ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠡᠯᠡᠬᠡᠢ ᠶᠢᠨ ᠲᠦᠷᠦ ᠶᠢᠨ ᠨᠠᠮ ᠤᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ᠳᠤ ᠣᠷᠣᠯᠴᠠᠭᠰᠠᠨ ᠪᠦᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2021/7/12
     7 ᠰᠠᠷ᠎ᠠ ᠶᠢᠨ 6 ᠤ ᠡᠳᠤᠷ᠂ ᠨᠠᠮ ᠤᠨ ᠲᠥᠪ ᠬᠤᠷᠢᠶᠠᠨ ᠤ ᠶᠡᠷᠥᠩᠭᠡᠢ ᠱᠥᠵᠢ᠂ ᠤᠯᠤᠰ ᠤᠨ ᠲᠡᠷᠢᠬᠦᠯᠡᠭᠴᠢ ᠰᠢ ᠶᠢᠨ ᠫᠢᠩ ᠪᠡᠭᠡᠵᠢᠩ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠡᠯᠡᠬᠡᠢ ᠶᠢᠨ ᠲᠦᠷᠦ ᠶᠢᠨ ᠨᠠᠮ ᠤᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ᠳᠤ ᠤᠷᠤᠯᠴᠠᠬᠰᠡᠨ ᠪᠥᠭᠡᠤᠨ ᠭᠤᠣᠯ ᠵᠤᠷᠢᠯᠳᠠᠳᠤ ᠶᠠᠷᠢᠶ᠎ᠠ ᠲᠠᠯᠪᠢᠵᠡᠢ᠃      ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠤᠸᠠᠢ ᠷᠧᠨ ᠰᠡᠬᠦᠳᠡᠷᠯᠡᠪᠡ
     7 ᠰᠠᠷ᠎ᠠ ᠶᠢᠨ 6 ᠤ ᠡᠳᠤᠷ᠂ ᠨᠠᠮ ᠤᠨ ᠲᠥᠪ ᠬᠤᠷᠢᠶᠠᠨ ᠤ ᠶᠡᠷᠥᠩᠭᠡᠢ ᠱᠥᠵᠢ᠂ ᠤᠯᠤᠰ ᠤᠨ ᠲᠡᠷᠢᠬᠦᠯᠡᠭᠴᠢ ᠰᠢ ᠶᠢᠨ ᠫᠢᠩ ᠪᠡᠭᠡᠵᠢᠩ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠡᠯᠡᠬᠡᠢ ᠶᠢᠨ ᠲᠦᠷᠦ ᠶᠢᠨ ᠨᠠᠮ ᠤᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ᠳᠤ ᠤᠷᠤᠯᠴᠠᠬᠰᠡᠨ ᠪᠥᠭᠡᠤᠨ ᠭᠤᠣᠯ ᠵᠤᠷᠢᠯᠳᠠᠳᠤ ᠶᠠᠷᠢᠶ᠎ᠠ ᠲᠠᠯᠪᠢᠵᠡᠢ᠃      ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠶᠠᠩ ᠰᠡᠬᠦᠳᠡᠷᠯᠡᠪᠡ      ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 6 ᠤ ᠴᠠᠬᠢᠯᠭᠠᠨ ᠮᠡᠳᠡᠭᠡ  ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 6 ᠤ ᠡᠳᠦᠷ ᠪᠡᠭᠡᠵᠢᠩ ᠳᠤ ᠸᠢᠳᠢᠣ᠋ ᠬᠡᠯᠪᠡᠷᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠡᠯᠡᠬᠡᠢ ᠶᠢᠨ ᠲᠦᠷᠦ ᠶᠢᠨ ᠨᠠᠮ ᠤᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ᠳᠤ ᠣᠷᠣᠯᠴᠠᠭᠰᠠᠨ ᠪᠥᠭᠡᠳ ︽ᠲᠦᠷᠦ ᠶᠢᠨ ᠨᠠᠮ ᠤᠨ ᠬᠠᠮᠲᠤᠷᠠᠯᠴᠠᠭ᠎ᠠ ᠶᠢ ᠴᠢᠩᠭᠠᠳᠬᠠᠵᠤ ᠠᠷᠠᠳ ᠲᠦᠮᠡᠨ ᠤ ᠵᠣᠯ ᠵᠢᠷᠭᠠᠯ ᠢ ᠬᠠᠮᠲᠤ ᠪᠠᠷ ᠡᠷᠢᠯᠬᠢᠯᠡᠶ᠎ᠡ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠵᠤ᠂ ᠲᠦᠷᠦ ᠶᠢᠨ ᠨᠠᠮ ᠨᠢ ᠬᠥᠮᠦᠨ ᠲᠥᠷᠥᠯᠬᠢᠲᠡᠨ ᠤ ᠲᠠᠪᠰᠢᠯᠳᠠ ᠶᠢ ᠠᠬᠢᠭᠤᠯᠬᠤ ᠴᠢᠬᠤᠯᠠ ᠬᠦᠴᠦᠨ ᠪᠣᠯᠤᠭᠰᠠᠨ ᠤ ᠬᠤᠪᠢ ᠳᠤ᠂ ᠵᠥᠪ ᠤᠷᠤᠭᠰᠢᠯᠠᠬᠤ ᠴᠢᠭᠯᠡᠯ ᠢ ᠡᠵᠡᠮᠳᠡᠵᠦ᠂ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ᠂ ᠬᠥᠮᠦᠨ ᠲᠥᠷᠥᠯᠬᠢᠲᠡᠨ ᠤ ᠲᠠᠪᠰᠢᠯᠳᠠ ᠶᠢ ᠪᠠᠶᠡᠯᠡᠭᠦᠯᠬᠦ ᠲᠡᠦᠬᠡᠲᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ ᠲᠠᠢ ᠬᠠᠮᠲᠤ ᠪᠠᠷ ᠴᠢᠷᠮᠠᠶᠢᠵᠤ᠂ ᠢᠮᠠᠭᠲᠠ ᠭᠤᠶᠢᠪᠢᠰᠢ ᠦᠭᠡᠢ ᠪᠠᠷ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ ᠪᠠᠶᠢᠭᠤᠯᠤᠭᠴᠢ᠂ ᠪᠦᠬᠦ ᠪᠥᠮᠪᠥᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠤᠨ᠎ᠠ ᠭᠡᠵᠦ ᠴᠢᠬᠤᠯᠠᠴᠢᠯᠠᠪᠠ᠃      ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠡᠯᠡᠬᠡᠢ ᠶᠢᠨ ᠲᠦᠷᠦ ᠶᠢᠨ ᠨᠠᠮ ᠤᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ︽ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠦᠶ᠎ᠠ᠄ ᠲᠦᠷᠦ ᠶᠢᠨ ᠨᠠᠮ ᠤᠨ ᠬᠠᠷᠢᠭᠤᠴᠠᠯᠭ᠎ᠠ︾ ᠪᠠᠷ ᠭᠤᠣᠯ ᠰᠡᠳᠦᠪ ᠪᠣᠯᠭᠠᠪᠠ᠃ ᠲᠦᠷᠦᠭᠦᠴᠦᠳ ᠤᠨ ᠬᠤᠷᠠᠯ ᠤᠨ ᠭᠤᠤᠯ ᠬᠤᠷᠠᠯ ᠤᠨ ᠲᠠᠯᠠᠪᠠᠶ ᠶᠢ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠲᠠᠨ ᠰᠢᠷᠭᠠᠯ ᠶᠡᠭᠡ ᠲᠢᠩᠬᠢᠮ ᠳᠤ ᠲᠣᠬᠢᠷᠠᠭᠤᠯᠪᠠ᠃ ᠠᠯᠲᠠᠨ ᠰᠢᠷᠭᠠᠯ ᠶᠡᠭᠡ ᠲᠢᠩᠬᠢᠮ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠲᠤᠭ ᠪᠣᠯᠤᠨ ᠬᠤᠷᠠᠯ ᠳᠤ ᠣᠷᠣᠯᠴᠠᠭᠰᠠᠨ ᠭᠠᠳᠠᠭᠠᠳᠤ ᠤᠯᠤᠰ ᠤᠨ ᠲᠥᠷᠥ ᠶᠢᠨ ᠨᠠᠮ ᠤᠨ ᠨᠠᠮ ᠤᠨ ᠲᠤᠭ ᠰᠣᠯᠪᠢᠴᠠᠨ ᠭᠡᠷᠡᠯᠲᠦᠵᠦ᠂ ᠰᠦᠷᠯᠢᠭ ᠰᠠᠶᠢᠬᠠᠨ ᠨᠠᠮ ᠤᠨ ᠲᠤᠭ ᠤᠨ ᠵᠢᠭᠰᠠᠭᠠᠯ ᠢᠯᠡᠷᠡᠪᠡ᠃ ᠬᠤᠷᠠᠯ ᠤᠨ ᠲᠠᠯᠠᠪᠠᠶ ᠳᠤ ᠲᠠᠪᠤᠨ ᠲᠣᠮᠣ ᠳᠡᠯᠭᠡᠴᠡ ᠲᠤᠬᠢᠷᠠᠭᠤᠯᠵᠤ᠂ ᠳᠡᠯᠡᠬᠡᠶ ᠶᠢᠨ ᠡᠯ᠎ᠡ ᠤᠯᠤᠰ ᠤᠨ ᠲᠥᠷᠥ ᠶᠢᠨ ᠨᠠᠮ ᠤᠨ ᠤᠳᠤᠷᠢᠳᠬᠤ ᠬᠥᠮᠦᠰ ᠤᠨ ︽ᠡᠭᠦᠯᠡᠨ ᠲᠠᠪᠴᠠᠩ︾ ᠳᠤ ᠴᠤᠭᠯᠠᠷᠠᠵᠤ᠂ ᠶᠡᠭᠡ ᠪᠣᠳᠣᠯᠭ᠎ᠠ ᠶᠢ ᠬᠠᠮᠲᠤ ᠪᠠᠷ ᠡᠷᠢᠯᠬᠢᠯᠡᠵᠦ᠂ ᠢᠷᠡᠭᠡᠳᠦᠶ ᠶᠢᠨ ᠲᠤᠬᠠᠶ ᠬᠠᠮᠲᠤ ᠪᠠᠷ ᠶᠠᠷᠢᠯᠴᠠᠭᠰᠠᠨ ᠠᠮᠢᠳᠤᠯᠢᠭ ᠪᠠᠶᠢᠳᠠᠯ ᠢ ᠭᠦᠢᠴᠡᠳ ᠢᠯᠡᠷᠡᠭᠦᠯᠪᠡ᠃      ᠰᠢ ᠶᠢᠨ ᠫᠢᠩ ᠡᠩ ᠲᠡᠷᠢᠭᠦᠨ ᠳᠤ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠲᠡᠷᠡ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠲᠤᠷᠰᠢ᠂ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠷᠭᠦᠯᠵᠢᠯᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠪᠣᠰᠴᠤ ᠵᠣᠭᠰᠣᠭᠰᠠᠨ ᠪᠠ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠠᠬᠢᠭᠤᠯᠪᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠬᠤᠪᠢ ᠵᠠᠶᠠᠭ᠎ᠠ ᠪᠠᠨ ᠬᠠᠮᠲᠤᠳᠬᠠᠬᠤ ᠶᠢ ᠪᠠᠷᠢᠮᠲᠠᠯᠠᠵᠤ᠂ ᠳᠡᠯᠡᠬᠡᠢ ᠶᠢᠨ ᠶᠡᠭᠡ ᠲᠠᠯ᠎ᠠ ᠪᠣᠯᠤᠨ ᠴᠠᠭ ᠦᠶ᠎ᠡ ᠶᠢᠨ ᠤᠷᠤᠰᠬᠠᠯ ᠳᠤᠮᠳᠠ ᠳᠤᠮᠳᠠᠳᠤ ᠤᠯᠤᠰ ᠤᠨ ᠬᠥᠭᠵᠢᠯᠲᠡ ᠶᠢᠨ ᠤᠷᠤᠭᠰᠢᠯᠠᠯᠲᠠ ᠶᠢᠨ ᠴᠢᠭᠯᠡᠯ ᠢ ᠡᠵᠡᠮᠰᠢᠵᠦ᠂ ᠡᠯ᠎ᠡ ᠤᠯᠤᠰ ᠤᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠥᠨᠥᠳᠦᠷ᠂ ᠬᠥᠮᠦᠨ ᠲᠥᠷᠥᠯᠬᠢᠲᠡᠨ ᠤ ᠨᠡᠶᠢᠭᠡᠮ ᠠᠯᠢ ᠵᠠᠮ ᠢᠶᠠᠷ ᠶᠠᠪᠤᠬᠤ ᠲᠡᠦᠬᠡ ᠶᠢᠨ ᠴᠠᠭ ᠦᠶ᠎ᠠ ᠳᠤ ᠳᠠᠬᠢᠨᠲᠠ ᠲᠤᠯᠭᠠᠷᠠᠪᠠ᠂ ᠰᠤᠩᠭᠤᠯᠲᠠ ᠪᠢᠳᠡᠨ ᠤ ᠭᠠᠷ ᠲᠤ ᠪᠠᠶᠢᠨ᠎ᠠ᠂ ᠬᠠᠷᠢᠭᠤᠴᠠᠯᠭ᠎ᠠ ᠪᠢᠳᠡᠨ ᠤ ᠮᠥᠷᠥᠨ ᠳᠡᠭᠡᠷ᠎ᠡ ᠲᠠᠯᠪᠢᠬᠳᠠᠵᠦ ᠪᠠᠶᠢᠨ᠎ᠠ᠃ ᠬᠠᠮᠲᠤ ᠶᠢᠨ ᠥᠷᠢᠰᠥᠯᠳᠦᠭᠡᠨ ᠤ ᠡᠮᠦᠨ᠎ᠡ᠂ ᠬᠥᠮᠦᠨ ᠲᠥᠷᠥᠯᠬᠢᠲᠡᠨ ᠳᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠶ᠎ᠡ ᠨᠠᠶᠢᠷᠲᠠᠢ ᠪᠠᠷ ᠬᠠᠮᠲᠤ ᠣᠷᠣᠰᠢᠬᠤ ᠭᠠᠭᠴᠠᠬᠠᠨ ᠯᠠ ᠵᠠᠮ ᠪᠠᠶᠢᠳᠠᠭ᠃ ᠲᠦᠷᠦ ᠶᠢᠨ ᠨᠠᠮ ᠨᠢ ᠬᠥᠮᠦᠨ ᠲᠥᠷᠥᠯᠬᠢᠲᠡᠨ ᠤ ᠲᠠᠪᠰᠢᠯᠳᠠ ᠶᠢ ᠠᠬᠢᠭᠤᠯᠬᠤ ᠴᠢᠬᠤᠯᠠ ᠬᠦᠴᠦᠨ ᠪᠣᠯᠤᠭᠰᠠᠨ ᠤ ᠬᠤᠪᠢ ᠳᠤ᠂ ᠵᠥᠪ ᠤᠷᠤᠭᠰᠢᠯᠠᠯᠳᠠ ᠶᠢᠨ ᠴᠢᠭᠯᠡᠯ ᠢ ᠡᠵᠡᠮᠳᠡᠵᠦ᠂ ᠲᠡᠦᠬᠡᠲᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠨᠢᠭᠡᠳᠦᠭᠡᠷ ᠲᠤ᠂ ᠪᠢᠳᠠ ᠴᠢᠭᠯᠡᠯ ᠢ ᠬᠦᠳᠦᠯᠦᠨ ᠳᠠᠭᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠥᠮᠦᠨ ᠲᠥᠷᠥᠯᠬᠢᠲᠡᠨ ᠤ ᠬᠠᠮᠲᠤ ᠶᠢᠨ ᠢᠷᠡᠭᠡᠳᠦᠢ ᠶᠢ ᠡᠵᠡᠮᠳᠡᠨ ᠴᠣᠭᠴᠠᠯᠠᠶ᠎ᠠ᠃ ᠶᠡᠭᠡ ᠴᠠᠭ ᠦᠶ᠎ᠡ ᠳᠤ ᠶᠡᠭᠡ ᠪᠠᠶᠢᠷᠢᠰᠢᠯ ᠱᠠᠭᠠᠷᠳᠠᠭᠳᠠᠨ᠎ᠠ᠂ ᠶᠡᠭᠡ ᠪᠠᠶᠢᠷᠢᠰᠢᠯ ᠨᠢ ᠠᠭᠤᠳᠠᠮ ᠪᠠᠭᠳᠠᠭᠠᠮᠵᠢᠳᠠᠢ ᠪᠠᠶᠢᠬᠤ ᠶᠢ ᠤᠷᠢᠶᠠᠯᠠᠨ᠎ᠠ᠃ ᠪᠢᠳᠡ ᠠᠷᠠᠳ ᠲᠦᠮᠡᠨ ᠤ ᠬᠦᠰᠡᠯ ᠰᠠᠨᠠᠭ᠎ᠠ ᠶᠢ ᠰᠣᠨᠣᠰᠴᠤ᠂ ᠴᠠᠭ ᠦᠶ᠎ᠡ ᠶᠢᠨ ᠤᠷᠤᠰᠬᠠᠯ ᠳᠤ ᠵᠤᠬᠢᠴᠠᠨ᠂ ᠡᠯ᠎ᠡ ᠤᠯᠤᠰ ᠤᠨ ᠬᠢᠨ ᠵᠣᠬᠢᠴᠠᠭᠤᠯᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠲᠤᠰ ᠤᠯᠤᠰ ᠤᠨ ᠢᠶᠠᠨ ᠠᠷᠠᠳ ᠲᠦᠮᠡᠨ ᠤ ᠠᠰᠢᠭ ᠲᠤᠰᠠ ᠶᠢ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠠᠰᠢᠭ ᠲᠤᠰᠠ ᠲᠠᠢ ᠨᠢᠭᠡᠳᠬᠡᠵᠦ ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠴᠢᠭᠯᠡᠯ ᠲᠡᠶᠢᠰᠢ ᠤᠷᠤᠭᠰᠢᠯᠠᠶ᠎ᠠ᠃      ᠬᠤᠶᠠᠳᠤᠭᠠᠷ ᠲᠤ᠂ ᠪᠢᠳᠡ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠵᠡᠷᠭᠡ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠷᠢᠮᠲᠠᠯᠠᠨ ᠪᠠᠳᠠᠷᠠᠭᠤᠯᠤᠶ᠎ᠠ᠃ ᠪᠢᠳᠡ ᠬᠥᠮᠦᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠠᠳᠠᠯᠢ ᠪᠤᠰᠤ ᠪᠣᠯᠪᠠᠰᠤᠨ ᠤ ᠦᠷᠲᠡᠭ ᠤᠨ ᠠᠭᠤᠯᠤᠭᠳᠠᠬᠤᠨ ᠤ ᠲᠤᠬᠠᠢ ᠲᠠᠨᠢᠯᠳᠠ ᠶᠢ ᠠᠭᠤᠳᠠᠮ ᠪᠠᠭᠲᠠᠭᠠᠮᠵᠢᠲᠠᠢ ᠪᠠᠷ ᠣᠶᠢᠯᠠᠭᠠᠵᠤ᠂ ᠠᠳᠠᠯᠢ ᠪᠤᠰᠤ ᠤᠯᠤᠰ ᠤᠨ ᠠᠷᠠᠳ ᠲᠦᠮᠡᠨ ᠤ ᠦᠷᠲᠡᠭ ᠢᠶᠠᠨ ᠪᠡᠶᠡᠯᠡᠭᠦᠯᠬᠦ ᠠᠷᠭ᠎ᠠ ᠵᠠᠮ ᠤᠨ ᠬᠠᠶᠢᠨ ᠰᠦᠪᠡᠭᠴᠢᠯᠡᠯᠲᠡ ᠶᠢ ᠬᠦᠨᠳᠦᠳᠬᠡᠵᠦ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠲᠡᠭ ᠢ ᠲᠤᠰ ᠤᠯᠤᠰ ᠤᠨ ᠢᠶᠠᠨ ᠠᠷᠠᠳ ᠲᠦᠮᠡᠨ ᠤ ᠠᠰᠢᠭ ᠲᠤᠰᠠ ᠶᠢ ᠪᠡᠶᠡᠯᠡᠭᠦᠯᠬᠦ ᠦᠢᠯᠡᠳᠦᠯᠭᠡ ᠳᠤ ᠪᠣᠳᠠᠲᠠᠢ ᠪᠦᠭᠡᠳ ᠠᠬᠤᠢᠢᠴᠢ ᠪᠠᠷ ᠢᠯᠡᠷᠡᠭᠦᠯᠦᠶ᠎ᠠ᠃      ᠭᠤᠷᠪᠠᠳᠤᠭᠠᠷ ᠲᠤ᠂ ᠪᠢᠳᠡ ᠬᠥᠭᠵᠢᠯᠲᠡ ᠶᠢ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠡᠯ᠎ᠡ ᠤᠯᠤᠰ ᠤᠨ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠶ᠎ᠠ᠃ ᠬᠥᠮᠦᠨ ᠲᠥᠷᠥᠯᠬᠢᠲᠡᠨ ᠤ ᠵᠣᠯ ᠵᠢᠷᠭᠠᠯ ᠢ ᠬᠥᠭᠡᠭᠡᠴᠡᠯᠳᠦᠬᠦ ᠵᠠᠮ ᠳᠡᠭᠡᠷ᠎ᠡ᠂ ᠨᠢᠭᠡ ᠤᠯᠤᠰ᠂ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ᠃ ᠳᠡᠯᠡᠬᠡᠢ ᠳᠡᠭᠡᠷᠡᠬᠢ ᠠᠯᠢᠪᠠ ᠤᠯᠤᠰ᠂ ᠠᠯᠢᠪᠠ ᠦᠨᠳᠦᠰᠦᠲᠡᠨ ᠴᠥᠮ ᠬᠥᠭᠵᠢᠯᠲᠡ ᠶᠢᠨ ᠠᠵᠠ ᠲᠣᠬᠢᠶᠠᠯ ᠪᠠ ᠡᠷᠬᠡ ᠶᠢ ᠡᠷᠬᠡ ᠲᠡᠭᠰᠢ ᠪᠠᠷ ᠡᠳ᠋ᠯᠡᠬᠦ ᠶᠣᠰᠣᠲᠠᠢ ᠶᠤᠮ ᠃ ᠪᠤᠰᠤᠳ ᠤᠯᠤᠰ ᠤᠨ ᠬᠥᠭᠵᠢᠯᠲᠡ ᠶᠢ ᠬᠠᠷᠰᠢᠯᠠᠬᠤ᠂ ᠪᠤᠰᠤᠳ ᠤᠯᠤᠰ ᠤᠨ ᠠᠷᠠᠳ ᠲᠦᠮᠡᠨ ᠤ ᠠᠮᠢᠳᠤᠷᠠᠯ ᠢ ᠬᠤᠬᠢᠷᠠᠭᠤᠯᠬᠤ ᠪᠠᠷ ᠬᠢᠬᠠᠬᠰᠠᠨ ᠶᠠᠮᠠᠷᠪᠠ ᠤᠯᠤᠰ ᠲᠦᠷᠦ ᠶᠢᠨ ᠤᠷᠤᠯᠳᠤᠯᠭ᠎ᠠ ᠨᠢ ᠴᠥᠮ ᠬᠥᠮᠦᠨ ᠤ ᠰᠡᠳᠬᠢᠯ ᠢ ᠤᠯᠬᠤ ᠦᠭᠡᠢ ᠪᠥᠭᠡᠳ ᠡᠴᠦᠰ ᠲᠡᠭᠡᠨ ᠲᠠᠯᠠᠭᠠᠷ ᠪᠣᠯᠤᠨ᠎ᠠ︕      ᠳᠥᠷᠪᠡᠳᠦᠭᠡᠷ ᠲᠤ᠂ ᠪᠢᠳᠡ ᠬᠠᠮᠲᠤᠷᠠᠯᠴᠠᠭ᠎ᠠ ᠪᠠᠨ ᠴᠢᠩᠭᠠᠳᠬᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ ᠪᠥᠮᠪᠥᠷᠴᠡᠭ ᠤᠨ ᠴᠢᠨᠠᠷᠲᠠᠢ ᠠᠶᠤᠯ ᠲᠦᠭᠰᠢᠭᠦᠷᠢ ᠪᠣᠯᠤᠨ ᠥᠷᠢᠰᠥᠯᠳᠦᠭᠡᠨ ᠢ ᠭᠠᠷ ᠬᠤᠯᠪᠣᠯᠴᠠᠨ ᠠᠷᠭᠠᠴᠠᠭᠠᠶ᠎ᠠ᠃ ᠪᠢᠳᠡ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠪᠦᠯᠬᠦᠮᠳᠡᠨ ᠬᠠᠮᠲᠤᠷᠠᠯᠴᠠᠬᠤ ᠶᠢ ᠰᠠᠨᠠᠭᠠᠴᠢᠯᠠᠵᠤ᠂ ᠬᠢᠵᠢᠭ ᠢ ᠤᠯᠤᠰ ᠲᠥᠷᠥᠴᠢᠯᠡᠬᠦ ᠶᠢ ᠡᠰᠡᠷᠭᠦᠴᠡᠵᠤ᠂ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠤᠶ᠎ᠠ︔ ᠬᠠᠮᠲᠤᠷᠠᠯᠴᠠᠭ᠎ᠠ ᠪᠠᠷ ᠠᠮᠤᠷ ᠲᠦᠪᠰᠢᠨ᠂ ᠲᠣᠭᠲᠠᠭᠤᠨ ᠪᠠᠶᠢᠳᠠᠯ ᠢ ᠪᠣᠳᠣᠯᠬᠢᠯᠠᠵᠤ᠂ ᠠᠮᠤᠷ ᠲᠦᠪᠰᠢᠨ ᠤ ︽ᠬᠠᠯᠬᠠᠪᠴᠢ︾ ᠶᠢ ᠬᠠᠮᠲᠤ ᠪᠠᠷ ᠰᠠᠶᠢᠲᠤᠷ ᠴᠣᠭᠴᠠᠯᠠᠶ᠎ᠠ︔ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ ᠶᠢ ᠪᠠᠷᠢᠮᠲᠠᠯᠠᠵᠤ᠂ ᠪᠣᠬᠢᠷᠲᠤᠯ ᠦᠭᠡᠢ ᠭᠡᠷ ᠣᠷᠣᠨ ᠢ ᠬᠠᠮᠲᠤ ᠪᠠᠷ ᠪᠠᠶᠢᠭᠤᠯᠤᠶ᠎ᠠ︔ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠵᠠᠮ ᠢ ᠬᠠᠮᠲᠤ ᠪᠠᠷ ᠰᠦᠪᠡᠭᠴᠢᠯᠡᠶ᠎ᠠ᠃      ᠲᠠᠪᠤᠳᠤᠭᠠᠷ ᠲᠤ᠂ ᠪᠢᠳᠡ ᠵᠠᠰᠠᠯᠲᠠ ᠶᠢ ᠲᠡᠭᠦᠯᠳᠡᠷᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠵᠦ᠂ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠶ᠎ᠠ᠃ ᠵᠣᠯ ᠵᠢᠷᠭᠠᠯ ᠢ ᠤᠯᠬᠤ ᠵᠠᠮ ᠠᠳᠠᠯᠢ ᠪᠤᠰᠤ ᠪᠠᠶᠢᠲᠠᠭ᠂ ᠡᠯ᠎ᠡ ᠤᠯᠤᠰ ᠤᠨ ᠠᠷᠠᠳ ᠲᠦᠮᠡᠨ ᠥᠪᠡᠷ ᠤᠨ ᠬᠥᠭᠵᠢᠯᠲᠡ ᠶᠢᠨ ᠵᠠᠮ ᠪᠣᠯᠤᠨ ᠪᠠᠶᠢᠭᠤᠯᠤᠯ ᠤᠨ ᠵᠠᠭᠪᠤᠷ ᠢᠶᠠᠨ ᠰᠣᠩᠭᠤᠬᠤ ᠡᠷᠬᠡ ᠲᠠᠢ᠂ ᠡᠨᠡ ᠨᠢ ᠳᠠᠷᠤᠢ ᠠᠷᠠᠳ ᠲᠦᠮᠡᠨ ᠤ ᠵᠣᠯ ᠵᠢᠷᠭᠠᠯ ᠤᠨ ᠪᠠᠶᠢᠪᠠᠰᠤ ᠵᠣᠬᠢᠬᠤ ᠠᠭᠤᠯᠭ᠎ᠠ ᠪᠣᠯᠤᠨ᠎ᠠ᠃ ᠨᠢᠭᠡ ᠤᠯᠤᠰ ᠠᠷᠠᠳᠴᠢᠯᠠᠯ ᠲᠠᠢ ᠡᠰᠡᠭᠦ ᠶᠢ ᠲᠡᠷᠡ ᠤᠯᠤᠰ ᠤᠨ ᠠᠷᠠᠳ ᠲᠦᠮᠠᠠ ᠢᠶᠠᠷ ᠦᠨᠡᠯᠡᠭᠦᠯᠬᠦ ᠴᠢᠬᠤᠯᠠᠲᠠᠢ᠂ ᠬᠠᠷᠢᠨ ᠴᠥᠭᠡᠨ ᠲᠣᠭᠠᠨ ᠤ ᠬᠥᠮᠦᠨ ᠬᠡᠯᠡᠭᠡᠳ ᠪᠣᠯᠴᠢᠬᠠᠬᠤ ᠪᠢᠰᠢ︕ ᠪᠢᠳᠡ ᠰᠣᠯᠢᠯᠴᠠᠭ᠎ᠠ ᠬᠢᠵᠦ ᠬᠠᠷᠢᠯᠴᠠᠨ ᠲᠤᠯᠢ ᠪᠣᠯᠭᠠᠬᠤ ᠪᠠᠨ ᠴᠢᠩᠭᠠᠳᠬᠠᠵᠤ᠂ ᠲᠤᠰ ᠤᠯᠤᠰ ᠤᠨ ᠢᠶᠠᠨ ᠪᠠᠶᠢᠳᠠᠯ ᠳᠤ ᠵᠣᠬᠢᠴᠠᠭᠰᠠᠨ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠤᠶ᠎ᠠ᠃      ᠰᠢ ᠶᠢᠨ ᠫᠢᠩ᠂ ᠲᠤᠮᠲᠠᠲᠤ ᠤᠯᠤᠰ ᠤᠨ ᠤᠴᠢᠷ ᠶᠠᠪᠤᠲᠠᠯ ᠢᠶᠠᠨ ᠰᠠᠶᠢᠨ ᠬᠢᠵᠦ᠂ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠵᠦ᠂ ᠬᠥᠮᠦᠨ ᠲᠥᠷᠥᠯᠬᠢᠲᠡᠨ ᠤ ᠡᠩᠬᠡ ᠲᠠᠶᠢᠪᠤᠩ ᠬᠢᠭᠡᠳ ᠬᠥᠭᠵᠢᠯᠲᠡ ᠶᠢᠨ ᠡᠷᠬᠢᠮ ᠳᠡᠭᠡᠳᠦ ᠦᠢᠯᠡᠰ ᠢ ᠠᠬᠢᠭᠤᠯᠬᠤ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠪᠢᠷᠠᠰᠢ ᠦᠭᠡᠢ ᠲᠡᠮᠡᠴᠡᠬᠦ ᠬᠠᠷᠠᠯᠲᠠ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠥᠷᠭᠡᠨ ᠠᠭᠤᠳᠠᠮ ᠴᠠᠭ ᠣᠷᠣᠨ ᠵᠠᠢ ᠶᠢᠨ ᠦᠷᠭᠡᠷᠢᠭ ᠠᠴᠠ ᠦᠨᠳᠦᠰᠦᠲᠡᠨ ᠤ ᠰᠡᠷᠭᠦᠨ ᠮᠠᠨᠳᠤᠯᠲᠠ ᠪᠣᠯᠤᠨ ᠬᠥᠮᠦᠨ ᠲᠥᠷᠥᠯᠬᠢᠲᠡᠨ ᠤ ᠲᠠᠪᠰᠢᠯᠳᠠ ᠶᠢᠨ ᠤᠳᠬ᠎ᠠ ᠬᠦᠨ ᠰᠡᠳᠦᠪ ᠢ ᠪᠣᠳᠣᠯᠬᠢᠯᠠᠵᠤ᠂ ᠡᠯ᠎ᠠ ᠤᠯᠤᠰ ᠤᠨ ᠲᠦᠷᠦ ᠶᠢᠨ ᠨᠠᠮ ᠲᠠᠢ ᠬᠠᠮᠲᠤ ᠪᠠᠷ ᠴᠢᠷᠮᠠᠶᠢᠵᠦ ᠪᠠᠶᠢᠭᠠᠳ ᠨᠡᠩ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠨ᠎ᠠ ᠭᠡᠵᠦ ᠵᠢᠭᠠᠵᠤ ᠭᠠᠷᠭᠠᠪᠠ᠃      — ᠲᠤᠮᠳᠠᠳᠤ ᠤᠯᠤᠰ ᠤᠨ ᠡᠪ ᠬᠠᠮᠲᠤ ᠨᠠᠮ ᠲᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠲᠠᠭᠠᠭᠤᠯᠵᠤ ᠲᠤᠮᠳᠠᠳᠤ ᠤᠯᠤᠰ ᠤᠨ ᠤᠨᠴᠠᠯᠢᠭ ᠲᠠᠢ ᠤᠳᠤᠬᠢᠴᠢᠯᠠᠯᠲᠠ ᠶᠢ ᠭᠦᠨᠵᠡᠭᠡᠢ ᠠᠬᠢᠭᠤᠯᠵᠤ᠂ ᠬᠦᠮᠦᠨ ᠲᠦᠷᠦᠯᠬᠢᠲᠡᠨ ᠤ ᠤᠳᠤᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠳᠤ ᠰᠢᠨ᠎ᠠ ᠬᠤᠪᠢ ᠨᠡᠮᠡᠷᠢ ᠦᠵᠡᠭᠦᠯᠦᠨ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠠᠯᠢᠪᠠ ᠪᠦᠬᠦᠨ ᠳᠤ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢ ᠰᠦᠪᠡᠭᠴᠢᠯᠡᠨ ᠭᠠᠷᠭᠠᠪᠠ᠃ ᠪᠢᠳᠡ ᠡᠨᠡ ᠬᠦ ᠰᠠᠷᠠᠭᠤᠯ ᠳᠠᠷᠳᠠᠩ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠥᠪᠡᠷ ᠢ ᠪᠠᠨ ᠬᠥᠭᠵᠢᠭᠦᠯᠬᠦ ᠮᠥᠷᠲᠡᠭᠡᠨ ᠳᠡᠯᠡᠬᠡᠢ ᠳ᠋ᠠᠬᠢᠨ ᠳᠤ ᠪᠤᠶᠠᠨ ᠦᠢᠯᠡᠳᠦᠨ᠎ᠡ᠃      — ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠨᠡᠭᠡᠭᠡᠯᠳᠡ ᠶᠢ ᠥᠷᠭᠡᠳᠬᠡᠵᠦ᠂ ᠳᠡᠯᠡᠬᠡᠢ ᠶᠢᠨ ᠡᠯ᠎ᠡ ᠤᠯᠤᠰ ᠤᠨ ᠬᠠᠮᠲᠤ ᠶᠢᠨ ᠬᠥᠭᠵᠢᠯ ᠴᠡᠴᠡᠭᠯᠡᠯ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ ᠯᠤᠭ᠎ᠠ ᠤᠯᠤᠯᠴᠠᠭ᠎ᠠ ᠪᠠᠨ ᠴᠢᠩᠭᠠᠳᠬᠠᠵᠤ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠨᠡᠩ ᠨᠡᠭᠡᠭᠡᠯᠲᠡᠲᠡᠢ᠂ ᠪᠠᠭᠲᠠᠭᠠᠮᠵᠢᠲᠠᠢ᠂ ᠲᠦᠭᠡᠮᠡᠯ ᠠᠰᠢᠭ ᠬᠦᠷᠲᠡᠭᠡᠬᠦ᠂ ᠲᠡᠩᠴᠡᠭᠦᠷᠢᠲᠡᠢ᠂ ᠬᠠᠮᠲᠤ ᠪᠠᠷ ᠠᠰᠢᠭ ᠬᠦᠷᠳᠡᠬᠦ ᠴᠢᠭᠯᠡᠯ ᠲᠡᠶᠢᠰᠢ ᠬᠥᠭᠵᠢᠬᠦ ᠶᠢ ᠬᠠᠮᠲᠤ ᠪᠠᠷ ᠬᠦᠲᠦᠯᠦᠨ ᠵᠢᠯᠣᠭᠤᠳᠤᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠳᠦᠭᠡᠨ ᠪᠠᠶᠢᠭᠤᠯᠬᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠬᠦ ᠪᠥᠮᠪᠥᠷᠴᠡᠭ ᠤᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠬᠤ ᠳᠤ ᠬᠠᠮᠲᠤ ᠪᠠᠷ ᠬᠦᠴᠦ ᠨᠡᠮᠡᠷᠢᠯᠡᠵᠦ᠂ ᠨᠡᠩ ᠤᠯᠠᠨ ᠤᠯᠤᠰ᠂ ᠨᠡᠩ ᠤᠯᠠᠨ ᠠᠷᠠᠳ ᠲᠦᠮᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠨ᠎ᠡ᠃      — ᠳᠤᠮᠳᠠᠳᠤ ᠤᠯᠤᠰ ᠤᠨ ᠡᠪ ᠬᠠᠮᠲᠤ ᠨᠠᠮ ᠲᠣᠮᠣ ᠤᠯᠤᠰ ᠲᠣᠮᠣ ᠨᠠᠮ ᠤᠨ ᠬᠠᠷᠢᠭᠤᠴᠠᠯᠭ᠎ᠠ ᠶᠢ ᠭᠦᠶ᠋ᠴᠡᠳᠬᠡᠵᠦ᠂ ᠬᠥᠮᠦᠨ ᠲᠥᠷᠥᠯᠬᠢᠲᠡᠨ ᠤ ᠪᠤᠶᠠᠨ ᠬᠡᠰᠢᠭ ᠢ ᠨᠡᠮᠡᠭᠳᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ ᠶᠠᠳᠠᠭᠤ ᠬᠦᠴᠢᠷᠳᠡᠯ ᠢ ᠠᠷᠢᠯᠭᠠᠬᠤ ᠪᠣᠯ ᠡᠯ᠎ᠡ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠂ ᠡᠯ᠎ᠡ ᠤᠯᠤᠰ ᠤᠨ ᠲᠦᠷᠦ ᠶᠢᠨ ᠨᠠᠮ ᠤᠨ ᠴᠢᠷᠮᠠᠶᠢᠨ ᠪᠡᠶᠡᠯᠡᠭᠦᠯᠬᠦ ᠴᠢᠬᠤᠯᠠ ᠬᠠᠷᠠᠯᠲᠠ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠬᠥᠮᠦᠨ ᠲᠥᠷᠥᠯᠬᠢᠲᠡᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠬᠦ ᠠᠬᠢᠴᠠ ᠳᠤ ᠨᠡᠩ ᠤᠯᠠᠨ ᠳᠤᠮᠳᠠᠳᠤ ᠤᠯᠤᠰ ᠤᠨ ᠲᠥᠰᠦᠯ ᠪᠣᠯᠤᠨ ᠳᠤᠮᠳᠠᠳᠤ ᠤᠯᠤᠰ ᠤᠨ ᠬᠦᠴᠦᠨ ᠢ ᠳᠤᠷᠠᠲᠠᠶ᠎ᠠ ᠡᠷᠭᠦᠨ᠎ᠡ᠃ ᠳᠤᠮᠳᠠᠳᠤ ᠤᠯᠤᠰ ᠤᠯᠠᠨ ᠤᠯᠤᠰ ᠤᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠶᠢ ᠪᠦᠬᠦ ᠬᠦᠴᠦ ᠪᠠᠷ ᠢᠶᠠᠨ ᠳᠡᠮᠵᠢᠵᠦ᠂ ᠪᠦᠬᠦ ᠪᠥᠮᠪᠥᠷᠴᠡᠭ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃      — ᠳᠤᠮᠳᠠᠳᠤ ᠤᠯᠤᠰ ᠤᠨ ᠡᠪ ᠬᠠᠮᠲᠤ ᠨᠠᠮ ᠪᠦᠬᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠶᠢ ᠢᠳᠡᠪᠬᠢᠲᠡᠢ ᠠᠬᠢᠭᠤᠯᠵᠤ᠂ ᠬᠥᠮᠦᠨ ᠲᠥᠷᠥᠯᠬᠢᠲᠡᠨ ᠤ ᠨᠡᠶᠢᠭᠡᠮ ᠤᠨ ᠭᠠᠷ ᠬᠤᠯᠪᠣᠯᠴᠠᠠ ᠬᠠᠮᠲᠤ ᠶᠢᠨ ᠥᠷᠢᠰᠥᠯᠳᠦᠭᠡᠨ ᠢ ᠠᠷᠭᠠᠴᠠᠭᠠᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ ᠤᠯᠠᠨ ᠤᠯᠤᠰ ᠤᠨ ᠲᠦᠷᠢᠮ ᠪᠣᠯ ᠳᠡᠯᠡᠬᠡᠢ ᠶᠢᠨ ᠡᠯ᠎ᠡ ᠤᠯᠤᠰ ᠤᠨ ᠬᠠᠮᠲᠤ ᠪᠠᠷ ᠮᠡᠳᠡᠷᠡᠬᠦ ᠲᠦᠷᠢᠮ ᠪᠠᠶᠢᠬᠤ ᠶᠣᠰᠣᠲᠠᠢ᠂ ᠬᠠᠷᠢᠨ ᠴᠥᠭᠡᠨ ᠲᠣᠭᠠᠨ ᠤ ᠬᠥᠮᠦᠰ ᠲᠣᠭᠲᠠᠭᠠᠬᠤ ᠪᠢᠰᠢ᠃ ᠪᠢᠳᠡ ᠤᠯᠠᠨ ᠲᠠᠯᠠᠲᠤ ᠦᠵᠡᠯ ᠤᠨ ᠨᠡᠷ᠎ᠡ ᠪᠠᠷ ᠭᠠᠭᠴᠠ ᠲᠠᠯᠠᠲᠤ ᠦᠵᠡᠯ ᠤᠨ ᠪᠣᠳᠠᠲᠤ ᠠᠵᠢᠯᠯᠠᠭ᠎ᠠ ᠬᠢᠬᠦ ᠡᠯ᠎ᠡ ᠵᠦᠢᠯ ᠤᠨ ᠦᠢᠯᠡ ᠠᠵᠢᠯᠯᠠᠭ᠎ᠠ ᠶᠢ ᠬᠠᠮᠲᠤ ᠪᠠᠷ ᠡᠰᠡᠷᠭᠦᠴᠡᠨ᠎ᠠ᠃ ᠳᠤᠮᠳᠠᠳᠤ ᠤᠯᠤᠰ ᠡᠭᠦᠷᠢᠳᠡ ᠬᠥᠭᠵᠢᠵᠦ ᠪᠠᠶᠢᠭ᠎ᠠ ᠤᠯᠤᠰ ᠤᠳ ᠤᠨ ᠶᠡᠭᠡ ᠭᠡᠷ ᠪᠦᠯᠢ ᠶᠢᠨ ᠨᠢᠭᠡ ᠭᠡᠰᠢᠭᠦᠨ ᠮᠥᠨ᠂ ᠬᠥᠭᠵᠢᠵᠦ ᠪᠠᠶᠢᠭ᠎ᠠ ᠤᠯᠤᠰ ᠤᠳ ᠤᠨ ᠤᠯᠠᠨ ᠤᠯᠤᠰ ᠤᠨ ᠵᠠᠰᠠᠯᠲᠠ ᠶᠢᠨ ᠰᠢᠰᠲ᠋ᠧᠮ ᠳᠠᠬᠢ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠬᠦ ᠪᠠᠷ ᠡᠷᠡᠰ ᠭᠤᠶᠢᠪᠢᠰᠢ ᠦᠭᠡᠢ ᠴᠢᠷᠮᠠᠶᠢᠨ᠎ᠠ᠃      ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ ᠪᠣᠯᠤᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠲᠠᠢ ᠬᠠᠮᠲᠤ ᠪᠠᠷ ᠦᠷᠭᠦᠯᠵᠢᠯᠡᠨ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠬᠥᠮᠦᠨ ᠲᠥᠷᠥᠯᠬᠢᠲᠡᠨ ᠤ ᠲᠠᠪᠰᠢᠯᠳᠠ ᠶᠢᠨ ᠲᠠᠯ᠎ᠠ ᠳᠤ ᠵᠣᠭᠰᠣᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠬᠤ᠂ ᠨᠡᠩ ᠦᠵᠡᠰᠭᠦᠯᠡᠩᠲᠤ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠠ︕ ᠭᠡᠵᠦ ᠴᠢᠬᠤᠯᠠᠴᠢᠯᠠᠪᠠ᠃      ᠡᠮᠦᠨᠡᠲᠦ ᠠᠹᠷᠢᠺᠠ ᠶᠢᠨ ᠠᠹᠷᠢᠺᠠᠴᠤᠳ ᠤᠨ ᠤᠯᠤᠰ ᠠᠷᠠᠳ ᠤᠨ ᠶᠡᠭᠡ ᠬᠤᠷᠠᠯ ᠤᠨ ᠲᠡᠷᠢᠭᠦᠯᠡᠭᠴᠢ᠂ ᠶᠡᠷᠦᠩᠬᠡᠶᠢᠯᠡᠭᠴᠢ ᠯᠠᠮᠠᠹᠦ᠋ᠰᠠ᠂ ᠺᠠᠽᠠᠭᠰᠲ᠋ᠠᠨ ᠤ ︽ᠡᠬᠡ ᠤᠯᠤᠰ ᠤᠨ ᠬᠢᠯᠪᠠᠭ᠎ᠠ︾ ᠨᠠᠮ ᠤᠨ ᠲᠡᠷᠢᠭᠦᠯᠡᠭᠴᠢ᠂ ᠠᠩᠬᠠᠳᠠᠭᠴᠢ ᠶᠡᠷᠦᠩᠬᠡᠶᠢᠯᠡᠭᠴᠢ ᠨᠠᠵᠠᠷᠪᠠᠶᠧᠹ᠂ ᠣᠷᠣᠰ ᠤᠨ ᠨᠢᠭᠡᠳᠦᠭᠰᠡᠨ ᠣᠷᠣᠰ ᠨᠠᠮ ᠤᠨ ᠲᠡᠷᠢᠭᠦᠯᠡᠭᠴᠢ᠂ ᠣᠷᠣᠰ ᠤᠨ ᠬᠤᠯᠪᠣᠭᠠᠨ ᠤ ᠠᠮᠤᠷ ᠲᠦᠪᠰᠢᠨ ᠤ ᠬᠤᠷᠠᠯ ᠤᠨ ᠳᠡᠳ᠋ ᠲᠡᠷᠢᠭᠦᠯᠡᠭᠴᠢ ᠮᠸᠢᠢᠳ᠋ᠸᠧᠢᠵᠢᠶᠧᠹ᠂ ᠠᠷᠭᠧᠨ᠋ᠲ᠋ᠢᠨ ᠤ ᠰᠢᠳᠤᠷᠭᠤ ᠶᠣᠰᠣ ᠨᠠᠮ ᠤᠨ ᠲᠡᠷᠢᠭᠦᠯᠡᠭᠴᠢ᠂ ᠶᠡᠷᠦᠩᠬᠡᠶᠢᠯᠡᠭᠴᠢ ᠹᠧᠷᠨᠠᠨᠳᠧᠰ᠂ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ ᠷᠤᠸᠠᠨ ᠹᠦ᠋ ᠵᠥᠩ᠂ ᠺᠦᠪᠠ ᠶᠢᠨ ᠡᠪ ᠬᠠᠮᠲᠤ ᠨᠠᠮ ᠤᠨ ᠲᠥᠪ ᠬᠤᠷᠢᠶᠠᠨ ᠤ ᠨᠢᠭᠡᠳᠦᠭᠡᠷ ᠱᠦᠵᠢ᠂ ᠤᠯᠤᠰ ᠤᠨ ᠲᠡᠷᠢᠭᠦᠯᠡᠭᠴᠢ ᠳ᠋ᠢᠶᠠᠰ — ᠺᠠᠨᠧᠯ᠂ ᠹᠢᠯᠢᠫᠢᠨ ᠤ ᠠᠷᠠᠳᠴᠢᠯᠠᠭᠰᠠᠨ ᠠᠷᠠᠳ ᠤᠨ ᠬᠦᠴᠦᠨ ᠨᠠᠮ ᠤᠨ ᠲᠡᠷᠢᠭᠦᠯᠡᠭᠴᠢ᠂ ᠶᠡᠷᠦᠩᠬᠡᠶᠢᠯᠡᠭᠴᠢ ᠳ᠋ᠦᠲ᠋ᠧᠷᠲᠧ᠂ ᠺᠠᠮᠪᠣᠵᠠ ᠶᠢᠨ ᠠᠷᠠᠳ ᠤᠨ ᠨᠠᠮ ᠤᠨ ᠲᠡᠷᠢᠭᠦᠯᠡᠭᠴᠢ᠂ ᠲᠡᠷᠢᠭᠦᠨ ᠰᠠᠶᠢᠳ ᠬᠤᠩᠰᠧᠨ᠂ ᠽᠢᠮᠪᠠᠪᠦ᠋ᠸᠧᠢ ᠶᠢᠨ ᠠᠹᠷᠢᠺᠠ ᠶᠢᠨ ᠦᠨᠳᠦᠰᠦᠲᠡᠨ ᠤ ᠬᠤᠯᠪᠣᠭ᠎ᠠ — ᠡᠭᠡ ᠤᠷᠤᠨᠴᠢ ᠹᠷᠣᠨᠲ ᠤᠨ ᠲᠡᠷᠢᠭᠦᠯᠡᠭᠴᠢ ᠪᠥᠭᠡᠳ ᠨᠢᠭᠡᠳᠦᠭᠡᠷ ᠱᠦᠵᠢ᠂ ᠶᠡᠷᠦᠩᠬᠡᠶᠢᠯᠡᠭᠴᠢ ᠮᠦᠨᠠᠨᠵᠢᠶᠠᠬᠦ᠋ᠸᠠ᠂ ᠫᠠᠯᠧᠰᠲ᠋ᠠᠶᠢᠨ ᠤ ᠹᠠᠲ᠋ᠠᠾ ᠶᠢᠨ ᠲᠡᠷᠢᠭᠦᠯᠡᠭᠴᠢ᠂ ᠶᠡᠷᠦᠩᠬᠡᠶᠢᠯᠡᠭᠴᠢ ᠠᠪᠠᠰ᠂ ᠰᠧᠷᠪᠢᠶ᠎ᠠ ᠶᠢᠨ ᠤᠷᠤᠭᠰᠢᠯᠠᠯᠲᠠ ᠨᠠᠮ ᠤᠨ ᠲᠡᠷᠢᠭᠦᠯᠡᠭᠴᠢ᠂ ᠶᠡᠷᠦᠩᠬᠡᠶᠢᠯᠡᠭᠴᠢ ᠥᠴᠢᠴᠢ᠂ ᠫᠠᠺᠢᠰᠲ᠋ᠠᠨ ᠤ ᠰᠢᠳᠤᠷᠭᠤ ᠶᠣᠰᠣᠨ ᠤ ᠬᠥᠳᠡᠯᠭᠡᠭᠡᠨ ᠨᠠᠮ ᠤᠨ ᠲᠡᠷᠢᠭᠦᠯᠡᠭᠴᠢ᠂ ᠶᠡᠷᠦᠩᠬᠡᠶ ᠰᠠᠶᠢᠳ ᠢᠮᠦ᠋ᠯᠠᠨ · ᠬᠠᠨ᠂ ᠮᠣᠽᠠᠮᠪᠢᠺ ᠤᠨ ᠴᠢᠯᠥᠭᠡᠯᠡᠯᠲᠡ ᠶᠢᠨ ᠹᠷᠣᠨᠲ ᠨᠠᠮ ᠤᠨ ᠲᠡᠷᠢᠭᠦᠯᠡᠭᠴᠢ᠂ ᠶᠡᠷᠦᠩᠬᠡᠶᠢᠯᠡᠭᠴᠢ ᠨᠢᠦ᠋ᠰᠢ᠂ ᠨᠠᠮᠢᠪᠢᠶ᠎ᠠ ᠶᠢᠨ ᠪᠠᠷᠠᠭᠤᠨ ᠡᠮᠦᠨᠡᠳᠤ ᠠᠹᠷᠢᠺᠠ ᠶᠢᠨ ᠠᠷᠠᠳ ᠤᠨ ᠵᠣᠬᠢᠶᠠᠨ ᠪᠠᠶᠢᠭᠤᠯᠤᠯᠲᠠ ᠨᠠᠮ ᠤᠨ ᠲᠡᠷᠢᠭᠦᠯᠡᠭᠴᠢ᠂ ᠶᠡᠷᠦᠩᠬᠡᠶᠢᠯᠡᠭᠴᠢ ᠭᠸᠡᠭᠧᠪᠦ᠋ ᠂ ᠺᠣᠩᠭᠣ᠋ ᠶᠢᠨ ᠬᠥᠳᠡᠯᠮᠦᠷᠢᠴᠢᠨ ᠤ ᠨᠠᠮ ᠤᠨ ᠲᠡᠷᠢᠭᠦᠯᠡᠭᠴᠢ᠂ ᠺᠣᠩᠭᠣ᠋ ︵ᠪᠦ᠊︶ ᠶᠢᠨ ᠶᠡᠷᠦᠩᠬᠡᠶᠢᠯᠡᠭᠴᠢ ᠰᠠᠰᠦ᠋᠂ ᠰᠷᠢ ᠯᠠᠨᠺᠠ ᠶᠢᠨ ᠠᠷᠠᠳ ᠤᠨ ᠹᠷᠤᠨᠲ ᠨᠠᠮ ᠤᠨ ᠤᠳᠤᠷᠢᠳᠤᠭᠴᠢ᠂ ᠶᠡᠷᠦᠩᠬᠡᠶ ᠰᠠᠶᠢᠳ ᠮᠠᠰᠢᠨᠳᠠ · ᠯᠠᠵᠢᠶᠠᠫᠠᠺᠧᠰᠠ᠂ ᠪᠤᠯᠢᠸᠢᠶ᠎ᠠ ᠶᠢᠨ ᠨᠡᠶᠢᠭᠡᠮ ᠵᠢᠷᠤᠮ ᠤᠨ ᠬᠥᠳᠡᠯᠭᠡᠭᠡᠨ ᠤ ᠲᠡᠷᠢᠭᠦᠯᠡᠭᠴᠢ᠂ ᠤᠤᠯ ᠤᠨ ᠶᠡᠷᠦᠩᠬᠡᠶᠢᠯᠡᠭᠴᠢ ᠮᠣᠯᠠᠯᠠᠶᠢᠰ᠂ ᠮᠤᠷᠤᠺᠺᠤ ᠶᠢᠨ ᠲᠥᠪ ᠭᠤᠤᠯᠴᠢ ᠪᠠ ᠬᠥᠭᠵᠢᠭᠦᠯᠦᠯᠲᠡ ᠨᠠᠮ ᠤᠨ ᠶᠡᠷᠦᠩᠬᠡᠶ ᠱᠦᠵᠢ᠂ ᠲᠡᠷᠢᠭᠦᠨ ᠰᠠᠶᠢᠳ ᠣᠰᠮᠠᠠᠨᠢ᠂ ᠡᠮᠦᠨᠡᠲᠦ ᠰᠦᠳᠠᠨ ᠤ ᠰᠦᠳᠠᠨ ᠤ ᠠᠷᠠᠳ ᠤᠨ ᠴᠢᠯᠥᠭᠡᠯᠡᠯᠲᠡ ᠶᠢᠨ ᠬᠥᠳᠡᠯᠭᠡᠭᠡᠨ ᠤ ᠲᠡᠷᠢᠭᠦᠯᠡᠭᠴᠢ᠂ ᠶᠡᠷᠦᠩᠬᠡᠶᠢᠯᠡᠭᠴᠢ ᠺᠢᠷ᠂ ᠨᠡᠶᠢᠭᠡᠮ ᠨᠠᠮ ᠤᠨ ᠤᠯᠠᠨ ᠤᠯᠤᠰ ᠤᠨ ᠲᠡᠷᠢᠭᠦᠯᠡᠭᠴᠢ ᠫᠠᠫᠠᠨᠳ᠋ᠷᠢᠣ᠋᠂ ᠢᠰᠫᠠᠨᠢ ᠶᠢᠨ ᠡᠪ ᠬᠠᠮᠲᠤ ᠨᠠᠮ ᠤᠨ ᠲᠡᠷᠢᠭᠦᠯᠡᠭᠴᠢ ᠰᠧᠨ᠋ᠲᠷᠢᠶ᠎ᠠ ᠨᠠᠷ ᠲᠦᠷᠦᠭᠦᠴᠦᠳ ᠤᠨ ᠬᠤᠷᠠᠯ ᠳᠡᠭᠡᠷ᠎ᠡ ᠪᠠᠶᠠᠷ ᠤᠨ ᠦᠭᠡ ᠬᠡᠯᠡᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠳᠤ ᠬᠠᠯᠠᠭᠤᠨ ᠪᠠᠶᠠᠷ ᠬᠦᠷᠭᠡᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠶᠡᠷᠦ ᠪᠤᠰᠤ ᠶᠢᠨ ᠥᠩᠭᠡᠷᠡᠯᠲᠡ ᠶᠢ ᠳᠡᠭᠡᠳᠦ ᠬᠡᠮᠵᠢᠶ᠎ᠡ ᠪᠠᠷ ᠦᠨᠡᠯᠡᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠶ ᠱᠦᠵᠢ ᠰᠢ ᠶᠢᠨ ᠫᠢᠩ ᠢᠶᠠᠷ ᠭᠤᠤᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠤᠤᠷ᠎ᠠ᠂ ᠳᠤᠮᠳᠠᠳᠤ ᠤᠯᠤᠰ ᠤᠨ ᠡᠯ᠎ᠡ ᠬᠦᠷᠢᠶᠡᠨ ᠳᠤ ᠣᠯᠤᠭᠰᠠᠨ ᠲᠡᠦᠬᠡᠲᠦ ᠴᠢᠨᠠᠷᠲᠠᠢ ᠬᠥᠭᠵᠢᠯᠲᠡ ᠶᠢᠨ ᠠᠮᠵᠢᠯᠲᠠ ᠪᠠ ᠬᠥᠮᠦᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠲᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠬᠠᠯᠠᠭᠤᠨ ᠢᠶᠠᠷ ᠮᠠᠭᠳᠠᠨ ᠰᠠᠶᠢᠰᠢᠶᠠᠵᠤ᠂ ᠶᠡᠷᠦᠩᠬᠡᠶ ᠱᠦᠵᠢ ᠰᠢ ᠶᠢᠨ ᠫᠢᠩ ᠤᠨ ᠭᠤᠤᠯ ᠵᠤᠷᠢᠯᠳᠠᠳᠦ ᠶᠠᠷᠢᠶᠠᠨ ᠳᠤ ᠳᠤᠷᠠᠳᠤᠭᠰᠠᠨ ᠲᠥᠷᠥ ᠶᠢᠨ ᠪᠣᠳᠣᠯᠭ᠎ᠠ ᠶᠢᠨ ᠰᠠᠨᠠᠭᠠᠴᠢᠯᠠᠭ᠎ᠠ ᠶᠢ ᠢᠳᠡᠪᠬᠢᠲᠡᠶ ᠴᠤᠤᠷᠢᠶᠠᠳᠤᠨ ᠳᠠᠭᠠᠵᠤ᠂ ᠲᠥᠷᠥ ᠶᠢᠨ ᠨᠠᠮ ᠨᠢ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ ᠬᠠᠷᠢᠭᠤᠴᠠᠯᠭ᠎ᠠ ᠶᠢ ᠡᠭᠦᠷᠭᠡᠯᠡᠪᠡᠯ ᠵᠤᠬᠢᠨ᠎ᠠ᠂ ᠳᠤᠷᠠᠳᠠᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠲᠠᠢ ᠬᠠᠮᠲᠤ ᠪᠠᠷ ᠨᠡᠩ ᠰᠠᠶᠢᠨ ᠰᠠᠶᠢᠬᠠᠨ ᠵᠣᠯ ᠵᠢᠷᠭᠠᠯᠲᠤ ᠳᠡᠯᠡᠬᠡᠢ ᠶᠢᠷᠲᠢᠨᠴᠦ ᠶᠢ ᠪᠠᠶᠢᠭᠤᠯᠤᠨ᠎ᠠ ᠭᠡᠵᠤ ᠢᠯᠡᠳᠭᠡᠵᠡᠭᠡᠪᠡ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠸᠠᠩ ᠬᠤ᠋ ᠨᠢᠩ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ ᠳ᠋ᠢᠩ ᠰᠢᠤᠸᠠᠢ ᠰᠢᠶᠠᠩ᠂ ᠶᠠᠩ ᠵᠢᠶᠧ ‍ᠤᠤᠢ᠂ ᠶᠠᠩ ᠰᠢᠶᠤᠤ ᠳ᠋ᠦ᠋᠂ ᠴᠧᠨ ᠰᠢ᠂ ᠬᠤᠸᠠᠩ ᠺᠦᠨ ᠮᠢᠩ᠂ ᠼᠠᠢ ᠴᠢ ᠲᠦᠷᠦᠭᠦᠴᠦᠳ ᠤᠨ ᠬᠤᠷᠠᠯ ᠳᠤ ᠣᠷᠣᠯᠴᠠᠵᠠᠢ᠃      160 ᠭᠠᠷᠤᠢ ᠤᠯᠤᠰ ᠤᠨ 500 ᠭᠠᠷᠤᠢ ᠲᠦᠷᠦ ᠶᠢᠨ ᠨᠠᠮ ᠪᠣᠯᠤᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠦᠰ᠂ ᠲᠦᠷᠦ ᠶᠢᠨ ᠨᠠᠮ ᠪᠣᠯᠤᠨ ᠡᠯ᠎ᠡ ᠡᠲᠡᠭᠡᠳ ᠤᠨ ᠲᠦᠮᠠ ᠭᠠᠷᠤᠢ ᠲᠥᠯᠥᠭᠡᠯᠡᠭᠴᠢ ᠬᠤᠷᠠᠯ ᠳᠤ ᠣᠷᠣᠯᠴᠠᠵᠠᠢ᠃ 100 ᠭᠠᠷᠤᠶ ᠤᠯᠤᠰ ᠤᠨ ᠲᠥᠷᠥ ᠶᠢᠨ ᠨᠠᠮ ᠲᠣᠰ ᠤᠯᠤᠰ ᠲᠠᠭᠠᠨ ᠨᠡᠶᠢᠲᠡ 200 ᠰᠢᠬᠠᠮ ᠬᠠᠮᠲᠤ ᠶᠢᠨ ᠬᠤᠷᠠᠯ ᠤᠨ ᠲᠠᠯᠠᠪᠠᠶ ᠲᠤᠬᠢᠷᠠᠭᠤᠯᠵᠤ᠂ ᠲᠣᠰ ᠨᠠᠮ ᠤᠨ ᠢᠶᠠᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠲᠣᠰ ᠤᠳᠠᠭᠠᠨ ᠤ ᠲᠦᠷᠦᠭᠦᠴᠦᠳ ᠤᠨ ᠬᠤᠷᠠᠯ ᠳᠤ ᠣᠷᠣᠯᠴᠠᠭᠤᠯᠪᠠ᠃ ᠱᠠᠩᠬᠠᠢ᠂ ᠱᠠᠨᠰᠢ ᠶᠢᠨ ᠶᠠᠨ ᠠᠨ᠂ ᠭᠤᠸᠠᠩᠳᠦ᠋ᠩ ᠤᠨ ᠱᠧᠨᠵᠧᠨ᠂ ᠹᠦᠵᠢᠶᠠᠨ ᠤ ᠨᠢᠩᠳᠧ᠂ ᠵᠧᠵᠢᠶᠠᠩ ᠤᠨ ᠠᠨᠵᠢ ᠵᠡᠷᠭᠡ ᠭᠠᠵᠠᠷ ᠲᠤ ᠤᠯᠤᠰ ᠤᠨ ᠳᠣᠲᠣᠭᠠᠳᠤ ᠶᠢᠨ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠵᠤ᠂ ᠣᠷᠣᠨ ᠨᠤᠲᠤᠭ ᠤᠨ ᠬᠡᠰᠡᠭ ᠨᠠᠮ ᠤᠨ ᠭᠡᠰᠢᠭᠦᠨ ᠺᠠᠳ᠋ᠷ ᠲᠦᠷᠦᠭᠦᠴᠦᠳ ᠤᠨ ᠬᠤᠷᠠᠯ ᠤᠨ ᠦᠪᠡᠳᠡᠭᠰᠢ ᠪᠠᠶᠢᠳᠠᠯ ᠢ ᠦᠵᠡᠪᠡ᠃ ᠲᠦᠷᠦᠭᠦᠴᠦᠳ ᠤᠨ ᠬᠤᠷᠠᠯ ᠠᠴᠠ ᠬᠠᠮᠲᠤ ᠶᠢᠨ ᠰᠠᠨᠠᠭᠠᠴᠢᠯᠠᠭ᠎ᠠ ᠨᠡᠶᠢᠲᠡᠯᠡᠵᠦ᠂ ᠬᠤᠷᠠᠯ ᠳᠤ ᠣᠷᠣᠯᠴᠠᠭᠰᠠᠨ ᠲᠦᠷᠦ ᠶᠢᠨ ᠨᠠᠮ ᠤᠨ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠶᠢ ᠬᠠᠮᠠᠭᠠᠯᠠᠬᠤ᠂ ᠠᠷᠠᠳ ᠲᠦᠮᠡᠨ ᠤ ᠵᠤᠯ ᠵᠢᠷᠭᠠᠯ ᠢ ᠨᠡᠮᠡᠭᠳᠡᠭᠦᠯᠬᠦ ᠬᠠᠮᠲᠤ ᠶᠢᠨ ᠬᠦᠰᠡᠯ ᠡᠷᠡᠮᠡᠯᠵᠡᠯ ᠢ ᠢᠯᠡᠳᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号