ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 26 ᠤ ᠴᠠᠬᠢᠯᠭᠠᠨ ᠮᠡᠳᠡᠭᠡ ᠲᠤᠮᠳᠠᠳᠤ ᠤᠯᠤᠰ ᠤᠨ | ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ 26 ᠤ ᠡᠳᠦᠷ ᠵᠦ ᠯᠢ ᠯᠦᠨ ᠳᠤ | ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠳᠤᠮᠳᠠᠳᠤ ᠤᠯᠤᠰ ᠤᠨ ᠭᠤᠮᠢᠨᠳᠠᠩ ᠨᠠᠮ ᠤᠨ ᠲᠡᠷᠢᠭᠦᠯᠡᠭᠴᠢ ᠪᠠᠷ | ᠰᠣᠩᠭᠤᠭᠳᠠᠭᠰᠠᠨ ᠳᠤ ᠪᠠᠶᠠᠷ ᠬᠦᠷᠭᠡᠵᠦ᠂ ᠥᠩᠭᠡᠷᠡᠭᠰᠡᠨ ᠨᠢᠭᠡ ᠬᠤᠭᠤᠴᠠᠭᠠᠨ ᠳᠤ ᠬᠤᠶᠠᠷ ᠨᠠᠮ ᠢᠶᠠᠷ ᠢᠶᠠᠨ ︽ | ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ | ᠶᠢ ᠡᠰᠡᠷᠭᠦᠴᠡᠬᠦ ᠬᠠᠮᠲᠤ ᠶᠢᠨ ᠤᠯᠤᠰ ᠲᠦᠷᠦ ᠶᠢᠨ ᠰᠠᠭᠤᠷᠢᠨ ᠳᠡᠭᠡᠷ᠎ᠡ ᠰᠠᠶᠢᠳᠤᠷ ᠬᠤᠷᠰᠢᠯᠴᠠᠵᠥ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠬᠠᠷᠢᠯᠴᠠᠭ᠎ᠠ ᠶᠢᠨ ᠡᠩᠬᠡ ᠲᠠᠶᠢᠪᠤᠩ ᠬᠥᠭᠵᠢᠯᠲᠡ ᠶᠢ ᠠᠬᠢᠭᠤᠯᠵᠤ᠂ ᠲᠠᠶᠢᠸᠠᠨ | ᠬ᠊ ᠣᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠡᠷ ᠲᠤ ᠪᠤᠶᠠᠨ ᠦᠢᠯᠡᠳᠴᠦ᠂ ᠢᠯᠡᠳᠳᠡ ᠦᠷ᠎ᠡ ᠪᠦᠲᠦᠮᠵᠢ | ᠤᠯᠵᠠᠢ᠃ ᠬᠤᠶᠠᠷ ᠨᠠᠮ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠬᠠᠮᠲᠤ ᠶᠢᠨ ᠤᠯᠤᠰ ᠲᠥᠷᠥ ᠶᠢᠨ | ᠰᠠᠭᠤᠷᠢ ᠶᠢ ᠪᠠᠷᠢᠮᠲᠠᠯᠠᠨ᠂ ᠦᠨᠳᠦᠰᠦᠲᠡᠨ ᠤ ᠶᠡᠭᠡ ᠵᠢᠷᠤᠮ ᠢ ᠪᠠᠲᠤ ᠰᠠᠬᠢᠵᠤ᠂ ᠨᠢᠭᠳᠠ ᠬᠠᠮᠳᠤᠷᠠᠯᠴᠠᠵᠤ᠂ ᠠᠬ᠎ᠠ | ᠳᠡᠭᠦᠦ ᠨᠡᠷ ᠲᠠᠭᠠᠨ ᠪᠤᠶᠠᠨ ᠵᠢᠷᠭᠠᠯ ᠣᠯᠭᠤᠵᠤ᠂ ᠲᠠᠶᠢᠸᠠᠨ ᠬᠤᠭᠤᠯᠠᠶ ᠶᠢᠨ ᠡᠩᠬᠡ ᠲᠠᠶᠢᠪᠤᠩ ᠤᠨ ᠲᠥᠯᠥᠭᠡ | ᠴᠢᠷᠮᠠᠶᠢᠵᠤ᠂ ᠤᠯᠤᠰ ᠣᠷᠣᠨ ᠤ ᠨᠢᠭᠡᠳᠦᠯ ᠤᠨ ᠲᠥᠯᠥᠭᠡ ᠴᠢᠷᠮᠠᠶᠢᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠲᠥᠯᠥᠭᠡ ᠴᠢᠷᠮᠠᠶᠢᠬᠤ ᠶᠢ ᠬᠦᠰᠡᠵᠦ ᠪᠠᠶᠢᠨ᠎ᠠ ᠭᠡᠵᠤ ᠵᠢᠭᠠᠵᠤ ᠭᠠᠷᠭᠠᠪᠠ᠃ | ᠲᠤᠰ ᠡᠳᠦᠷ᠂ ᠰᠢᠨ᠎ᠡ ᠪᠠᠷ ᠰᠣᠩᠭᠤᠭᠳᠠᠭᠰᠠᠨ ᠳᠤᠮᠳᠠᠳᠤ ᠤᠯᠤᠰ ᠤᠨ ᠭᠤᠮᠢᠨᠳᠠᠩ ᠨᠠᠮ ᠤᠨ ᠲᠡᠷᠢᠭᠦᠯᠡᠭᠴᠢ | ᠵᠦ ᠯᠢ ᠯᠦᠨ ᠬᠠᠷᠢᠭᠤ ᠴᠠᠬᠢᠯᠭᠠᠨ ᠴᠢᠮᠡᠭᠡ ᠶᠠᠪᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠳᠤ ᠲᠠᠯᠠᠷᠬᠠᠵᠤ | ᠪᠠᠶᠢᠬᠤ ᠪᠠᠨ ᠢᠯᠡᠳᠬᠡᠪᠡ᠃ ᠲᠡᠷᠡ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠷᠠᠳ ᠲᠦᠮᠡᠨ ᠴᠥᠮ | ᠶᠠᠨᠳᠢ ᠬᠤᠸᠠᠩᠳᠢ ᠶᠢᠨ ᠦᠷ᠎ᠡ ᠬᠤᠶᠢᠴᠢᠰ ᠮᠥᠨ᠂ ᠬᠤᠶᠢᠰᠢᠳᠠ ᠬᠤᠶᠠᠷ ᠨᠠᠮ ᠢᠶᠠᠷ ᠢᠶᠠᠨ ︽ᠶᠡᠷᠡᠨ ᠬᠤᠶᠠᠷ ᠣᠨ ᠤ | ᠬᠠᠮᠲᠤ ᠶᠢᠨ ᠲᠠᠨᠢᠯᠲᠠ︾᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠬᠦ ᠰᠠᠭᠤᠷᠢᠨ ᠳᠡᠭᠡᠷ᠎ᠡ᠂ | ᠢᠲᠡᠭᠡᠯᠴᠡᠭᠡ ᠠᠭᠤᠰᠤᠯᠴᠠᠯ ᠢᠶᠠᠨ ᠨᠡᠮᠡᠭᠳᠡᠭᠦᠯᠵᠦ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠬᠠᠷᠢᠯᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠦᠷᠭᠦᠯᠵᠢᠯᠡᠨ ᠠᠬᠢᠭᠤᠯᠵᠤ᠂ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠷᠠᠳ ᠤᠯᠠᠨ ᠳᠤ ᠬᠠᠮᠲᠤ ᠪᠠᠷ ᠪᠤᠶᠠᠨ ᠦᠢᠯᠡᠳᠴᠦ᠂ ᠲᠠᠶᠢᠸᠠᠨ | ᠬᠤᠭᠤᠯᠠᠢ ᠶᠢᠨ ᠡᠩᠬᠡ ᠲᠠᠶᠢᠪᠤᠩ ᠲᠣᠭᠲᠠᠭᠤᠨ ᠢ ᠠᠬᠢᠭᠤᠯᠬᠤ ᠶᠢ ᠳᠤᠩ ᠬᠦᠰᠡᠵᠦ ᠪᠠᠶᠢᠨ᠎ᠠ ᠭᠡᠵᠦ ᠢᠯᠡᠳᠬᠡᠪᠡ᠃ | |