ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 13 ᠤ ᠴᠠᠬᠢᠯᠭᠠᠨ ᠮᠡᠳᠡᠭᠡ ᠤᠯᠤᠰ ᠤᠨ | ᠲᠡᠷᠢᠭᠦᠯᠡᠭᠴᠢ ᠰᠢ ᠶᠢᠨ ᠫᠢᠩ 12 ᠤᠨ ᠡᠳᠦᠷ ᠫᠣᠷᠲ᠋ᠦ᠋ᠭᠠᠯ ᠤᠨ ᠤᠤᠯ ᠤᠨ ᠶᠡᠷᠦᠩᠬᠡᠶᠢᠯᠡᠭᠴᠢ ᠰᠠᠩᠫᠠᠶᠣ᠋ ᠶᠢᠨ ᠨᠠᠰᠤ | ᠪᠠᠷᠠᠭᠰᠠᠨ ᠳᠤ ᠫᠣᠷᠲ᠋ᠦ᠋ᠭᠠᠯ ᠤᠨ ᠶᠡᠷᠦᠩᠬᠡᠶᠢᠯᠡᠭᠴᠢ ᠳ᠋ᠧᠰᠦ᠋ᠰᠠ ᠳᠤ ᠭᠠᠰᠢᠭᠤᠳᠠᠯ ᠤᠨ ᠴᠠᠬᠢᠯᠭᠠᠨ ᠴᠢᠮᠡᠭᠡ ᠶᠠᠪᠤᠭᠤᠯᠪᠠ | ᠃ | ᠰᠢ ᠶᠢᠨ ᠫᠢᠩ ᠭᠠᠰᠢᠭᠤᠳᠠᠯ ᠤᠨ ᠴᠠᠬᠢᠯᠭᠠᠨ ᠴᠢᠮᠡᠭᠡ ᠳᠡᠭᠡᠨ᠂ ᠰᠠᠩᠫᠠᠶᠣ᠋ ᠠᠪᠤᠭᠠᠢ ᠪᠣᠯ ᠫᠣᠷᠲ᠋ᠦ᠋ᠭᠠᠯ ᠤᠨ | ᠭᠠᠷᠮᠠᠭᠠᠢ ᠤᠯᠤᠰ ᠲᠦᠷᠦᠴᠢᠨ ᠪᠦᠭᠡᠳ ᠤᠳᠤᠷᠢᠳᠤᠭᠴᠢ ᠮᠥᠨ᠂ ᠳᠡᠯᠡᠬᠡᠢ ᠨᠡᠶᠢᠭᠡᠮ ᠳᠤ ᠮᠠᠰᠢ ᠥᠨᠳᠥᠷ ᠨᠡᠷ᠎ᠡ | ᠬᠦᠨᠳᠦ ᠲᠠᠢ ᠶᠤᠮ᠃ ᠲᠡᠭᠦᠨ ᠢ ᠶᠡᠷᠦᠩᠬᠡᠶᠢᠯᠡᠭᠴᠢ ᠪᠠᠶᠢᠭᠰᠠᠨ ᠬᠤᠭᠤᠴᠠᠭᠠᠨ ᠳᠤ᠂ ᠣᠣᠮᠧᠨ ᠤᠷᠤᠭᠰᠢᠲᠠᠢ ᠪᠠᠷ | ᠳᠤᠮᠳᠠᠳᠤ ᠤᠯᠤᠰ ᠲᠤ ᠪᠤᠴᠠᠨ ᠢᠷᠡᠵᠦ᠂ ᠳᠤᠮᠳᠠᠳᠤ ᠫᠣᠷᠲ᠋ᠦ᠋ᠭᠠᠯ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ | ᠬᠠᠨᠢᠲᠠᠨ ᠤ ᠬᠠᠷᠢᠯᠴᠠᠭ᠎ᠠ ᠪᠠᠶᠢᠭᠤᠯᠪᠠ᠃ ᠲᠡᠷᠡ ᠶᠡᠷᠦᠩᠬᠡᠶᠢᠯᠡᠭᠴᠢ ᠶᠢᠨ ᠲᠤᠰᠢᠶᠠᠯ ᠠᠴᠠ ᠪᠠᠨ ᠪᠠᠭᠤᠭᠰᠠᠨ ᠤ | ᠲᠠᠷᠠᠭ᠎ᠠ᠂ ᠳᠤᠮᠳᠠᠳᠤ ᠫᠣᠷᠲ᠋ᠦ᠋ᠭᠠᠯ ᠤᠨ ᠬᠠᠷᠢᠯᠴᠠᠭ᠎ᠠ ᠶᠢ ᠮᠥᠨ ᠤᠷᠳᠤ ᠬᠤᠭᠤᠴᠠᠭ᠎ᠠ ᠪᠠᠷ ᠬᠠᠯᠠᠮᠵᠢᠯᠠᠵᠤ᠂ ᠬᠤᠶᠠᠷ | ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠳᠡᠮᠵᠢᠪᠡ᠃ ᠪᠢ ᠳᠤᠮᠳᠠᠳᠤ ᠫᠣᠷᠲ᠋ᠦ᠋ᠭᠠᠯ ᠤᠨ ᠬᠠᠷᠢᠯᠴᠠᠭ᠎ᠠ ᠶᠢᠨ | ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠲᠠᠢ ᠬᠠᠮᠲᠤ ᠪᠠᠷ | ᠴᠢᠷᠮᠠᠶᠢᠵᠤ ᠬᠤᠶᠠᠷ ᠤᠯᠤᠰ ᠤᠨ ᠤᠯᠠᠮᠵᠢᠯᠠᠯᠲᠤ ᠨᠥᠬᠦᠷᠯᠡᠯ ᠢ ᠪᠠᠳᠠᠷᠠᠭᠤᠯᠵᠤ᠂ ᠡᠯ᠎ᠡ ᠬᠦᠷᠢᠶᠡᠨ ᠤ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠳᠤ | ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ | |