤ ᠪᠠ ᠬᠠᠶᠢᠷ᠎ᠠ ᠰᠡᠳᠬᠢᠯᠭᠡ ᠲᠠᠢ ᠪᠠᠶᠢᠬᠤ ᠪᠠᠨ ᠪᠠᠲᠤ | ᠴᠡᠭᠡᠵᠢᠯᠡᠵᠦ᠂ ᠦᠢᠯᠡ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠨᠠᠮ ᠪᠣᠯᠤᠨ ᠠᠷᠠᠳ ᠲᠦᠮᠡᠨ ᠤ | ᠦᠢᠯᠡᠰ ᠤᠨ ᠲᠥᠯᠥᠭᠡ ᠥᠪᠡᠷ ᠤᠨ ᠠᠯᠢᠪᠠ ᠪᠠᠨ ᠲᠡᠷᠡᠴᠢᠯᠡᠨ ᠡᠷᠬᠢᠮ ᠨᠠᠨᠳᠢᠨ ᠠᠮᠢ ᠨᠠᠰᠤ ᠪᠠᠨ ᠵᠣᠷᠢᠭᠤᠯᠵᠤ᠂ | ᠨᠠᠮ ᠤᠨ ᠬᠦᠰᠡᠯᠡᠩ ᠢᠲᠡᠭᠡᠯ ᠪᠢᠰᠢᠷᠡᠯ ᠤᠨ ᠲᠥᠯᠥᠭᠡ ᠴᠥᠬᠦᠷᠡᠰᠢ ᠦᠭᠡᠢ ᠡᠷᠡᠰ ᠢᠶᠠᠷ ᠲᠡᠮᠡᠴᠡᠬᠦ ᠶᠠᠪᠤᠳᠠᠯ ᠪᠣᠯᠤᠨ᠎ᠠ᠃ | ᠪᠦᠬᠦ ᠨᠠᠮ ᠤᠨ ᠨᠥᠬᠦᠳ ᠴᠥᠮ ᠮᠠᠷᠺᠰ ᠤᠨ ᠦᠵᠡᠯ ᠤᠨ ᠲᠤᠬᠠᠢ ᠢᠲᠡᠭᠡᠯ ᠪᠢᠰᠢᠷᠡᠯ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠢᠲᠡᠭᠡᠯ ᠵᠣᠷᠢᠭ ᠢ ᠨᠠᠰᠤᠨ ᠲᠤᠷᠰᠢᠳᠠ ᠶᠢᠨ ᠬᠥᠭᠡᠭᠡᠴᠡᠯᠳᠦᠯ ᠢᠶᠠᠨ | ᠪᠣᠯᠭᠠᠵᠤ᠂ ᠨᠠᠮ ᠢᠶᠠᠨ ᠢᠲᠡᠭᠡᠵᠦ ᠨᠠᠮ ᠢᠶᠠᠨ ᠬᠠᠶᠢᠷᠠᠯᠠᠵᠤ ᠨᠠᠮ ᠤᠨ ᠲᠥᠯᠥᠭᠡ ᠵᠢᠳᠬᠦᠵᠦ᠂ ᠥᠪᠡᠷ ᠥᠪᠡᠷ ᠤᠨ | ᠠᠵᠢᠯ ᠤᠨ ᠪᠠᠶᠢᠷᠢ ᠳᠡᠭᠡᠷ᠎ᠡ ᠪᠠᠨ ᠡᠷᠡᠯᠬᠡᠭᠯᠡᠨ ᠲᠡᠮᠡᠴᠡᠵᠦ᠂ ᠡᠷᠬᠢᠮ ᠳᠡᠭᠡᠳᠦ ᠬᠦᠰᠡᠯᠡᠩ ᠤᠨ ᠲᠥᠯᠥᠭᠡ ᠲᠡᠮᠡᠴᠡᠬᠦ | ᠦᠢᠯᠡᠳᠦᠯᠭᠡ ᠶᠢ ᠲᠠᠰᠤᠷᠠᠯᠲᠠ ᠦᠭᠡᠢ ᠲᠦᠯᠬᠢᠨ ᠤᠷᠤᠭᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠵᠣᠷᠢᠯᠲᠠ ᠪᠠᠨ ᠦᠢᠯᠡᠳᠦᠯᠭᠡᠵᠢᠭᠦᠯᠬᠦ ᠪᠣᠯ ᠳᠠᠷᠤᠢ ᠠᠷᠠᠳ ᠲᠦᠮᠡᠨ ᠳᠤ ᠭᠦᠨ ᠵᠤᠵᠠᠭᠠᠨ | ᠬᠠᠶᠢᠷ᠎ᠠ ᠰᠡᠳᠬᠢᠯᠭᠡ ᠲᠠᠢ᠂ ᠰᠡᠳᠬᠢᠯ ᠳᠡᠭᠡᠨ ᠠᠷᠠᠳ ᠲᠦᠮᠡᠨ ᠢ ᠪᠤᠳᠤᠵᠤ᠂ ᠠᠷᠠᠳ ᠲᠦᠮᠡᠨ ᠤ ᠲᠥᠯᠥᠭᠡ | ᠠᠵᠢᠯᠯᠠᠵᠤ ᠵᠢᠳᠬᠦᠨ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠦ᠂ ᠤᠯᠠᠨ ᠲᠦᠮᠡᠨ ᠤ ᠭᠠᠴᠢᠭᠳᠠᠵᠤ | ᠪᠠᠶᠢᠭ᠎ᠠ ᠵᠦᠢᠯ ᠳᠤ ᠰᠠᠨᠠᠭᠠᠰᠢᠷᠠᠵᠤ᠂ ᠤᠯᠠᠨ ᠲᠦᠮᠡᠨ ᠤ ᠬᠦᠴᠢᠷ ᠵᠣᠪᠠᠯᠠᠩ ᠢ ᠰᠢᠢᠳᠪᠦᠷᠢᠯᠡᠵᠦ᠂ ᠤᠯᠠᠨ | ᠲᠦᠮᠡᠨ ᠲᠠᠢ ᠨᠢᠭᠲᠠ ᠬᠠᠷᠢᠯᠴᠠᠵᠤ᠂ ᠤᠯᠠᠨ ᠲᠦᠮᠡᠨ ᠳᠤ ᠡᠷᠡᠰ ᠲᠦᠰᠢᠭᠯᠡᠵᠦ᠂ ᠨᠢᠭᠡ ᠰᠡᠳᠬᠢᠯ ᠨᠢᠭᠡ ᠵᠣᠷᠢᠭ ᠢᠶᠠᠷ | ᠠᠷᠠᠳ ᠲᠦᠮᠡᠨ ᠳᠤ ᠪᠤᠶᠠᠨ ᠦᠢᠯᠡᠳᠴᠦ᠂ ᠠᠷᠠᠳ ᠲᠦᠮᠡᠨ ᠳᠤ ᠪᠤᠶᠠᠨ ᠦᠢᠯᠡᠳᠬᠦ ᠪᠣᠳᠠᠲᠤ ᠠᠵᠢᠯᠯᠠᠭ᠎ᠠ ᠪᠠᠷ ᠢᠶᠠᠨ | ᠡᠪ ᠬᠠᠮᠲᠤᠴᠤᠳ ᠤᠨ ︽ᠠᠮᠢ ᠪᠡᠶ᠎ᠡ ᠪᠠᠨ ᠦᠯᠦ ᠪᠤᠳᠤᠵᠤ᠂ ᠠᠷᠠᠳ ᠲᠦᠮᠡᠨ ᠳᠡᠭᠡᠨ ᠣᠰᠣᠯᠳᠠᠬᠤ ᠦᠭᠡᠢ︾ | ᠪᠠᠶᠢᠬᠤ ᠡᠷᠬᠢᠮ ᠳᠡᠭᠡᠳᠦ ᠬᠠᠶᠢᠷ᠎ᠠ ᠰᠡᠳᠬᠢᠯᠭᠡ ᠶᠢ ᠢᠯᠡᠷᠡᠭᠦᠯᠬᠦ ᠶᠠᠪᠤᠳᠠᠯ ᠪᠣᠯᠤᠨ᠎ᠠ᠃ ᠪᠦᠬᠦ ᠨᠠᠮ ᠤᠨ ᠨᠥᠬᠦᠳ | ᠴᠥᠮ ᠠᠷᠠᠳ ᠲᠦᠮᠡᠨ ᠤ ᠲᠠᠯ᠎ᠠ ᠳᠤ ᠵᠤᠭᠰᠤᠬᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠤᠯᠠᠨ | ᠲᠦᠮᠡᠨ ᠳᠤ ᠪᠣᠳᠠᠲᠤ ᠶᠠᠪᠤᠳᠠᠯ ᠰᠠᠶᠢᠨ ᠶᠠᠪᠤᠳᠠᠯ ᠬᠢᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠠᠷᠠᠳ | ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠪᠠᠨ ᠢᠮᠠᠭᠲᠠ ᠪᠠᠲᠤᠯᠠᠬᠤ ᠬᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠡᠷᠡᠮᠡᠬᠡᠶᠢᠯᠡᠨ ᠲᠡᠮᠡᠴᠡᠵᠦ ᠬᠤᠪᠢ ᠨᠡᠮᠡᠷᠢ ᠦᠵᠡᠭᠦᠯᠬᠦ ᠪᠣᠯ ᠳᠠᠷᠤᠢ ᠨᠠᠮ ᠪᠠ | ᠤᠯᠤᠰ ᠤᠨ ᠢᠶᠠᠨ ᠲᠦᠯᠦᠭᠡ ᠵᠢᠳᠬᠦᠬᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠮᠢᠳᠤᠷᠠᠬᠤᠢ ᠶᠢᠨ | ᠬᠠᠷᠠᠯᠲᠠ ᠪᠣᠯᠭᠠᠵᠤ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠵᠣᠷᠢᠭᠲᠠᠢ ᠪᠠᠷ ᠠᠮᠢ ᠪᠡᠶ᠎ᠡ ᠪᠠᠨ | ᠦᠷᠡᠭᠳᠡᠭᠦᠯᠵᠦ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠵᠤ᠂ ᠨᠤᠭᠤᠷᠠᠰᠢ ᠦᠭᠡᠢ ᠲᠡᠮᠡᠴᠡᠵᠦ᠂ ᠡᠪ | ᠬᠠᠮᠲᠤᠴᠤᠳ ᠤᠨ ᠬᠠᠷᠠᠮ ᠦᠭᠡᠢ ᠵᠢᠳᠬᠦᠬᠦ ᠵᠣᠷᠢᠭ ᠰᠠᠨᠠᠭ᠎ᠠ ᠪᠣᠯᠤᠨ ᠰᠢᠨᠲᠠᠷᠠᠰᠢ ᠦᠭᠡᠢ ᠲᠡᠮᠡᠴᠡᠬᠦ ᠵᠣᠷᠢᠭ | ᠰᠠᠨᠠᠭ᠎ᠠ ᠶᠢ ᠭᠦᠢᠴᠡᠳ ᠢᠯᠡᠷᠡᠭᠦᠯᠬᠦ ᠶᠠᠪᠤᠳᠠᠯ ᠪᠣᠯᠤᠨ᠎ᠠ᠃ ᠪᠦᠬᠦ ᠨᠠᠮ ᠤᠨ ᠨᠥᠬᠦᠳ ᠴᠥᠮ ︽ᠪᠡᠷᠬᠡ | ᠬᠠᠲᠠᠭᠤᠵᠢᠯᠲᠠᠢ ᠪᠣᠯᠬᠤ ᠲᠤᠳᠤᠮ ᠤᠯᠠᠮ ᠤᠷᠤᠭᠰᠢᠯᠠᠬᠤ︾ ᠪᠠᠭᠠᠲᠤᠷᠯᠢᠭ ᠵᠤᠷᠢᠭ ᠰᠠᠨᠠᠭ᠎ᠠ ᠶᠢ ᠪᠠᠷᠢᠮᠲᠠᠯᠠᠨ᠂ ︽ | ᠲᠡᠭᠷᠢ ᠭᠠᠵᠠᠷ ᠢ ᠳᠤᠩᠰᠤᠯᠭᠠᠬᠤ ᠰᠢᠨ᠎ᠡ ᠬᠤᠪᠢᠷᠠᠯᠲᠠ ᠭᠠᠷᠭᠠᠬᠤ︾ ᠣᠮᠤᠭ ᠪᠠᠳᠠᠷᠠᠩᠭᠤᠢ ᠲᠡᠮᠡᠴᠡᠯ ᠤᠨ | ᠵᠣᠷᠢᠭ ᠢᠶᠠᠨ ᠪᠠᠳᠠᠷᠠᠭᠤᠯᠵᠤ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ | ᠨᠠᠮ ᠳᠠᠭᠠᠨ ᠣᠰᠣᠯᠳᠠᠬᠤ ᠦᠭᠡᠢ᠂ ᠠᠷᠠᠳ ᠲᠦᠮᠡᠨ ᠳᠡᠭᠡᠨ ᠣᠰᠣᠯᠳᠠᠬᠤ ᠦᠭᠡᠢ᠂ ᠴᠠᠭ ᠦᠶ᠎ᠡ ᠳᠤ ᠣᠰᠣᠯᠳᠠᠬᠤ | ᠦᠭᠡᠢ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠪᠣᠯ ᠳᠠᠷᠤᠢ ᠡᠪ | ᠬᠠᠮᠲᠤᠴᠤᠳ ᠤᠨ ᠲᠡᠰᠪᠦᠷᠢ ᠬᠠᠲᠠᠭᠤᠵᠢᠯᠲᠠᠢ ᠠᠵᠢᠯᠴᠢ ᠪᠣᠷᠣᠭᠵᠢᠭᠤᠨ᠂ ᠨᠡᠶᠢᠲᠡ ᠶᠢᠨ ᠲᠥᠯᠥᠭᠡ ᠬᠤᠪᠢ | ᠪᠡᠶ᠎ᠡ ᠪᠠᠨ ᠤᠮᠠᠷᠳᠠᠬᠤ ᠦᠡᠭᠭᠡ ᠭᠡᠷᠡᠯᠲᠦ ᠤᠯᠠᠮᠵᠢᠯᠠᠯ ᠢᠶᠠᠨ ᠪᠠᠷᠢᠮᠲᠠᠯᠠᠵᠤ᠂ ᠶᠡᠷᠦ ᠠᠴᠠ ᠭᠠᠪᠢᠶ᠎ᠠ ᠳᠠᠭᠠᠨ ᠡᠷᠳᠦᠬᠦ | ᠦᠭᠡᠢ᠂ ᠬᠤᠪᠢ ᠬᠥᠮᠦᠨ ᠤ ᠣᠯᠵᠤ ᠠᠯᠳᠠᠬᠤ ᠶᠢ ᠬᠠᠶᠢᠬᠤᠷᠬᠤ ᠦᠭᠡᠢ᠂ ᠵᠢᠷᠭᠠᠯ ᠴᠡᠩᠭᠡᠯ ᠢ ᠬᠥᠭᠡᠭᠡᠴᠡᠯᠳᠦᠬᠦ | ᠦᠭᠡᠢ᠂ ᠰᠠᠬᠢᠯᠭ᠎ᠠ ᠪᠠᠲᠤ ᠶᠢ ᠰᠠᠬᠢᠬᠤ᠂ ᠶᠣᠰᠣ ᠲᠦᠷᠢᠮ ᠢ ᠡᠷᠬᠢᠮᠯᠡᠬᠦ ᠶᠢ ᠪᠠᠷᠢᠮᠲᠠᠯᠠᠵᠤ᠂ ᠡᠪ ᠬᠠᠮᠲᠤᠴᠤᠳ ᠤᠨ | ᠪᠠᠶᠢᠪᠠᠰᠤ ᠵᠣᠬᠢᠬᠤ ᠶᠣᠰᠣ ᠰᠤᠷᠲᠠᠬᠤᠨ ᠤ ᠬᠡᠪ ᠰᠤᠷᠲᠠᠯ ᠢ ᠠᠮᠢᠳᠤᠯᠢᠭ ᠢᠶᠠᠷ ᠢᠯᠡᠷᠡᠭᠦᠯᠬᠦ ᠶᠠᠪᠤᠳᠠᠯ ᠪᠣᠯᠤᠨ᠎ᠠ᠃ | ᠪᠦᠬᠦ ᠨᠠᠮ ᠤᠨ ᠨᠥᠬᠦᠳ ᠴᠥᠮ ᠶᠡᠭᠡ ᠶᠣᠰᠣ ᠶᠢ ᠮᠡᠳᠡᠵᠦ᠂ ᠨᠡᠶᠢᠲᠡ ᠶᠢᠨ ᠶᠣᠰᠣ ᠮᠣᠷᠠᠯ ᠢ ᠰᠠᠬᠢᠵᠤ᠂ ᠬᠤᠪᠢ ᠶᠢᠨ | ᠶᠣᠰᠣ ᠰᠤᠷᠲᠠᠬᠤᠨ ᠢᠶᠠᠨ ᠴᠢᠩᠳᠠᠯᠠᠨ᠂ ᠠᠷᠢᠭᠤᠨ ᠴᠢᠬᠡᠴᠢ ᠪᠠᠷ ᠬᠥᠮᠦᠨ ᠪᠤᠯᠵᠤ᠂ ᠠᠷᠢᠭᠤᠨ ᠴᠢᠬᠡᠴᠢ ᠪᠠᠷ ᠠᠵᠢᠯ | ᠶᠠᠪᠤᠳᠠᠯ ᠬᠢᠵᠦ᠂ ᠬᠤᠪᠢ ᠶᠢᠨ ᠠᠰᠢᠭ ᠢᠶᠠᠨ ᠲᠡᠪᠴᠢᠨ ᠨᠡᠶᠢᠲᠡ ᠶᠢᠨ ᠲᠥᠯᠥᠭᠡ ᠵᠢᠳᠬᠦᠵᠦ᠂ ᠠᠵᠢᠯᠴᠢ | ᠠᠷᠪᠢᠴᠢ ᠪᠠᠷ ᠪᠡᠶ᠎ᠡ ᠪᠠᠨ ᠵᠠᠰᠠᠵᠤ᠂ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ | ᠬᠠᠳᠠᠭᠠᠯᠠᠬᠤ ᠬᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠪᠣᠯ ᠪᠠᠭᠠᠲᠤᠷᠴᠤᠳ ᠢ ᠬᠡᠷᠡᠭᠰᠡᠬᠦ ᠪᠥᠭᠡᠳ ᠯᠠᠪᠳᠠᠢ ᠪᠠᠭᠠᠲᠤᠷᠴᠤᠳ | ᠴᠤᠯᠭᠤᠷᠠᠬᠤ ᠴᠠᠭ ᠦᠶ᠎ᠡ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ ᠴᠠᠭ ᠦᠶ᠎ᠡ ᠶᠢᠨ | ᠬᠤᠰᠢᠭᠤᠴᠢ᠂ ᠦᠨᠳᠦᠰᠦᠲᠡᠨ ᠤ ᠨᠢᠷᠤᠭᠤ ᠲᠤᠯᠭᠠᠭᠤᠷᠢ ᠪᠣᠯᠤᠶ᠎ᠠ ᠭᠡᠪᠡᠯ᠂ ᠨᠠᠮ ᠤᠨ ᠭᠡᠰᠢᠭᠦᠨ ᠤ ᠡᠩᠨᠡᠭᠡ ᠡᠷᠬᠡᠪᠰᠢ | ᠪᠠᠲᠤ ᠴᠢᠩᠭ᠎ᠠ ᠪᠠᠶᠢᠬᠤ ᠬᠡᠷᠡᠭᠲᠡᠢ᠃ ᠬᠥᠬᠢᠭᠦᠯᠦᠨ ᠰᠠᠶᠢᠰᠢᠶᠠᠭᠳᠠᠭᠰᠠᠨ ᠨᠥᠬᠦᠳ ᠢᠷᠠᠭᠤ ᠠᠯᠳᠠᠷ ᠢᠶᠠᠨ ᠨᠠᠨᠳᠢᠩᠨᠠᠨ᠂ | ᠠᠮᠵᠢᠯᠲᠠ ᠪᠦᠲᠦᠮᠵᠢ ᠪᠠᠨ ᠪᠠᠳᠠᠷᠠᠭᠤᠯᠵᠤ᠂ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ ᠶᠢ ᠬᠦᠰᠡᠵᠦ ᠪᠠᠶᠢᠨ᠎ᠠ | ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠵᠢᠯ ᠠᠮᠢᠳᠤᠷᠠᠯ ᠤᠨ ᠲᠠᠯ᠎ᠠ ᠪᠠᠷ ᠭᠠᠪᠢᠶ᠎ᠠ ᠵᠢᠳᠭᠦᠯᠲᠦ | ᠨᠠᠮ ᠤᠨ ᠭᠡᠰᠢᠭᠦᠨ ᠢ ᠬᠠᠯᠠᠮᠵᠢᠯᠠᠨ ᠬᠠᠶᠢᠷᠠᠯᠠᠵᠤ᠂ ︽7 · 1 ᠤ ᠭᠠᠪᠢᠶᠠᠨ ᠲᠡᠮᠳᠡᠭ︾ ᠬᠦᠷᠲᠡᠭᠰᠡᠳ ᠤᠨ ᠰᠡᠳᠬᠢᠯ | ᠬᠥᠳᠡᠯᠭᠡᠮ᠎ᠡ ᠦᠢᠯᠡ ᠠᠵᠢᠯᠯᠠᠭ᠎ᠠ ᠪᠠ ᠡᠷᠬᠢᠮ ᠳᠡᠭᠡᠳᠦ ᠵᠠᠩ ᠰᠤᠷᠲᠠᠯ ᠢ ᠬᠦᠴᠦᠯᠡᠨ ᠤᠬᠠᠭᠤᠯᠵᠤ᠂ ᠪᠥᠬᠦ ᠨᠠᠮ | ᠪᠥᠬᠦ ᠨᠡᠶᠢᠭᠡᠮ ᠳᠤ ᠲᠡᠷᠢᠭᠦᠨ ᠤ ᠬᠢ ᠶᠢ ᠡᠷᠬᠢᠮᠯᠡᠬᠦ᠂ ᠡᠷᠳᠡᠮᠲᠡᠨ ᠮᠡᠷᠭᠡᠳ ᠠᠴᠠ ᠰᠤᠷᠤᠯᠴᠠᠬᠤ ᠥᠳᠬᠡᠨ ᠵᠤᠵᠠᠭᠠᠨ | ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ ᠢ ᠵᠤᠷᠢᠭᠵᠢᠭᠤᠯᠤᠨ ᠨᠠᠮ ᠤᠨ | ᠰᠢᠨᠵᠢ ᠴᠢᠨᠠᠷ ᠵᠣᠷᠢᠯᠲᠠ ᠶᠢ ᠪᠠᠲᠤ ᠴᠡᠭᠡᠵᠢᠯᠡᠵᠦ᠂ ᠨᠠᠮ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠲᠤ | ᠴᠡᠭᠡᠵᠢᠯᠡᠵᠦ᠂ ᠴᠥᠬᠦᠷᠡᠰᠢ ᠥᠬᠡᠶ ᠲᠡᠮᠡᠴᠡᠵᠦ᠂ ᠥᠨᠢ ᠡᠭᠦᠷᠢᠳᠡ ᠲᠡᠮᠡᠴᠡᠵᠦ᠂ ᠨᠡᠶᠢᠭᠡᠮ ᠵᠢᠷᠤᠮᠳᠦ | ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ᠂ ᠬᠤᠶᠠᠳᠤᠭᠠᠷ | ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠵᠡᠭᠦᠳᠦ ᠲᠡᠶᠢᠰᠢ ᠡᠷᠡᠯᠬᠡᠭᠯᠡᠨ ᠤᠷᠤᠭᠰᠢᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠶᠣᠰᠣᠯᠠᠯ ᠳᠡᠭᠡᠷ᠎ᠡ᠂ ᠶᠦᠨᠨᠠᠨ ᠮᠤᠵᠢ ᠶᠢᠨ ᠯᠢᠵᠢᠶᠠᠩ ᠤᠨ ᠬᠤᠸᠠ ᠫᠢᠩ ᠡᠮᠡᠭᠲᠡᠶᠢᠴᠦᠳ ᠤᠨ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ᠂ ᠰᠤᠷᠭᠠᠭᠤᠯᠢ ᠶᠢᠨ ᠵᠠᠬᠢᠷᠤᠯ ᠵᠠᠩ ᠬᠦᠶ ᠮᠧᠶ | ︽7 · 1 ᠤ ᠭᠠᠪᠢᠶᠠᠨ ᠲᠡᠮᠳᠡᠭ︾ ᠬᠦᠷᠲᠡᠭᠰᠡᠳ ᠢ ᠲᠥᠯᠥᠭᠡᠯᠡᠨ ᠦᠭᠡ ᠶᠠᠷᠢᠵᠠᠢ᠃ | ᠭᠠᠪᠢᠶᠠᠠ ᠲᠡᠮᠲᠡᠭ ᠣᠯᠭᠤᠬᠤ ᠶᠣᠰᠣᠯᠠᠯ ᠤᠨ ᠳᠠᠷᠠᠭ᠎ᠠ᠂ ᠰᠢ ᠶᠢᠨ ᠫᠢᠩ ᠵᠡᠷᠭᠡ ᠤᠳᠤᠷᠢᠳᠬᠤ ᠨᠥᠬᠦᠳ ︽ | 7 · 1 ᠤ ᠭᠠᠪᠢᠶᠠᠨ ᠲᠡᠮᠳᠡᠭ︾ ᠭᠥᠷᠳᠡᠭᠰᠡᠳ ᠲᠠᠢ ᠬᠠᠮᠲᠤ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃ | ᠭᠠᠪᠢᠶᠠᠠ ᠲᠡᠮᠲᠡᠭ ᠣᠯᠭᠤᠬᠤ ᠶᠣᠰᠣᠯᠠᠯ ᠠᠴᠠ ᠡᠮᠦᠨ᠎ᠡ᠂ ᠰᠢ ᠶᠢᠨ ᠫᠢᠩ ᠵᠡᠷᠭᠡ ᠤᠳᠤᠷᠢᠳᠬᠤ ᠨᠥᠬᠦᠳ | ᠪᠦᠬᠦ ᠤᠯᠤᠰ ᠤᠨ ︽ᠬᠤᠶᠠᠷ ᠰᠢᠯᠢᠳᠡᠭ ᠨᠢᠭᠡ ᠲᠡᠷᠢᠭᠦᠨ︾ ᠢᠶᠠᠷ ᠬᠥᠬᠢᠭᠦᠯᠦᠨ ᠰᠠᠶᠢᠰᠢᠶᠠᠬᠲᠠᠭᠰᠠᠳ ᠲᠠᠢ | ᠠᠭᠤᠯᠵᠠᠭᠰᠠᠨ ᠪᠥᠭᠡᠳ ᠤᠯᠠᠨ ᠲᠠᠢ ᠬᠠᠮᠲᠤ ᠰᠡᠬᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃ | ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ | ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠬᠡᠰᠡᠭ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ | ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ | ᠪᠠᠶᠢᠴᠠᠭᠠᠬᠤ ᠳᠠᠷᠤᠭ᠎ᠠ᠂ ᠭᠡᠰᠡᠭ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ ᠭᠠᠪᠢᠶᠠᠠ ᠲᠡᠮᠲᠡᠭ ᠤᠯᠭᠤᠬᠤ ᠶᠣᠰᠣᠯᠠᠯ ᠳᠤ | ᠣᠷᠣᠯᠴᠠᠵᠠᠢ᠃ | ᠲᠥᠪ ᠤᠨ ᠨᠠᠮ ᠵᠠᠰᠠᠭ ᠴᠡᠷᠢᠭ ᠣᠯᠠᠨ ᠲᠦᠮᠡᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠪᠡᠭᠡᠵᠢᠩ | ᠬᠤᠲᠠ ᠶᠢᠨ ᠬᠠᠷᠢᠭᠤᠴᠠᠯᠭᠠᠲᠠᠨ ᠨᠥᠬᠦᠳ᠂ ︽7 · 1 ᠤ ᠭᠠᠪᠢᠶᠠᠨ ᠲᠡᠮᠳᠡᠭ︾ ᠬᠦᠷᠲᠡᠭᠰᠡᠳ ᠵᠢᠴᠢ ᠲᠡᠳᠡᠨ ᠤ | ᠲᠥᠷᠥᠯ ᠰᠠᠳᠤᠨ ᠤ ᠲᠥᠯᠥᠭᠡᠯᠡᠭᠴᠢ᠂ ᠪᠠᠶᠢᠭ᠎ᠠ ᠨᠢᠭᠡᠴᠢ ᠶᠢᠨ ᠲᠥᠯᠥᠭᠡᠯᠡᠭᠴᠢ᠂ ᠥᠩᠭᠡᠷᠡᠭᠰᠡᠨ ᠤ ᠭᠠᠪᠢᠶᠠᠠ ᠲᠡᠮᠲᠡᠭ | ᠢᠷᠠᠭᠤ ᠠᠯᠳᠠᠷ ᠤᠨ ᠬᠥᠬᠢᠭᠦᠯᠦᠯ ᠰᠠᠶᠢᠰᠢᠶᠠᠯ ᠢ ᠬᠦᠷᠲᠡᠭᠰᠡᠳ ᠤᠨ ᠲᠥᠯᠥᠭᠡᠯᠡᠭᠴᠢ᠂ ︽ᠨᠠᠮ ᠤᠨ ᠭᠡᠰᠢᠬᠦᠨ | ᠪᠤᠯᠤᠭᠰᠠᠨ ᠢᠷᠠᠭᠤ ᠠᠯᠳᠠᠷ ᠲᠠᠢ 50 ᠵᠢᠯ︾ ᠤᠨ ᠳᠤᠷᠠᠰᠬᠠᠯ ᠤᠨ ᠲᠡᠮᠳᠡᠭ ᠬᠦᠷᠲᠡᠭᠰᠡᠳ ᠤᠨ ᠲᠥᠯᠥᠭᠡᠯᠡᠭᠴᠢ | ᠪᠣᠯᠤᠨ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷ ᠤᠨ ᠲᠥᠯᠥᠭᠡᠯᠡᠭᠴᠢ᠂ ᠡᠯ᠎ᠡ ᠡᠲᠡᠭᠡᠳ ᠤᠨ ᠺᠠᠳ᠋ᠷ ᠣᠯᠠᠨ | ᠲᠦᠮᠡᠨ ᠤ ᠲᠥᠯᠥᠭᠡᠯᠡᠭᠴᠢ ᠲᠣᠰ ᠲᠣᠰ ᠭᠠᠪᠢᠶᠠᠠ ᠲᠡᠮᠲᠡᠭ ᠤᠯᠭᠤᠬᠤ ᠶᠣᠰᠣᠯᠠᠯ ᠳᠤ ᠣᠷᠣᠯᠴᠠᠵᠠᠶ᠃ ᠪᠦᠬᠦ | ᠤᠯᠤᠰ ᠤᠨ ︽ᠬᠤᠶᠠᠷ ᠰᠢᠯᠢᠳᠡᠭ ᠨᠢᠭᠡ ᠲᠡᠷᠢᠭᠦᠨ︾ ᠢᠶᠠᠷ ᠬᠥᠬᠢᠭᠦᠯᠦᠨ ᠰᠠᠶᠢᠰᠢᠶᠠᠬᠲᠠᠭᠰᠠᠳ ᠭᠠᠪᠢᠶᠠᠠ ᠲᠡᠮᠲᠡᠭ | ᠣᠯᠭᠤᠬᠤ ᠶᠣᠰᠣᠯᠠᠯ ᠪᠤᠶᠤ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠭᠠᠪᠢᠶᠠᠠ | ᠲᠡᠮᠲᠡᠭ ᠤᠯᠭᠤᠬᠤ ᠶᠣᠰᠣᠯᠠᠯ ᠤᠨ ᠰᠢᠭᠤᠳ ᠨᠡᠪᠲᠡᠷᠡᠭᠦᠯᠭᠡ ᠶᠢ ᠰᠣᠨᠢᠷᠬᠠᠪᠠ᠃ | ︽ᠪᠦᠬᠦ ᠤᠯᠤᠰ ᠤᠨ ᠬᠤᠶᠠᠷ ᠰᠢᠯᠢᠲᠡᠭ ᠨᠢᠭᠡ ᠲᠡᠷᠢᠭᠦᠨ︾ ᠢ ᠬᠦᠬᠢᠭᠦᠯᠦᠨ ᠰᠠᠶᠢᠰᠢᠶᠠᠬᠤ ᠶᠡᠭᠡ ᠬᠤᠷᠠᠯ | 28 ᠤ ᠦᠲᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠭᠢᠮ ᠳᠤ ᠶᠠᠪᠤᠭᠲᠠᠵᠦ᠂ | ᠬᠦᠬᠢᠭᠦᠯᠦᠭᠲᠡᠡ ᠰᠠᠶᠢᠰᠢᠶᠠᠭᠲᠠᠭᠰᠠᠠ ᠬᠤᠪᠢ ᠬᠦᠮᠦᠨ ᠪᠤᠯᠤᠨ ᠬᠠᠮᠲᠤ ᠶᠢᠨ ᠲᠦᠯᠦᠭᠡᠯᠡᠭᠴᠢ ᠳᠤ ᠱᠠᠩᠨᠠᠯ ᠤᠯᠭᠤᠵᠠᠢ | ᠃ ᠸᠠᠩ ᠬᠤ᠋ ᠨᠢᠩ ᠶᠡᠭᠡ ᠬᠤᠷᠠᠯ ᠳᠤ ᠤᠷᠤᠯᠴᠠᠭᠰᠠᠠ ᠪᠦᠭᠡᠳ ᠶᠠᠷᠢᠶ᠎ᠠ ᠲᠠᠯᠪᠢᠪᠠ᠂ ᠲᠡᠷᠡ᠂ ᠨᠠᠮ ᠤᠨ ᠠᠷᠪᠠᠠ | ᠨᠠᠢᠮᠠᠲᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠭᠡᠢ ᠱᠦᠵᠢ ᠰᠢ ᠶᠢᠨ ᠫᠢᠩ ︽ᠬᠤᠶᠠᠷ ᠰᠢᠯᠢᠲᠡᠭ ᠨᠢᠭᠡ ᠲᠡᠷᠢᠭᠦᠨ | ︾ ᠢ ᠰᠢᠯᠭᠠᠷᠠᠭᠤᠯᠵᠦ ᠬᠦᠬᠢᠭᠦᠯᠦᠨ ᠰᠠᠶᠢᠰᠢᠶᠠᠬᠤ ᠠᠵᠢᠯ ᠢ ᠲᠡᠭᠡᠲᠦ ᠬᠡᠮᠵᠢᠶ᠎ᠠ ᠪᠠᠷ ᠴᠢᠬᠤᠯᠠᠴᠢᠯᠠᠠ ᠦᠵᠡᠵᠦ᠂ | ᠨᠠᠮ ᠤᠨ ᠭᠡᠰᠢᠭᠦᠨ ᠤ ᠦᠢᠯᠡᠲᠦᠯ ᠢ ᠪᠠᠲᠠᠷᠠᠭᠤᠯᠬᠤ ᠪᠠ ᠦᠨᠲᠦᠰᠦᠨ ᠱᠠᠲᠤᠨ ᠤ ᠨᠠᠮ ᠤᠨ ᠵᠤᠬᠢᠶᠠᠠ | ᠪᠠᠶᠢᠭᠤᠯᠤᠯᠲᠠ ᠶᠢᠨ ᠴᠤᠭᠴᠠᠯᠠᠯᠲᠠ ᠶᠢ ᠴᠢᠩᠭᠠᠳᠬᠠᠬᠤ ᠠᠵᠢᠯ ᠤᠨ ᠲᠤᠬᠠᠢ ᠠᠯᠢ ᠤᠯᠠᠠ ᠴᠢᠬᠤᠯᠠ ᠵᠢᠭᠠᠪᠤᠷᠢ | ᠦᠭᠴᠤ᠂ ᠪᠢᠳᠠᠨᠤᠰ ᠲᠤ ᠴᠢᠷᠮᠠᠶᠢᠬᠤ ᠴᠢᠭᠯᠡᠯ ᠢ ᠵᠢᠭᠠᠠ ᠦᠭᠴᠠᠢ᠃ ᠦᠷᠭᠡᠡ ᠤᠯᠠᠠ ᠨᠠᠮ ᠤᠨ ᠭᠡᠰᠢᠭᠦᠨ ᠪᠤᠯᠤᠨ | ᠦᠨᠲᠦᠰᠦᠨ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠶᠢᠨ ᠬᠢᠨ ᠲᠡᠷᠢᠭᠦᠨ ᠤ ᠨᠡᠶᠢᠲᠡᠯᠢᠭ ᠵᠢᠱᠢᠶ᠎ᠠ ᠪᠠᠷ | ᠦᠯᠢᠭᠡᠷ ᠲᠠᠭᠤᠷᠢᠶᠠᠯ ᠪᠤᠯᠭᠠᠵᠦ᠂ ᠨᠠᠮᠴᠢ ᠴᠢᠨᠠᠷ ᠢᠶᠠᠨ ᠲᠠᠪᠲᠠᠠ ᠪᠤᠯᠪᠠᠰᠤᠷᠠᠭᠤᠯᠵᠦ᠂ ᠤᠭ ᠰᠠᠨᠠᠭ᠎ᠠ ᠡᠬᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠤᠰᠢᠶᠠᠯ ᠬᠠᠷᠢᠭᠤᠴᠠᠯᠭ᠎ᠠ ᠪᠠᠨ ᠦᠨᠡᠡᠴᠢ ᠪᠠᠷ ᠬᠦᠢᠴᠡᠳᠭᠡᠵᠦ᠂ | ᠦᠪᠡᠷ ᠤᠨ ᠪᠡᠶ᠎ᠠ ᠳᠡᠭᠡᠨ ᠵᠤᠷᠢᠠᠠᠲᠠᠢ ᠬᠤᠪᠢᠰᠬᠠᠯ ᠬᠢᠵᠦ᠂ ᠬᠤᠰᠢᠭᠤᠴᠢ ᠲᠠᠭᠤᠷᠢᠶᠠᠯ ᠤᠨ ᠦᠢᠯᠡᠲᠦᠯ ᠪᠤᠯᠤᠨ | ᠲᠠᠶᠢᠴᠢᠨ ᠪᠠᠬᠢᠯᠡᠯᠲᠠ ᠶᠢᠨ ᠦᠢᠯᠡᠲᠦᠯ ᠢᠶᠠᠨ ᠨᠡᠩ ᠰᠠᠶᠢᠨ ᠪᠠᠲᠠᠷᠠᠭᠤᠯᠬᠤ ᠭᠡᠷᠡᠭᠲᠡᠢ ᠭᠡᠵᠦ ᠢᠯᠡᠳᠭᠡᠪᠡ᠃ | ᠵᠤᠤ ᠯᠧ ᠵᠢᠢ ᠶᠡᠭᠡ ᠬᠤᠷᠠᠯ ᠳᠤ ᠣᠷᠣᠯᠴᠠᠵᠠᠢ᠃ ᠴᠧᠨ ᠰᠢ ︽ᠪᠦᠬᠦ ᠤᠯᠤᠰ ᠤᠨ ᠰᠢᠯᠢᠳᠡᠭ ᠡᠪ ᠬᠠᠮᠲᠤ | ᠨᠠᠮ ᠤᠨ ᠭᠡᠰᠢᠭᠦᠨ᠂ ᠪᠦᠬᠦ ᠤᠯᠤᠰ ᠤᠨ ᠰᠢᠯᠢᠳᠡᠭ ᠨᠠᠮ ᠤᠨ ᠠᠵᠢᠯᠳᠠᠨ ᠪᠣᠯᠤᠨ ᠪᠦᠬᠦ ᠤᠯᠤᠰ ᠤᠨ ᠲᠡᠷᠢᠭᠦᠨ ᠤ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠬᠤ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠤᠩᠰᠢᠨ ᠨᠡᠶᠢᠲᠡᠯᠡᠪᠡ᠃ ᠬᠥᠬᠢᠭᠦᠯᠦᠨ | ᠰᠠᠶᠢᠰᠢᠶᠠᠭᠳᠠᠭᠰᠠᠳ ᠤᠨ ᠲᠥᠯᠥᠭᠡᠯᠡᠭᠴᠢ ᠦᠭᠡ ᠭᠡᠯᠡᠵᠠᠢ᠃ |