ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯᠤᠨ ᠬᠠᠮᠲᠤ ᠶᠢᠨ ᠠᠮᠤᠷ ᠲᠦᠪᠰᠢᠨ ᠤ ᠭᠡᠷ᠎ᠡ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠤᠳᠤᠷᠢᠳᠬᠤ ᠬᠥᠮᠦᠰ ᠤᠨ ᠠᠹᠭᠠᠨᠢᠰᠲ᠋ᠠᠨ ᠤ ᠠᠰᠠᠭᠤᠳᠠᠯ ᠤᠨ ᠬᠠᠮᠲᠤᠷᠠᠭᠰᠠᠨ ᠲᠦᠷᠦᠭᠦᠴᠦᠳ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/9/22
     9 ᠰᠠᠷ᠎ᠠ ᠶᠢᠨ 17 ᠤ ᠡᠳᠤᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠸᠢᠳᠢᠣ᠋ ᠬᠡᠯᠪᠡᠷᠢ ᠪᠠᠷ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯᠤᠨ ᠬᠠᠮᠲᠤ ᠶᠢᠨ ᠠᠮᠤᠷ ᠲᠦᠪᠰᠢᠨ ᠤ ᠭᠡᠷ᠎ᠡ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠤᠳᠤᠷᠢᠳᠬᠤ ᠬᠥᠮᠦᠰ ᠤᠨ ᠠᠹᠭᠠᠨᠢᠰᠲ᠋ᠠᠨ ᠤ ᠠᠰᠠᠭᠤᠳᠠᠯ ᠤᠨ ᠬᠠᠮᠲᠤᠷᠠᠭᠰᠠᠨ ᠲᠦᠷᠦᠭᠦᠴᠦᠳ ᠤᠨ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃      ᠰᠢᠨᠬᠤᠸᠠ ᠬᠤᠷᠢᠶᠠᠨ ᠤ ᠰᠤᠷᠪᠤᠯᠵᠢᠯᠠᠬᠴᠢ ᠬᠤᠸᠠᠩ ᠵᠢᠩ ᠸᠧᠨ ᠰᠡᠬᠦᠳᠡᠷᠯᠡᠪᠡ
     9 ᠰᠠᠷ᠎ᠠ ᠶᠢᠨ 17 ᠤ ᠡᠳᠤᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠸᠢᠳᠢᠣ᠋ ᠬᠡᠯᠪᠡᠷᠢ ᠪᠠᠷ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯᠤᠨ ᠬᠠᠮᠲᠤ ᠶᠢᠨ ᠠᠮᠤᠷ ᠲᠦᠪᠰᠢᠨ ᠤ ᠭᠡᠷ᠎ᠡ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠤᠳᠤᠷᠢᠳᠬᠤ ᠬᠥᠮᠦᠰ ᠤᠨ ᠠᠹᠭᠠᠨᠢᠰᠲ᠋ᠠᠨ ᠤ ᠠᠰᠠᠭᠤᠳᠠᠯ ᠤᠨ ᠬᠠᠮᠲᠤᠷᠠᠭᠰᠠᠨ ᠲᠦᠷᠦᠭᠦᠴᠦᠳ ᠤᠨ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃      ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢᠤ ᠪᠢᠨ ᠰᠡᠬᠦᠳᠡᠷᠯᠡᠪᠡ      ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 17 ᠤ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 17 ᠤ ᠦᠳᠡ ᠶᠢᠨ ᠬᠤᠶᠢᠨ᠎ᠠ ᠪᠡᠭᠡᠵᠢᠩ ᠳᠤ ᠸᠢᠳᠢᠣ᠋ ᠬᠡᠯᠪᠡᠷᠢ ᠪᠠᠷ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯᠤᠨ ᠬᠠᠮᠲᠤ ᠶᠢᠨ ᠠᠮᠤᠷ ᠲᠦᠪᠰᠢᠨ ᠤ ᠭᠡᠷ᠎ᠡ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠤᠳᠤᠷᠢᠳᠬᠤ ᠬᠥᠮᠦᠰ ᠤᠨ ᠠᠹᠭᠠᠨᠢᠰᠲ᠋ᠠᠨ ᠤ ᠠᠰᠠᠭᠤᠳᠠᠯ ᠤᠨ ᠬᠠᠮᠲᠤᠷᠠᠭᠰᠠᠨ ᠲᠦᠷᠦᠭᠦᠴᠦᠳ ᠤᠨ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃      ᠰᠢ ᠶᠢᠨ ᠫᠢᠩ᠂ ᠤ‍‌ᠵᠢᠷ᠎ᠠ ᠶᠢᠨ ᠬᠤᠭᠤᠴᠠᠭᠠᠨ ᠳᠤ ᠠᠹᠭᠠᠨᠢᠰᠲ᠋ᠠᠨ ᠤ ᠪᠠᠶᠢᠳᠠᠯ ᠳᠤ ᠦᠨᠳᠦᠰᠦᠨ ᠴᠢᠨᠠᠷᠲᠠᠢ ᠬᠤᠪᠢᠷᠠᠯᠲᠠ ᠭᠠᠷᠴᠤ᠂ ᠳᠡᠯᠡᠬᠡᠢ ᠶᠢᠨ ᠪᠠᠶᠢᠳᠠᠯ᠂ ᠭᠠᠵᠠᠷ ᠣᠷᠣᠨ ᠤ ᠪᠠᠶᠢᠷᠢᠰᠢᠯ ᠪᠣᠯᠤᠨ ᠠᠮᠤᠷ ᠲᠦᠪᠰᠢᠨ ᠲᠣᠭᠲᠠᠭᠤᠨ ᠳᠤ ᠴᠢᠬᠤᠯᠠ ᠨᠥᠯᠥᠭᠡ ᠦᠵᠡᠭᠦᠯᠵᠦ ᠪᠠᠶᠢᠨ᠎ᠠ᠃ ᠣᠳᠣᠬᠠᠨ ᠳᠤ᠂ ᠠᠹᠭᠠᠨᠢᠰᠲ᠋ᠠᠨ ᠳᠤ ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ᠂ ᠬᠡᠪ ᠤᠨ ᠡᠮᠬᠢ ᠳᠢᠭᠯᠢᠮ ᠢ ᠲᠠᠷᠤᠢ ᠲᠥᠷᠭᠡᠨ ᠰᠡᠷᠭᠦᠭᠡᠵᠦ᠂ ᠳᠦᠯᠬᠡᠨ ᠰᠢᠯᠵᠢᠯᠳᠡ ᠶᠢ ᠪᠡᠶᠡᠯᠡᠬᠦᠯᠬᠦ ᠪᠣᠯ ᠠᠹᠭᠠᠨᠢᠰᠲ᠋ᠠᠨ ᠤ ᠪᠦᠬᠦ ᠠᠷᠠᠳ ᠲᠦᠮᠡᠨ ᠤ ᠪᠠᠴᠢᠮ ᠴᠢᠬᠤᠯᠠ ᠶᠠᠪᠤᠳᠠᠯ ᠮᠥᠨ᠂ ᠳᠡᠯᠡᠬᠡᠢ ᠨᠡᠶᠢᠭᠡᠮ ᠪᠠ ᠭᠠᠵᠠᠷ ᠣᠷᠣᠨ ᠤ ᠤᠯᠤᠰ ᠤᠳ ᠴᠤ ᠡᠭᠦᠨ ᠢ ᠨᠢᠭᠲᠠ ᠠᠩᠬᠠᠷᠬᠤ ᠬᠡᠷᠡᠭᠲᠡᠢ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠠ ᠬᠠᠮᠲᠤ ᠶᠢᠨ ᠠᠮᠤᠷ ᠲᠦᠪᠰᠢᠨ ᠤ ᠭᠡᠷ᠎ᠡ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠪᠣᠯ ᠴᠥᠮ ᠠᠹᠭᠠᠨᠢᠰᠲ᠋ᠠᠨ ᠤ ᠬᠥᠷᠰᠢ ᠤᠯᠤᠰ ᠮᠥᠨ᠂ ᠤᠯᠠᠨ ᠢᠶᠠᠷ ᠢᠶᠠᠨ ᠬᠤᠪᠢ ᠵᠠᠶᠠᠭᠠᠨ ᠤ ᠬᠠᠮᠲᠤ ᠴᠣᠭᠴᠠ ᠮᠥᠨ᠂ ᠪᠠᠰᠠ ᠴᠤ ᠠᠮᠤᠷ ᠲᠦᠪᠰᠢᠨ ᠤ ᠬᠠᠮᠲᠤ ᠴᠣᠭᠴᠠ ᠮᠥᠨ᠃ ᠵᠠᠩᠭᠢᠯᠠᠭ᠎ᠠ ᠶᠢᠨ ᠦᠶ᠎ᠡ ᠳᠤ ᠦᠢᠯᠡᠳᠦᠯ ᠢᠶᠠᠨ ᠬᠠᠮᠲᠤ ᠪᠠᠷ ᠪᠠᠳᠠᠷᠠᠭᠤᠯᠵᠤ᠂ ᠠᠯᠲᠠ ᠠᠴᠠ ᠴᠤ ᠡᠷᠬᠢᠮ ᠨᠠᠨᠳᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠬᠤ ᠬᠡᠷᠡᠭᠲᠡᠢ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠨᠢᠭᠡ ᠤᠯᠤᠰ ᠤᠨ ᠤᠴᠢᠷ ᠶᠠᠪᠤᠳᠠᠯ ᠢ ᠲᠤᠰ ᠤᠯᠤᠰ ᠤᠨ ᠠᠷᠠᠳ ᠲᠦᠮᠡᠨ ᠡᠵᠡᠨ ᠮᠡᠳᠡᠵᠥ ᠂ ᠤᠯᠠᠨ ᠤᠯᠤᠰ ᠤᠨ ᠤᠴᠢᠷ ᠶᠠᠪᠤᠳᠠᠯ ᠢ ᠤᠯᠠᠨ ᠢᠶᠠᠷ ᠢᠶᠠᠨ ᠵᠥᠪᠳᠡᠯᠴᠡᠨ ᠰᠢᠢᠳᠪᠦᠷᠢᠯᠡᠨ᠎ᠡ᠃ ᠪᠢᠳᠡ ᠠᠹᠭᠠᠨᠢᠰᠲ᠋ᠠᠨ ᠤ ᠡᠷᠬᠡ ᠮᠡᠳᠡᠯ᠂ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠦᠨᠳᠦᠳᠬᠡᠬᠦ ᠤᠷᠢᠲᠠᠯ ᠳᠣᠣᠷ᠎ᠠ᠂ ︽ᠠᠹᠭᠠᠨᠢᠰᠲ᠋ᠠᠨᠴᠤᠳ ᠭᠤᠣᠯᠯᠠᠨ ᠤᠳᠤᠷᠢᠳᠴᠤ᠂ ᠠᠹᠭᠠᠨᠢᠰᠲ᠋ᠠᠨᠴᠤᠳ ᠡᠵᠡᠨ ᠮᠡᠳᠡᠬᠦ︾ ᠦᠨᠳᠦᠰᠦᠨ ᠵᠠᠷᠴᠢᠮ ᠢ ᠬᠠᠮᠵᠢᠨ ᠲᠤᠭᠤᠰᠢᠯᠠᠭᠤᠯᠵᠤ᠂ ᠠᠹᠭᠠᠨᠢᠰᠲ᠋ᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠤᠯᠤᠰ ᠣᠷᠣᠨ ᠤ ᠢᠷᠡᠭᠡᠳᠦᠢ ᠬᠤᠪᠢ ᠵᠠᠶᠠᠭ᠎ᠠ ᠶᠢ ᠨᠢ ᠡᠵᠡᠨ ᠮᠡᠳᠡᠨ ᠡᠵᠡᠮᠰᠢᠭᠦᠯᠬᠦ ᠬᠡᠷᠡᠭᠲᠡᠢ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯᠤᠨ ᠬᠠᠮᠲᠤ ᠶᠢᠨ ᠠᠮᠤᠷ ᠲᠦᠪᠰᠢᠨ ᠤ ᠭᠡᠷ᠎ᠡ ᠶᠢᠨ ᠵᠣᠬᠢᠶᠠᠨ ᠪᠠᠶᠢᠭᠤᠯᠤᠯᠲᠠ ᠨᠢ ᠬᠤᠶᠠᠷ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠨ ᠥᠪᠡᠷᠮᠢᠴᠡ ᠳᠠᠪᠠᠭᠤᠯᠢᠭ ᠪᠣᠯᠤᠨ ᠲᠤᠰ ᠲᠤᠰ ᠤᠨ ᠢᠶᠠᠨ ᠨᠥᠯᠥᠭᠡ ᠶᠢ ᠰᠠᠶᠢᠲᠤᠷ ᠪᠠᠳᠠᠷᠠᠭᠤᠯᠵᠤ᠂ ᠠᠹᠭᠠᠨᠢᠰᠲ᠋ᠠᠨ ᠤ ᠠᠰᠠᠭᠤᠳᠠᠯ ᠢ ᠤᠯᠤᠰ ᠲᠦᠷᠦ ᠶᠢᠨ ᠠᠷᠭ᠎ᠠ ᠪᠠᠷ ᠰᠢᠢᠳᠪᠦᠷᠢᠯᠡᠬᠦ ᠶᠡᠭᠡ ᠴᠢᠭᠯᠡᠯ ᠢ ᠪᠠᠷᠢᠮᠲᠠᠯᠠᠵᠤ᠂ ᠠᠹᠭᠠᠨᠢᠰᠲ᠋ᠠᠨ ᠤ ᠰᠠᠮᠠᠭᠤᠷᠠᠯ ᠢ ᠵᠣᠭᠰᠣᠭᠠᠵᠤ ᠲᠤᠬᠳᠠᠭᠤᠨ ᠪᠤᠯᠬᠤ ᠪᠠ ᠡᠩᠬᠡ ᠲᠠᠶᠢᠪᠤᠩ ᠢᠶᠠᠷ ᠲᠠᠬᠢᠨ ᠪᠠᠶᠢᠭᠤᠯᠬᠤ ᠵᠠᠮ ᠢᠶᠠᠷ ᠵᠠᠮᠨᠠᠬᠤ ᠶᠢ ᠠᠬᠢᠭᠤᠯᠵᠤ᠂ ᠡᠴᠦᠰ ᠲᠡᠭᠡᠨ ᠲᠤᠰ ᠭᠠᠵᠠᠷ ᠣᠷᠣᠨ ᠤ ᠨᠡᠶᠢᠳᠡᠮ ᠤᠨ ᠠᠮᠤᠷ ᠲᠦᠪᠰᠢᠨ᠂ ᠬᠠᠮᠲᠤ ᠶᠢᠨ ᠠᠮᠤᠷ ᠲᠦᠪᠰᠢᠨ᠂ ᠬᠠᠮᠲᠤᠷᠠᠯᠴᠠᠭᠠᠨ ᠤ ᠠᠮᠤᠷ ᠲᠦᠪᠰᠢᠨ᠂ ᠥᠨᠢ ᠤᠳᠠᠭᠠᠨ ᠤ ᠠᠮᠤᠷ ᠲᠦᠪᠰᠢᠨ ᠢ ᠪᠡᠶᠡᠯᠡᠭᠦᠯᠦᠶ᠎ᠡ ᠬᠡᠵᠥ ᠴᠢᠬᠤᠯᠠᠴᠢᠯᠠᠪᠠ᠃      ᠰᠢ ᠶᠢᠨ ᠫᠢᠩ 3 ᠲᠠᠯ᠎ᠠ ᠶᠢᠨ ᠰᠠᠨᠠᠯ ᠰᠠᠨᠠᠭᠤᠯᠭ᠎ᠠ ᠳᠤᠷᠠᠳᠪᠠ᠃      ᠨᠢᠭᠡᠳᠦᠭᠡᠷ ᠲᠤ᠂ ᠠᠹᠭᠠᠨᠢᠰᠲ᠋ᠠᠨ ᠤ ᠪᠠᠶᠢᠳᠠᠯ ᠤᠨ ᠠᠯᠢ ᠲᠦᠷᠭᠡᠨ ᠢᠶᠠᠷ ᠲᠣᠭᠲᠠᠭᠤᠨ ᠢᠶᠠᠷ ᠰᠢᠯᠵᠢᠬᠦ ᠶᠢ ᠠᠬᠢᠭᠤᠯᠤᠨ᠎ᠠ᠃ ᠠᠹᠭᠠᠨᠢᠰᠲ᠋ᠠᠨ ᠤ ᠤᠯᠤᠰ ᠤᠨ ᠳᠣᠲᠣᠭᠠᠳᠤ ᠶᠢᠨ ᠡᠯ᠎ᠡ ᠲᠠᠯ᠎ᠠ ᠶᠢᠨ ᠬᠢᠨ ᠤ ᠶᠠᠷᠢᠯᠴᠠᠭ᠎ᠠ ᠵᠥᠪᠳᠡᠯᠴᠡᠭᠡ ᠬᠢᠬᠦ ᠪᠠᠷ ᠳᠠᠮᠵᠢᠭᠤᠯᠤᠨ ᠡᠷᠲᠡᠬᠡᠨ ᠪᠠᠭᠲᠠᠭᠠᠮᠵᠢᠲᠤ ᠴᠢᠨᠠᠷᠲᠠᠢ ᠤᠯᠤᠰ ᠲᠦᠷᠦ ᠶᠢᠨ ᠲᠤᠬᠢᠷᠠᠭᠤᠯᠤᠯᠲᠠ ᠲᠣᠭᠲᠠᠭᠠᠬᠤ ᠶᠢ ᠳᠡᠮᠵᠢᠨ᠎ᠠ᠃ ᠠᠹᠭᠠᠨᠢᠰᠲ᠋ᠠᠨ ᠤ ᠬᠢᠯᠢ ᠶᠢᠨ ᠳᠣᠲᠣᠷᠠᠬᠢ ᠰᠦᠷᠳᠡᠭᠦᠯᠦᠯ ᠤᠨ ᠵᠣᠬᠢᠶᠠᠨ ᠪᠠᠶᠢᠭᠤᠯᠤᠯᠲᠠ ᠶᠢᠨ ᠬᠠᠨᠳᠤᠰᠢ ᠶᠢ ᠦᠷᠭᠦᠯᠵᠢᠯᠡᠨ ᠠᠩᠬᠠᠷᠴᠤ᠂ ᠠᠹᠭᠠᠨᠢᠰᠲ᠋ᠠᠨ ᠤ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠱᠠᠯᠠᠪᠳᠠᠭᠤᠯᠵᠥ ᠪᠠᠶᠢᠭᠠᠳ ᠡᠷᠡᠰ ᠴᠣᠬᠢᠯᠲᠠ ᠥᠭᠴᠦ᠂ ᠦᠡᠭᠭᠡᠨ ᠲᠠᠯ᠎ᠠ ᠪᠠ ᠦᠨᠳᠦᠰᠦ ᠠᠴᠠ ᠨᠢ ᠵᠡᠷᠭᠡ ᠪᠠᠷ ᠵᠠᠰᠠᠬᠤ ᠠᠷᠭ᠎ᠠ ᠪᠠᠷ ᠲᠦᠢᠯᠪᠤᠷᠢᠲᠠᠢ ᠠᠷᠢᠯᠭᠠᠵᠤ᠂ ᠠᠹᠭᠠᠨᠢᠰᠲ᠋ᠠᠨ ᠳᠤ ᠪᠠᠶᠢᠭ᠎ᠠ ᠰᠦᠷᠳᠡᠭᠦᠯᠦᠯ ᠤᠨ ᠬᠦᠴᠦᠨ ᠤ ᠤᠯᠠᠨ ᠢ ᠲᠦᠢᠪᠡᠭᠡᠬᠦ ᠶᠢ ᠰᠡᠷᠭᠡᠶᠢᠯᠡᠬᠦ ᠬᠡᠷᠡᠭᠲᠡᠢ᠃      ᠬᠤᠶᠠᠳᠤᠭᠠᠷ ᠲᠤ᠂ ᠠᠹᠭᠠᠨᠢᠰᠲ᠋ᠠᠨ ᠲᠠᠢ ᠶᠠᠪᠤᠯᠴᠠᠭ᠎ᠠ ᠶᠠᠷᠢᠯᠴᠠᠭ᠎ᠠ ᠥᠷᠨᠢᠭᠦᠯᠦᠨ᠎ᠡ᠃ ᠣᠶᠤᠨᠴᠢ ᠪᠣᠳᠠᠲᠠᠢ ᠶᠢ ᠡᠷᠬᠢᠮᠯᠡᠬᠦ ᠡᠭᠦᠳᠡᠨ ᠠᠴᠠ ᠡᠭᠦᠰᠴᠦ᠂ ᠠᠹᠭᠠᠨᠢᠰᠲ᠋ᠠᠨ ᠤ ᠡᠯ᠎ᠡ ᠲᠠᠯ᠎ᠠ ᠶᠢᠨ ᠬᠢᠨ ᠲᠠᠢ ᠬᠤᠷᠰᠢᠯᠴᠠᠭ᠎ᠠ ᠥᠷᠨᠢᠬᠦᠯᠵᠥ᠂ ᠠᠹᠭᠠᠨᠢᠰᠲ᠋ᠠᠨ ᠤ ᠰᠢᠨ᠎ᠡ ᠵᠠᠰᠠᠭ ᠤᠨ ᠡᠷᠬᠡ ᠶᠢᠨ ᠪᠦᠷᠢᠯᠳᠦᠴᠡ ᠨᠡᠩ ᠨᠡᠭᠡᠭᠡᠯᠲᠡᠲᠡᠢ ᠪᠠᠭᠲᠠᠭᠠᠮᠵᠢᠲᠠᠢ ᠪᠣᠯᠬᠤ ᠶᠢ ᠠᠬᠢᠭᠤᠯᠤᠨ᠂ ᠡᠶᠡᠯᠳᠡᠭ ᠲᠣᠭᠲᠠᠭᠤᠨ ᠳᠣᠲᠣᠭᠠᠳᠤ ᠭᠠᠳᠠᠭᠠᠳᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠳᠡᠯᠡᠬᠡᠢ ᠶᠢᠨ ᠡᠯ᠎ᠡ ᠤᠯᠤᠰ ᠢᠯᠠᠩᠭᠤᠶ᠎ᠠ ᠡᠷᠬᠢᠨ ᠲᠣᠭᠤᠷᠢᠨ ᠤ ᠬᠥᠷᠰᠢ ᠤᠯᠤᠰ ᠯᠤᠭ᠎ᠠ ᠨᠥᠬᠦᠷᠰᠡᠭ ᠢᠶᠠᠷ ᠶᠠᠪᠤᠯᠴᠠᠬᠤ ᠶᠢ ᠬᠦᠳᠦᠯᠦᠨ ᠵᠢᠯᠤᠭᠤᠳᠤᠨ᠎ᠠ᠃      ᠭᠤᠷᠪᠠᠳᠤᠭᠠᠷ ᠲᠤ᠂ ᠠᠹᠭᠠᠨᠢᠰᠲ᠋ᠠᠨ ᠤ ᠠᠷᠠᠳ ᠲᠦᠮᠡᠨ ᠢ ᠬᠠᠪᠰᠤᠷᠤᠨ ᠬᠦᠴᠢᠷ ᠢ ᠲᠤᠭᠤᠯᠤᠨ᠎ᠠ᠃ ᠠᠹᠭᠠᠨᠢᠰᠲ᠋ᠠᠨ ᠳᠤ ᠴᠠᠭ ᠲᠤᠬᠠᠢ ᠳᠤᠨᠢ ᠬᠥᠮᠦᠯᠢᠭ ᠦᠵᠡᠯ ᠪᠠ ᠬᠢᠵᠢᠭ ᠲᠠᠢ ᠲᠡᠮᠡᠴᠡᠬᠦ ᠳᠡᠮᠵᠢᠯᠭᠡ ᠬᠠᠩᠭᠠᠵᠤ᠂ ᠠᠹᠭᠠᠨᠢᠰᠲ᠋ᠠᠨ ᠤ ᠠᠷᠠᠳ ᠲᠦᠮᠡᠨ ᠤ ᠬᠦᠴᠢᠷ ᠵᠣᠪᠠᠭᠤᠷᠢ ᠶᠢ ᠬᠠᠪᠰᠤᠷᠤᠨ ᠰᠢᠢᠳᠪᠦᠷᠢᠯᠡᠵᠦ ᠥᠭᠬᠦᠨ᠎ᠠ᠃ ᠳᠤᠮᠳᠠᠳᠤ ᠶᠢᠨ ᠲᠠᠯ᠎ᠠ ᠨᠢᠭᠡᠨᠲᠡ ᠨᠢᠭᠡ ᠪᠦᠯᠦᠭ ᠪᠠᠴᠢᠮ ᠲᠤᠰᠠᠯᠠᠮᠵᠢ ᠶᠢᠨ ᠡᠳ᠋ ᠪᠣᠳᠠᠰ ᠢ ᠲᠦᠷᠭᠡᠨ ᠵᠥᠭᠡᠭᠡᠪᠦᠷᠢᠯᠡᠨ ᠬᠦᠷᠬᠡᠬᠦ ᠪᠠᠷ ᠨᠡᠶᠢᠲᠡᠯᠡᠭᠰᠡᠨ ᠪᠥᠭᠡᠳ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠨᠡᠩ ᠤᠯᠠᠨ ᠬᠠᠪᠰᠤᠷᠤᠯᠭ᠎ᠠ ᠬᠠᠩᠭᠠᠨ᠎ᠠ᠃ ᠠᠹᠭᠠᠨᠢᠰᠲ᠋ᠠᠨ ᠤ ᠬᠦᠴᠢᠷᠳᠡᠯᠲᠡᠢ ᠪᠠᠶᠢᠳᠠᠯ ᠢ ᠡᠬᠢᠯᠡᠭᠦᠯᠦᠭᠰᠡᠨ ᠡᠳᠡᠬᠡᠳ ᠪᠣᠯᠤᠭᠰᠠᠨ ᠤ ᠬᠤᠪᠢ ᠳᠤ᠂ ᠵᠠᠷᠢᠮ ᠤᠯᠤᠰ ᠨᠡᠩ ᠴᠤ ᠥᠩᠭᠡᠷᠡᠭᠰᠡᠨ ᠤ ᠰᠤᠷᠭᠠᠮᠵᠢ ᠪᠠᠨ ᠠᠪᠴᠤ᠂ ᠠᠹᠭᠠᠨᠢᠰᠲ᠋ᠠᠨ ᠤ ᠢᠷᠡᠭᠡᠳᠦᠢ ᠶᠢᠨ ᠬᠥᠭᠵᠢᠯᠲᠡ ᠳᠤ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠡᠭᠦᠷᠭᠡᠯᠡᠪᠡᠯ ᠵᠣᠬᠢᠨ᠎ᠠ ᠬᠡᠪᠡ᠃      ᠰᠢ ᠶᠢᠨ ᠫᠢᠩ ᠬᠠᠮᠤᠭ ᠤᠨ ᠰᠡᠭᠦᠯ ᠳᠤ᠂ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠨᠡᠪᠳᠡᠷᠡᠯᠴᠡᠭᠡ ᠵᠣᠬᠢᠴᠠᠭᠤᠯᠭ᠎ᠠ᠂ ᠭᠠᠷ ᠬᠤᠯᠪᠣᠨ ᠴᠢᠷᠮᠠᠶᠢᠬᠤ ᠪᠠᠨ ᠴᠢᠩᠭᠠᠳᠬᠠᠵᠤ᠂ ᠠᠹᠭᠠᠨᠢᠰᠲ᠋ᠠᠨ ᠤ ᠠᠷᠠᠳ ᠲᠦᠮᠡᠨ ᠤ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠬᠤ ᠶᠢ ᠳᠡᠮᠵᠢᠵᠦ᠂ ᠲᠤᠰ ᠭᠠᠵᠠᠷ ᠣᠷᠣᠨ ᠤ ᠥᠨᠢ ᠤᠳᠠᠭᠠᠨ ᠤ ᠡᠩᠬᠡ ᠲᠠᠶᠢᠪᠤᠩ ᠪᠠ ᠠᠮᠤᠷ ᠲᠣᠭᠲᠠᠭᠤᠨ ᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃      ᠲᠠᠵᠢᠺᠰᠲ᠋ᠠᠨ ᠤ ᠶᠡᠷᠦᠩᠬᠡᠶᠢᠯᠡᠭᠴᠢ ᠯᠠᡁᠧᠮᠧᠩ ᠲᠦᠷᠦᠭᠦᠴᠦᠳ ᠤᠨ ᠬᠤᠷᠠᠯ ᠢ ᠡᠷᠬᠢᠯᠡᠵᠦ᠂ ᠺᠠᠽᠠᠭᠰᠲ᠋ᠠᠨ ᠤ ᠶᠡᠷᠦᠩᠬᠡᠶᠢᠯᠡᠭᠴᠢ ᠲᠦᠸᠧᠺᠠᠶᠢᠸ᠋ᠹ᠂ ᠺᠢᠷᠬᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ ᠫᠠᠺᠢᠰᠲ᠋ᠠᠨ ᠤ ᠶᠡᠷᠦᠩᠬᠡᠢ ᠰᠠᠶᠢᠳ ᠢᠮᠦ᠋ᠯᠠᠨ · ᠬᠠᠨ᠂ ᠦᠽᠪᠧᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠢᠸ᠋ᠹ᠂ ᠠᠷᠮᠧᠨᠢᠶ᠎ᠠ ᠶᠢᠨ ᠶᠡᠷᠦᠩᠬᠡᠢ ᠰᠠᠶᠢᠳ ᠫᠠᠱᠨᠢᠶᠠᠩ᠂ ᠪᠧᠯᠤᠷᠦᠶᠢᠰᠢᠶ᠎ᠡ ᠶᠢᠨ ᠶᠡᠷᠦᠩᠬᠡᠶᠢᠯᠡᠭᠴᠢ ᠯᠦᠺᠠᠱᠧᠨᠺᠧ᠂ ᠢᠷᠠᠨ ᠤ ᠶᠡᠷᠦᠩᠬᠡᠶᠢᠯᠡᠭᠴᠢ ᠯᠠᠶᠢᠰᠢ ᠬᠤᠷᠠᠯ ᠳᠤ ᠣᠷᠣᠯᠴᠠᠪᠠ᠃ ᠤᠷᠤᠰ ᠤᠨ ᠶᠡᠷᠦᠩᠬᠡᠶᠢᠯᠡᠭᠴᠢ ᠫᠦᠲ᠋ᠢᠨ᠂ ᠡᠨᠡᠳᠬᠡᠭ ᠤᠨ ᠶᠡᠷᠦᠩᠬᠡᠢ ᠰᠠᠶᠢᠳ ᠮᠦᠸᠧᠳᠢ ᠸᠢᠳᠢᠣ᠋ ᠬᠡᠯᠪᠡᠷᠢ ᠪᠠᠷ ᠲᠦᠷᠦᠭᠦᠴᠦᠳ ᠤᠨ ᠬᠤᠷᠠᠯ ᠳᠤ ᠣᠷᠣᠯᠴᠠᠪᠠ᠃      ᠳ᠋ᠢᠩ ᠰᠢᠤᠸᠠᠢ ᠰᠢᠶᠠᠩ᠂ ᠶᠠᠩ ᠵᠢᠶᠧ ‍ᠤᠤᠢ᠂ ᠾᠧ ᠯᠢ ᠹᠧᠩ ᠨᠠᠷ ᠲᠦᠷᠦᠭᠦᠴᠦᠳ ᠤᠨ ᠬᠤᠷᠠᠯ ᠳᠤ ᠣᠷᠣᠯᠴᠠᠪᠠ᠃      ᠲᠡᠷᠢᠭᠦᠯᠡᠭᠴᠢ ᠰᠢ ᠶᠢᠨ ᠫᠢᠩ ᠤᠨ ᠣᠨᠴᠠ ᠲᠥᠯᠥᠭᠡᠯᠡᠭᠴᠢ ᠶᠢᠨ ᠬᠤᠪᠢ ᠪᠠᠷ ᠸᠠᠩ ᠢ ᠳᠠᠵᠢᠺᠰᠲ᠋ᠠᠨ ᠤ ᠲᠤᠬᠠᠢ ᠶᠢᠨ ᠲᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号