| 9 ᠰᠠᠷ᠎ᠠ ᠶᠢᠨ 15 ᠤ ᠤᠷᠤᠢ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠱᠠᠨᠰᠢ | ᠮᠤᠵᠢ ᠶᠢᠨ ᠰᠢ ᠠᠨ ᠬᠤᠳᠠ ᠳᠤ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠷᠪᠠᠨ ᠳᠦᠷᠪᠡᠳᠦᠭᠡᠷ | ᠬᠤᠭᠤᠴᠠᠭᠠᠨ ᠤ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠤᠰᠤᠯᠠᠯ ᠳᠤ ᠤᠷᠤᠯᠴᠠᠵᠤ ᠲᠠᠮᠢᠷ ᠤᠨ ᠴᠤᠭᠯᠠᠭᠠᠨ | ᠡᠬᠢᠯᠡᠭᠰᠡᠨ ᠢ ᠵᠠᠷᠯᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ᠤᠤᠢ ᠰᠡᠬᠦᠳᠡᠷᠯᠡᠪᠡ | | 9 ᠰᠠᠷ᠎ᠠ ᠶᠢᠨ 15 ᠤ ᠡᠳᠦᠷ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠱᠠᠨᠰᠢ | ᠮᠤᠵᠢ ᠶᠢᠨ ᠰᠢ ᠠᠨ ᠬᠤᠳᠠ ᠳᠤ ᠪᠥᠬᠦ ᠤᠯᠤᠰ ᠤᠨ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠲᠡᠷᠢᠭᠦᠨ ᠤ ᠨᠢᠭᠡᠴᠢ | ᠂ ᠲᠡᠷᠢᠭᠦᠨ ᠤ ᠬᠤᠪᠢ ᠬᠥᠮᠦᠨ ᠤ ᠲᠥᠯᠥᠭᠡᠯᠡᠭᠴᠢ ᠪᠣᠯᠤᠨ ᠪᠥᠬᠦ ᠤᠯᠤᠰ ᠤᠨ ᠪᠡᠶ᠎ᠡ ᠶᠢᠨ ᠲᠠᠮᠢᠷ ᠤᠨ ᠰᠢᠰᠲ᠋ᠧᠮ ᠤᠨ | ᠲᠡᠷᠢᠭᠦᠨ ᠤ ᠬᠠᠮᠲᠤ᠂ ᠲᠡᠷᠢᠭᠦᠨ ᠤ ᠠᠵᠢᠯᠲᠠᠨ ᠤ ᠲᠥᠯᠥᠭᠡᠯᠡᠭᠴᠢ᠂ ᠲᠣᠣᠺᠢᠣ᠋ ᠶᠢᠨ ᠣᠯᠢᠮᠫᠢᠺ ᠤᠨ ᠲᠠᠮᠢᠷ ᠤᠨ | ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠤᠨ ᠲᠠᠮᠢᠷᠴᠢᠨ | ᠪᠣᠯᠤᠨ ᠳᠠᠰᠬᠠᠯᠵᠢᠭᠤᠯᠤᠭᠴᠢ ᠶᠢᠨ ᠲᠥᠯᠥᠭᠡᠯᠡᠭᠴᠢ ᠲᠠᠢ ᠳᠣᠲᠣᠨᠣ ᠪᠠᠷ ᠠᠭᠤᠯᠵᠠᠭᠰᠠᠨ ᠪᠥᠭᠡᠳ ᠣᠯᠠᠨ ᠲᠠᠢ | ᠬᠠᠮᠲᠤ ᠶᠢᠨ ᠬᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ | ᠰᠢᠨᠬᠤᠸᠠ ᠬᠤᠷᠢᠶᠠᠨ ᠤ ᠰᠢ ᠠᠨ ᠤ 9 ᠰᠠᠷ᠎ᠠ ᠶᠢᠨ 15 ᠤ ᠴᠠᠬᠢᠯᠭᠠᠨ ᠮᠡᠳᠡᠭᠡ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠲᠠᠮᠢᠷ ᠤᠨ ᠴᠤᠭᠯᠠᠭᠠᠨ 15 ᠤ ᠣᠷᠣᠶ | ᠱᠠᠨᠰᠢ ᠮᠤᠵᠢ ᠶᠢᠨ ᠰᠢ ᠠᠨ ᠬᠤᠳᠠ ᠳᠤ ᠦᠪᠡᠳᠡᠭᠰᠢ ᠶᠡᠭᠡ ᠪᠠᠷ ᠡᠬᠢᠯᠡᠪᠡ᠃ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠲᠠᠮᠢᠷ ᠤᠨ ᠴᠤᠭᠯᠠᠭᠠᠨ ᠡᠬᠢᠯᠡᠭᠰᠡᠨ ᠢ | ᠵᠠᠷᠯᠠᠪᠠ᠃ | 15 ᠤ ᠣᠷᠣᠶ ᠰᠢ ᠠᠨ ᠤ ᠣᠯᠢᠮᠫᠢᠺ ᠤᠨ ᠪᠡᠶ᠎ᠡ ᠶᠢᠨ ᠲᠠᠮᠢᠷ ᠤᠨ ᠲᠥᠪ ᠤᠨ ᠪᠡᠶ᠎ᠡ ᠶᠢᠨ ᠲᠠᠮᠢᠷ ᠤᠨ | ᠲᠠᠯᠠᠪᠠᠶ ᠳᠤ ᠥᠩᠭᠡᠲᠦ ᠳ᠋ᠧᠩ ᠳᠤᠸᠠᠯᠠᠵᠤ᠂ ᠬᠥᠭᠵᠢᠶᠡᠨ ᠨᠡᠷᠬᠢᠶᠡᠨ ᠢᠶᠠᠷ ᠪᠢᠯᠬᠠᠨ᠎ᠠ᠃ | 19 ᠴᠠᠭ 58 ᠮᠢᠨᠦ᠋ᠲ ᠲᠤ᠂ ᠪᠠᠶᠠᠷ ᠪᠠᠶᠠᠰᠬᠤᠯᠠᠩᠲᠤ ᠬᠥᠭᠵᠢᠮ ᠤᠨ ᠠᠶᠠᠰ ᠳᠤᠮᠳᠠ᠂ ᠰᠢ ᠶᠢᠨ ᠫᠢᠩ | ᠬᠠᠳᠤᠨ ᠫᠧᠩ ᠯᠢ ᠶᠤᠸᠠᠨ ᠲᠠᠢ ᠪᠠᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠳᠠᠵᠦ᠂ ᠦᠵᠡᠭᠴᠢᠳ ᠤᠨ ᠵᠦᠭ ᠭᠠᠷ | ᠳᠠᠯᠠᠯᠤᠨ ᠮᠡᠨᠳᠦᠴᠢᠯᠡᠪᠡ᠃ ᠲᠠᠯᠠᠪᠠᠢ ᠳᠠᠶᠠᠭᠠᠷ ᠤᠳᠠᠲᠠᠯ᠎ᠠ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ | 20 ᠴᠠᠭ ᠲᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ | ᠡᠬᠢᠯᠡᠯᠲᠡ ᠶᠢᠨ ᠶᠣᠰᠣᠯᠠᠯ ᠵᠢᠩᠬᠢᠨᠢ ᠪᠠᠷ ᠡᠬᠢᠯᠡᠪᠡ᠃ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠰᠦᠷ | ᠵᠢᠪᠬᠤᠭᠠᠲᠤ ᠠᠶᠠᠰ ᠤᠨ ᠳᠤᠮᠳᠠ᠂ ᠶᠣᠰᠣᠯᠠᠯ ᠤᠨ ᠠᠩᠬᠢ ᠶᠢᠨ ᠭᠡᠰᠢᠭᠦᠳ ᠲᠠᠪᠤᠨ ᠣᠳᠣᠲᠤ ᠤᠯᠠᠭᠠᠨ ᠲᠤᠭ ᠢ | ᠬᠦᠷᠢᠶᠡᠯᠡᠨ ᠢᠳᠡᠷᠡᠭᠦᠨ ᠠᠯᠬᠤᠭ᠎ᠠ ᠪᠠᠷ ᠲᠠᠮᠢᠷ ᠤᠨ ᠲᠠᠯᠠᠪᠠᠢ ᠳᠤ ᠠᠯᠬᠤᠨ ᠣᠷᠣᠪᠠ᠃ ᠲᠤᠬᠠᠢ ᠶᠢᠨ ᠲᠠᠯᠠᠪᠠᠢ ᠳᠤ ︽ | ᠲᠠᠮᠢᠷᠴᠢᠳ ᠤᠨ ᠤᠷᠤᠭᠰᠢᠯᠠᠯᠲᠠ ᠶᠢᠨ ᠲᠠᠭᠤᠤ︾ ᠶᠢ ᠢᠳᠡ ᠬᠦᠴᠦᠲᠡᠢ ᠬᠥᠭᠵᠢᠮᠳᠡᠵᠦ᠂ ᠪᠦᠬᠦ ᠤᠯᠤᠰ ᠤᠨ | ᠲᠠᠮᠢᠷ ᠤᠨ ᠴᠤᠭᠯᠠᠭᠠᠨ ᠤ ᠲᠤᠭ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ | ᠴᠤᠭᠯᠠᠭᠠᠨ ᠤ ᠲᠤᠭ ᠪᠣᠯᠤᠨ 60 ᠲᠤᠭᠴᠢ ᠪᠠᠷ ᠪᠦᠷᠢᠯᠳᠦᠭᠰᠡᠨ ᠴᠤᠭᠯᠠᠭᠠᠨ ᠤ ᠲᠤᠭ ᠤᠨ ᠵᠢᠭᠰᠠᠭᠠᠯ᠂ | ᠬᠢᠨᠠᠭᠴᠢ ᠶᠢᠨ ᠲᠥᠯᠥᠭᠡᠯᠡᠭᠴᠢᠳ ᠤᠨ ᠵᠢᠭᠰᠠᠭᠠᠯ ᠲᠡᠷᠢᠭᠦᠯᠡᠭᠴᠢ ᠶᠢᠨ ᠲᠠᠶᠢᠰᠨ ᠵᠦᠭ ᠠᠯᠬᠤᠯᠠᠪᠠ᠃ ᠶᠠᠭ ᠲᠡᠳᠡᠨ ᠤ | ᠬᠤᠶᠢᠨ᠎ᠠ ᠨᠢ ᠶᠠᠪᠤᠭ᠎ᠠ ᠨᠢ 37 ᠲᠥᠯᠥᠭᠡᠯᠡᠭᠴᠢᠳ ᠤᠨ ᠪᠦᠯᠬᠦᠮ ᠤᠨ ᠴᠤᠭ ᠵᠢᠪᠬᠤᠭ᠎ᠠ ᠪᠠᠳᠠᠷᠠᠩᠭᠤᠶ | ᠲᠠᠮᠢᠷᠴᠢᠳ ᠤᠨ ᠲᠥᠯᠥᠭᠡᠯᠡᠭᠴᠢ ᠪᠣᠯᠤᠨ᠎ᠠ᠂ ᠲᠠᠳᠠ ᠪᠣᠯ ᠲᠣᠰ ᠲᠣᠰ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ | ᠂ ᠰᠢᠭᠤᠳ ᠬᠠᠷᠢᠶ᠎ᠠ ᠬᠤᠲᠠ᠂ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠨᠴᠠᠭᠠᠶ ᠣᠷᠣᠨ᠂ ᠣᠣᠮᠧᠨ | ᠣᠨᠴᠠᠭᠠᠶ ᠵᠠᠰᠠᠭ ᠵᠠᠬᠢᠷᠭᠠᠨ ᠤ ᠣᠷᠣᠨ᠂ ᠰᠢᠨᠵᠢᠶᠠᠩ ᠤᠨ ᠦᠶᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ | ᠪᠢᠩᠲ᠋ᠤᠸᠠᠨ ᠵᠢᠴᠢ 3 ᠠᠵᠢᠯ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠢᠷᠡᠭᠰᠡᠨ ᠶᠤᠮ᠃ ᠲᠠᠯᠠᠪᠠᠢ | ᠳᠠᠶᠠᠭᠠᠷ ᠢᠶᠠᠨ ᠬᠠᠯᠠᠭᠤᠨ ᠠᠯᠠᠭ᠎ᠠ ᠲᠠᠰᠢᠯᠳᠠ ᠶᠢᠨ ᠲᠠᠭᠤᠨ ᠪᠣᠯᠤᠨ ᠤᠤᠬᠠᠵᠢᠯᠠᠬᠤ ᠲᠠᠭᠤᠨ ᠢᠶᠠᠷ ᠲᠠᠮᠢᠷᠴᠢᠳ ᠤᠨ | ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠠᠭᠠᠪᠠ᠃ | ᠲᠠᠯᠠᠪᠠᠢ ᠳᠤ ᠣᠷᠣᠬᠤ ᠶᠣᠰᠣᠯᠠᠯ ᠳᠠᠭᠤᠰᠬᠤ ᠳᠤ᠂ ᠲᠠᠯᠠᠪᠠᠢ ᠳᠠᠶᠠᠭᠠᠷ ᠢᠶᠠᠨ ᠪᠣᠰᠴᠤ ᠵᠣᠭᠰᠣᠨ᠂ ᠪᠦᠬᠦᠳᠠ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠳᠠᠭᠤᠯᠠᠪᠠ᠃ ᠰᠦᠷ ᠵᠢᠪᠬᠤᠯᠠᠩᠲᠤ ᠤᠯᠤᠰ ᠤᠨ | ᠰᠦᠯᠳᠡ ᠳᠠᠭᠤᠤ ᠶᠢᠨ ᠠᠶᠠᠰ ᠤᠨ ᠳᠤᠮᠳᠠ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠵᠤ᠂ ᠰᠠᠯᠬᠢᠨ ᠤ | ᠠᠶ᠎ᠠ ᠪᠠᠷ ᠨᠠᠮᠢᠷᠠᠨ᠎ᠠ᠃ | ᠱᠠᠨᠰᠢ ᠮᠤᠵᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠬᠠᠷᠢᠭᠤᠴᠠᠯᠭᠠᠲᠠᠨ | ᠨᠥᠬᠦᠳ ᠲᠣᠰ ᠲᠣᠰ ᠪᠠᠶᠠᠷ ᠤᠨ ᠦᠭᠡ ᠬᠡᠯᠡᠪᠡ᠃ | 20 ᠴᠠᠭ 40 ᠮᠢᠨᠦ᠋ᠲ ᠲᠤ᠂ ᠰᠢ ᠶᠢᠨ ᠫᠢᠩ ᠬᠦᠩᠬᠢᠨᠠᠮᠠ ᠲᠠᠭᠤᠨ ᠢᠶᠠᠷ᠄ ︽ᠪᠦᠬᠦᠳᠠ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠲᠠᠮᠢᠷ ᠤᠨ ᠴᠤᠭᠯᠠᠭᠠᠨ ᠡᠬᠢᠯᠡᠯ᠎ᠡ︕︾ | ᠭᠡᠵᠦ ᠵᠠᠷᠯᠠᠭᠰᠠᠨ ᠳᠤ᠂ ᠲᠠᠯᠠᠪᠠᠢ ᠳᠠᠶᠠᠭᠠᠷ ᠲᠤ ᠠᠯᠠᠭ᠎ᠠ ᠲᠠᠰᠢᠯᠳᠠ ᠶᠢᠨ ᠲᠠᠭᠤᠨ᠂ ᠬᠦᠬᠡᠷᠦᠯᠳᠦᠨ ᠪᠠᠶᠠᠷᠯᠠᠯᠳᠤᠬᠤ | ᠲᠠᠭᠤᠨ ᠤᠳᠠᠳᠠᠯ᠎ᠠ ᠦᠷᠬᠦᠯᠵᠢᠯᠡᠪᠡ᠃ | ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠭᠯᠠᠭᠠᠨ ᠤ ᠰᠦᠯᠳᠡ | ᠳᠠᠭᠤᠤ ᠶᠢᠨ ᠠᠶᠠᠰ ᠤᠨ ᠳᠤᠮᠳᠠ᠂ ᠪᠥᠬᠦ ᠤᠯᠤᠰ ᠤᠨ ᠲᠠᠮᠢᠷ ᠤᠨ ᠴᠤᠭᠯᠠᠭᠠᠨ ᠤ ᠲᠤᠭ ᠪᠣᠯᠤᠨ ᠠᠷᠪᠠᠨ | ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠭᠯᠠᠭᠠᠨ ᠤ ᠲᠤᠭ ᠠᠯᠭᠤᠷᠬᠠᠨ ᠮᠠᠨᠳᠤᠪᠠ᠃ | ᠲᠠᠮᠢᠷᠴᠢᠨ ᠶᠠᠩ ᠱᠦᠨ ᠬᠤᠩ᠂ ᠲᠠᠰᠬᠠᠯᠵᠢᠭᠤᠯᠤᠬᠴᠢ ᠴᠧᠨ ᠷᠦᠩ ᠰᠢᠤᠸᠠᠢ᠂ ᠬᠢᠨᠠᠭᠴᠢ ᠵᠥᠩ ᠬᠠᠩ | ᠸᠧᠶ ᠲᠣᠰ ᠲᠣᠰ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠭᠯᠠᠭᠠᠨ ᠳᠤ | ᠣᠷᠣᠯᠴᠠᠬᠤ ᠲᠠᠮᠢᠷᠴᠢᠨ᠂ ᠲᠠᠰᠬᠠᠯᠵᠢᠭᠤᠯᠤᠬᠴᠢ᠂ ᠬᠢᠨᠠᠭᠴᠢ ᠶᠢ ᠲᠥᠯᠥᠭᠡᠯᠡᠨ ᠲᠠᠩᠭᠠᠷᠢᠬᠯᠠᠪᠠ᠃ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠰᠦᠯᠳᠡ ᠳᠠᠭᠤᠤ ︽ | ᠢᠷᠡᠭᠡᠳᠦᠢ ᠶᠢ ᠴᠢᠭᠯᠡᠨ ᠮᠣᠷᠳᠠᠶ᠎ᠠ︾ ᠨᠢ ᠰᠣᠶᠣᠯ ᠪᠡᠶ᠎ᠡ ᠶᠢᠨ ᠲᠠᠮᠢᠷ ᠤᠨ ︽ᠰᠢᠨ᠎ᠡ ᠴᠠᠭ ᠦᠶ᠎ᠡ ᠳᠤ ᠡᠷᠡᠮᠡᠬᠡᠶᠢᠯᠡᠨ | ᠲᠡᠮᠡᠴᠡᠵᠦ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠶ᠎ᠠ︾ ᠬᠡᠬᠦ ᠦᠵᠡᠬᠦᠯᠬᠡ ᠶᠢᠨ ᠲᠣᠭᠯᠠᠯᠲᠠ ᠶᠢᠨ | ᠬᠥᠰᠢᠭᠡ ᠶᠢ ᠢᠷᠠᠵᠤ᠂ ᠪᠦᠬᠦ᠋ᠢᠯᠡ ᠲᠣᠭᠯᠠᠯᠲᠠ ᠨᠢ ᠣᠷᠣᠰᠢᠯ ᠤᠶᠠᠩᠭ᠎ᠠ ︽ᠤᠭᠲᠤᠯᠭ᠎ᠠ ᠶᠢᠨ ᠬᠡᠩᠬᠡᠷᠬᠡ ᠶᠢᠨ | ᠵᠢᠭᠰᠠᠭᠠᠯ︾ ᠪᠣᠯᠤᠨ ︽ᠦᠨᠳᠦᠰᠦᠲᠡᠨ ᠤ ᠭᠤᠯᠤᠮᠳᠠ︾᠂ ︽ᠶᠠᠨ ᠠᠨ ᠤ ᠰᠦᠭ ᠰᠦᠨᠡᠰᠦ︾᠂ ︽ᠳᠤᠮᠳᠠᠳᠤ ᠶᠢᠨ | ᠵᠡᠭᠦᠳᠦ︾ ᠬᠡᠬᠦ ᠭᠤᠷᠪᠠᠨ ᠪᠦᠯᠦᠭ ᠢᠶᠠᠷ ᠪᠦᠷᠢᠯᠳᠦᠵᠦ᠂ ᠤᠯᠠᠨ ᠵᠠᠭᠤᠴᠢᠳᠤ ᠮᠡᠷᠭᠡᠵᠢᠯ ᠪᠣᠯᠤᠨ ᠳᠠᠭᠤᠨ ᠭᠡᠷᠡᠯ | ᠴᠠᠬᠢᠯᠭᠠᠨ ᠤ ᠠᠷᠭ᠎ᠠ ᠪᠠᠷᠢᠯ ᠢᠶᠠᠷ ᠲᠤᠰ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠤ ︽ᠪᠦᠬᠦ | ᠠᠷᠠᠳ ᠤᠨ ᠪᠦᠬᠦ ᠤᠯᠤᠰ ᠤᠨ ᠲᠠᠮᠢᠷ ᠤᠨ ᠴᠤᠭᠯᠠᠭᠠᠨ᠂ ᠰᠡᠳᠬᠢᠯ ᠨᠢᠭᠡᠳᠦᠨ ᠬᠠᠮᠲᠤ ᠪᠠᠷ ᠤᠷᠤᠭᠰᠢᠯᠠᠶ᠎ᠠ︾ ᠭᠡᠬᠦ | ᠭᠤᠣᠯ ᠰᠡᠳᠦᠪ ᠢ ᠠᠮᠢᠳᠤᠯᠢᠭ ᠢᠶᠠᠷ ᠲᠠᠶᠢᠯᠪᠤᠷᠢᠯᠠᠵᠠᠢ᠃ | ᠬᠦᠮᠦᠰ ᠤᠨ ᠰᠡᠳᠬᠢᠯ ᠢ ᠳᠣᠭᠳᠣᠯᠤᠭᠤᠯᠤᠬᠰᠠᠨ ᠲᠠᠯᠠᠪᠡᠢ ᠶᠢᠨ ᠲᠤᠳᠤᠷᠠᠬᠢ ᠭᠠᠯ ᠪᠠᠮᠪᠠᠷ ᠳᠠᠮᠵᠢᠭᠤᠯᠬᠤ ᠪᠠ | ᠭᠤᠤᠯ ᠭᠠᠯ ᠪᠠᠮᠪᠠᠷ ᠢ ᠠᠰᠠᠭᠠᠬᠤ ᠶᠣᠰᠣᠯᠠᠯ ᠡᠬᠢᠯᠡᠪᠡ᠃ 8 ᠰᠠᠷ᠎ᠠ ᠶᠢᠨ 16 ᠤ ᠡᠳᠦᠷ ᠠᠴᠠ ᠡᠬᠢᠯᠡᠨ᠂ ᠠᠷᠪᠠᠨ | ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠭᠯᠠᠭᠠᠨ ᠤ ᠭᠠᠯ ᠪᠠᠮᠪᠠᠷ ᠢ ᠱᠠᠨᠰᠢ ᠮᠤᠵᠢ ᠶᠢᠨ | ᠲᠤᠳᠤᠷ᠎ᠠ ᠵᠠᠯᠭᠠᠭ᠎ᠠ ᠪᠠᠷ ᠳᠠᠮᠵᠢᠭᠤᠯᠵᠤ᠂ ᠬᠠᠮᠤᠭ ᠤᠨ ᠡᠴᠦᠰ ᠲᠤ ᠰᠢ ᠠᠨ ᠤ ᠣᠯᠢᠮᠫᠢᠺ ᠤᠨ ᠪᠡᠶ᠎ᠡ ᠶᠢᠨ | ᠲᠠᠮᠢᠷ ᠤᠨ ᠲᠥᠪ ᠤᠨ ᠪᠡᠶ᠎ᠡ ᠶᠢᠨ ᠲᠠᠮᠢᠷ ᠤᠨ ᠲᠠᠯᠠᠪᠠᠶ ᠳᠤ ᠳᠠᠮᠵᠢᠭᠤᠯᠪᠠ᠃ ᠲᠦᠮᠡᠨ ᠤᠯᠠᠨ ᠢᠶᠠᠷ ᠢᠶᠠᠨ᠂ ᠰᠤ᠋ ᠪᠢᠩ | ᠲᠢᠶᠠᠨ᠂ ᠵᠠᠩ ᠢᠦᠶ ᠹᠸᠢ᠂ ᠴᠢᠨ ᠺᠠᠶ᠂ ᠭᠦᠸᠧ ᠸᠧᠨ ᠵᠢᠶᠦ᠋ᠨ᠂ ᠮᠠ ᠯᠦᠩ ᠵᠡᠷᠭᠡ 5 ᠭᠠᠯ ᠪᠠᠮᠪᠠᠷᠴᠢᠨ | ᠪᠤᠤᠬᠢᠶ᠎ᠠ ᠳᠠᠮᠵᠢᠭᠤᠯᠤᠨ᠂ ᠬᠠᠮᠤᠭ ᠤᠨ ᠰᠡᠬᠦᠯ ᠳᠤᠨᠢ ᠲᠣᠣᠺᠢᠣ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠳᠤ | ᠠᠩᠬᠠᠳᠠᠭᠴᠢ ᠠᠯᠲᠠᠨ ᠮᠧᠳᠠᠯ ᠢ ᠬᠦᠷᠲᠡᠭᠰᠡᠨ ᠶᠠᠩ ᠴᠢᠶᠠᠨ ᠪᠦᠬᠦ ᠤᠯᠤᠰ ᠤᠨ ᠲᠠᠮᠢᠷ ᠤᠨ ᠴᠤᠭᠯᠠᠭᠠᠨ ᠤ ᠭᠤᠣᠯ | ᠭᠠᠯ ᠪᠠᠮᠪᠠᠷ ᠢ ᠠᠰᠠᠭᠠᠬᠰᠠᠨ ᠢ ᠬᠠᠷᠠᠵᠠᠭᠠᠯ᠎ᠠ᠃ | 21 ᠴᠠᠭ 35 ᠮᠢᠨᠦ᠋ᠲ ᠲᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ | ᠴᠤᠭᠯᠠᠭᠠᠨ ᠤ ᠡᠬᠢᠯᠡᠯᠲᠡ ᠶᠢᠨ ᠶᠣᠰᠣᠯᠠᠯ ︽ᠳᠠᠪᠠᠯᠲᠠ︾ ᠬᠡᠬᠦ ᠭᠤᠣᠯ ᠰᠡᠳᠦᠪᠲᠦ ᠳᠠᠭᠤᠤ ᠶᠢᠨ ᠬᠦᠭᠵᠢᠶᠡᠨᠲᠦ | ᠠᠭᠤᠷ ᠠᠮᠢᠰᠬᠤᠯ ᠳᠤᠮᠳᠠ ᠲᠡᠭᠦᠰ ᠠᠮᠵᠢᠯᠲᠠ ᠲᠠᠢ ᠥᠨᠳᠥᠷᠯᠡᠪᠡ᠃ | 15 ᠤ ᠦᠳᠡ ᠶᠢᠨ ᠬᠤᠶᠢᠨ᠎ᠠ᠂ ᠰᠢ ᠶᠢᠨ ᠫᠢᠩ ᠱᠠᠨᠰᠢ ᠶᠢᠨ ᠶᠡᠭᠡ ᠬᠤᠷᠠᠯ ᠤᠨ ᠲᠠᠩᠬᠢᠮ ᠳᠤ ᠪᠥᠬᠦ | ᠤᠯᠤᠰ ᠤᠨ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠲᠡᠷᠢᠭᠦᠨ ᠤ ᠨᠢᠭᠡᠴᠢ᠂ ᠲᠡᠷᠢᠭᠦᠨ ᠤ ᠬᠤᠪᠢ ᠬᠥᠮᠦᠨ ᠤ | ᠲᠥᠯᠥᠭᠡᠯᠡᠭᠴᠢ ᠪᠣᠯᠤᠨ ᠪᠥᠬᠦ ᠤᠯᠤᠰ ᠤᠨ ᠪᠡᠶ᠎ᠡ ᠶᠢᠨ ᠲᠠᠮᠢᠷ ᠤᠨ ᠰᠢᠰᠲ᠋ᠧᠮ ᠤᠨ ᠲᠡᠷᠢᠭᠦᠨ ᠤ ᠬᠠᠮᠲᠤ᠂ | ᠲᠡᠷᠢᠭᠦᠨ ᠤ ᠠᠵᠢᠯᠲᠠᠨ ᠤ ᠲᠥᠯᠥᠭᠡᠯᠡᠭᠴᠢ᠂ ᠲᠣᠣᠺᠢᠣ᠋ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ | ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠤᠨ ᠲᠠᠮᠢᠷᠴᠢᠨ ᠪᠣᠯᠤᠨ | ᠳᠠᠰᠬᠠᠯᠵᠢᠭᠤᠯᠤᠭᠴᠢ ᠶᠢᠨ ᠲᠥᠯᠥᠭᠡᠯᠡᠭᠴᠢ ᠲᠠᠢ ᠳᠣᠲᠣᠨᠣ ᠪᠠᠷ ᠠᠭᠤᠯᠵᠠᠭᠰᠠᠨ ᠪᠥᠭᠡᠳ ᠣᠯᠠᠨ ᠲᠠᠢ ᠬᠠᠮᠲᠤ ᠶᠢᠨ | ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃ ᠰᠢ ᠶᠢᠨ ᠫᠢᠩ ᠤᠯᠠᠨ ᠲᠠᠢ ᠳᠣᠲᠣᠨᠣ ᠪᠠᠷ ᠶᠠᠷᠢᠯᠴᠠᠵᠤ᠂ | ᠳᠡᠳᠡᠨ ᠢ ᠡᠷᠡᠮᠡᠬᠡᠶᠢᠯᠡᠨ ᠲᠡᠮᠡᠴᠡᠵᠦ᠂ ᠳᠠᠬᠢᠨᠲᠠ ᠰᠢᠯᠢᠳᠡᠭ ᠠᠮᠵᠢᠯᠲᠠ ᠪᠦᠲᠦᠭᠡᠯ ᠭᠠᠷᠭᠠᠭᠠᠷᠠᠢ ᠭᠡᠵᠦ ᠵᠣᠷᠢᠭᠵᠢᠭᠤᠯᠪᠠ | ᠃ | ᠳ᠋ᠢᠩ ᠰᠢᠤᠸᠠᠢ ᠰᠢᠶᠠᠩ᠂ ᠯᠢᠦ ᠾᠧ᠂ ᠰᠢᠤᠢ ᠴᠢ ᠯᠢᠶᠠᠩ᠂ ᠰᠦᠨ ᠴᠦᠨ ᠯᠠᠨ᠂ ᠴᠧᠨ ᠰᠢ᠂ ᠼᠠᠢ ᠳ᠋ᠠ | ᠹᠧᠩ᠂ ᠯᠦ ᠵᠠᠨ ᠭᠦᠩ᠂ ᠾᠧ ᠯᠢ ᠹᠧᠩ ᠨᠠᠷ ᠳᠡᠭᠡᠷᠡᠬᠢ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃ | ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠲᠠᠮᠢᠷ ᠤᠨ ᠴᠤᠭᠯᠠᠭᠠᠨ 9 ᠰᠠᠷ᠎ᠠ ᠶᠢᠨ 27 ᠤ | ᠡᠳᠦᠷ ᠥᠨᠳᠥᠷᠯᠡᠵᠦ᠂ ᠨᠡᠶᠢᠲᠡ 1.2 ᠲᠦᠮᠡ ᠭᠠᠷᠤᠶ ᠲᠠᠮᠢᠷᠴᠢᠨ ᠦᠷᠢᠰᠦᠯᠳᠦᠬᠡᠨᠳᠤ ᠤᠷᠤᠯᠳᠤᠭᠠᠨ ᠤ ᠲᠥᠷᠥᠯ | ᠵᠦᠶᠯ ᠳᠤ ᠣᠷᠣᠯᠴᠠᠵᠤ᠂ 1 ᠲᠦᠮᠡ ᠭᠠᠷᠤᠶ ᠣᠯᠠᠨ ᠲᠦᠮᠡᠨ ᠲᠠᠮᠢᠷᠴᠢᠨ ᠣᠯᠠᠨ ᠲᠦᠮᠡᠨᠴᠢ ᠤᠷᠤᠯᠳᠤᠭᠠᠨ ᠤ | ᠠᠵᠢᠯᠯᠠᠭ᠎ᠠ ᠳᠤ ᠣᠷᠣᠯᠴᠠᠬᠤ ᠪᠣᠯᠤᠨ᠎ᠠ᠃ |