2022 ᠣᠨ ᠠᠴᠠ ᠡᠯᠧᠺᠳ᠋ᠷᠣᠨ ᠵᠢᠯᠣᠭᠤᠴᠢ ᠶᠢᠨ ᠦᠨᠡᠮᠯᠡᠯ ᠢ ᠬᠡᠷᠡᠭᠯᠡᠨ᠎ᠡ
ᠨᠡᠶᠢᠲᠡᠯᠡᠭᠰᠡᠨ ᠴᠠᠭ᠄
2021/9/6
      ᠳᠣᠲᠣᠭᠠᠳᠤ ᠶᠢ ᠬᠠᠮᠠᠭᠠᠯᠠᠬᠤ ᠶᠠᠮᠤᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 6 ᠳ᠋ᠣᠭᠠᠷ ᠰᠠᠷ᠎ᠠ ᠶᠢᠨ 1 ᠤ ᠡᠳᠦᠷ ᠵᠢᠯᠣᠭᠤᠴᠢ ᠶᠢᠨ ᠦᠨᠡᠮᠯᠡᠯ ᠢ ᠡᠯᠧᠺᠳ᠋ᠷᠣᠨ ᠬᠡᠪᠯᠡᠯ ᠪᠣᠯᠭᠠᠬᠤ ᠲᠤᠷᠰᠢᠯᠲᠠ ᠶᠢᠨ ᠠᠵᠢᠯ ᠢ ᠥᠷᠨᠢᠭᠦᠯᠦᠭᠰᠡᠨ ᠠᠴᠠ ᠨᠠᠰᠢ᠂ ᠨᠢᠭᠡᠨᠲᠡ 195 ᠲᠦᠮᠡ ᠭᠠᠷᠤᠶ ᠬᠥᠮᠦᠨ ᠡᠯᠧᠺᠳ᠋ᠷᠣᠨ ᠵᠢᠯᠣᠭᠤᠴᠢ ᠶᠢᠨ ᠦᠨᠡᠮᠯᠡᠯ ᠲᠠᠢ ᠪᠤᠯᠵᠠᠢ᠃      ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠯᠧᠺᠳ᠋ᠷᠣᠨ ᠵᠢᠯᠣᠭᠤᠴᠢ ᠶᠢᠨ ᠦᠨᠡᠮᠯᠡᠯ ᠨᠢ ᠨᠢᠭᠡᠳᠦᠯᠲᠡᠶ᠂ ᠴᠠᠭ ᠪᠠᠷᠢᠳᠠᠭ᠂ ᠠᠮᠤᠷ ᠲᠦᠪᠰᠢᠨ ᠵᠡᠷᠭᠡ ᠭᠤᠷᠪᠠᠨ ᠣᠨᠴᠠᠯᠢᠭ ᠲᠠᠢ ᠪᠠᠶᠢᠵᠤ᠂ ᠵᠢᠯᠣᠭᠤᠴᠢ ᠨᠠᠷ ᠲᠤ ᠭᠤᠷᠪᠠᠨ ᠲᠠᠯ᠎ᠠ ᠪᠠᠷ ᠲᠥᠬᠦᠮ ᠦᠵᠡᠭᠦᠯᠵᠦ ᠪᠠᠶᠢᠨ᠎ᠠ᠃ ᠲᠤᠬᠠᠶᠢᠯᠠᠪᠠᠯ᠄      — ᠡᠷᠡᠮᠡᠯᠵᠡᠬᠦ ᠳᠤ ᠲᠥᠬᠦᠮ᠃ ᠵᠢᠯᠣᠭᠤᠴᠢ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠶᠢᠨ ᠬᠤᠪᠢ ᠬᠥᠮᠦᠨ ᠤ ᠲᠠᠩᠰᠠᠨ ᠳᠤ ᠣᠷᠣᠵᠤ ᠡᠷᠡᠮᠡᠯᠵᠡᠵᠦ ᠪᠣᠯᠤᠨ᠎ᠠ᠂ ᠡᠯᠧᠺᠳ᠋ᠷᠣᠨ ᠵᠢᠯᠣᠭᠤᠴᠢ ᠶᠢᠨ ᠦᠨᠡᠮᠯᠡᠯ ᠨᠢ ᠪᠥᠬᠦ ᠤᠯᠤᠰ ᠲᠤ ᠨᠢᠭᠡᠳᠦᠯᠲᠡᠶ ᠪᠠᠶᠢᠵᠤ᠂ ᠴᠠᠭᠠᠰᠤᠨ ᠵᠢᠯᠣᠭᠤᠴᠢ ᠶᠢᠨ ᠦᠨᠡᠮᠯᠡᠯ ᠲᠠᠢ ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ ᠶᠤᠮ᠃      — ᠦᠵᠡᠭᠦᠯᠬᠦ ᠳᠤ ᠲᠥᠬᠦᠮ᠃ ᠡᠯᠧᠺᠳ᠋ᠷᠣᠨ ᠵᠢᠯᠣᠭᠤᠴᠢ ᠶᠢᠨ ᠦᠨᠡᠮᠯᠡᠯ ᠨᠢ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠳ᠋ᠷᠣᠨ ᠦᠨᠡᠮᠯᠡᠯ ᠤᠨ ᠰᠢᠰᠲ᠋ᠧᠮ ᠳᠡᠭᠡᠷ᠎ᠡ ᠨᠡᠶᠢᠲᠡᠯᠡᠭᠳᠡᠵᠦ᠂ ᠵᠢᠯᠣᠭᠤᠴᠢ ᠶᠢᠨ ᠦᠨᠡᠮᠯᠡᠯ ᠤᠨ ᠪᠠᠶᠢᠳᠠᠯ ᠢ ᠬᠥᠳᠡᠯᠦᠩᠭᠦᠶ ᠪᠠᠷ ᠢᠯᠡᠷᠡᠭᠦᠯᠵᠦ᠂ ᠬᠠᠤᠯᠢ ᠶᠢᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠣᠯᠠᠨ ᠲᠠᠯᠠᠪᠤᠷ ᠲᠤ ᠬᠡᠷᠡᠭᠯᠡᠵᠦ᠂ ᠲᠤᠬᠠᠶ ᠶᠢᠨ ᠴᠠᠭ ᠲᠤᠨᠢ ᠪᠠᠶᠢᠴᠠᠭᠠᠨ ᠯᠠᠪᠯᠠᠬᠤ᠂ ᠲᠤᠬᠠᠶ ᠶᠢᠨ ᠴᠠᠭ ᠲᠤᠨᠢ ᠭᠠᠷᠭᠠᠨ ᠦᠵᠡᠭᠦᠯᠬᠦ᠂ ᠲᠤᠬᠠᠶ ᠶᠢᠨ ᠴᠠᠭ ᠲᠤᠨᠢ ᠬᠠᠷᠭᠤᠭᠤᠯᠤᠨ ᠪᠠᠶᠢᠴᠠᠭᠠᠬᠤ ᠳᠤ ᠲᠥᠬᠦᠮ ᠪᠠᠶᠢᠳᠠᠭ᠃      — ᠬᠡᠷᠡᠭᠯᠡᠬᠦ ᠳᠤ ᠲᠥᠬᠦᠮ᠃ ᠡᠯᠧᠺᠳ᠋ᠷᠣᠨ ᠵᠢᠯᠣᠭᠤᠴᠢ ᠶᠢᠨ ᠦᠨᠡᠮᠯᠡᠯ ᠳᠤ ᠬᠠᠭᠤᠷᠮᠠᠭ ᠢᠶᠠᠷ ᠭᠠᠷ ᠤᠨ ᠥᠰᠥᠭ ᠵᠢᠷᠤᠬᠤ ᠶᠢ ᠰᠡᠷᠭᠡᠶᠢᠯᠡᠬᠦ ᠲᠣᠭᠠᠴᠢᠯᠠᠭᠰᠠᠨ ᠮᠡᠷᠭᠡᠵᠢᠯ ᠢ ᠬᠡᠷᠡᠭᠯᠡᠵᠦ᠂ ᠦᠨᠡᠨ ᠪᠣᠳᠠᠲᠠᠶ ᠪᠥᠭᠡᠳ ᠴᠣᠷ ᠤᠨ ᠭᠠᠭᠴᠠ᠂ ᠠᠮᠤᠷ ᠲᠦᠪᠰᠢᠨ ᠨᠠᠶᠢᠳᠠᠪᠤᠷᠢᠲᠠᠶ ᠪᠠᠶᠢᠳᠠᠭ᠃ ᠳᠠᠭᠠᠳᠬᠠᠯ ᠤᠨ ᠲᠥᠯᠥᠪᠦᠷᠢ᠂ ᠲᠦᠷᠢᠶᠡᠰᠦᠨ ᠮᠠᠰᠢᠨ ᠲᠡᠷᠭᠡ᠂ ᠠᠵᠢᠯ ᠮᠡᠷᠭᠡᠵᠢᠯ ᠤᠨ ᠠᠵᠢᠯᠲᠠᠨ ᠡᠯᠰᠡᠬᠦ ᠦᠶ᠎ᠡ ᠳᠤ ᠵᠢᠯᠣᠭᠤᠴᠢ ᠪᠠᠰᠠ ᠡᠯᠧᠺᠳ᠋ᠷᠣᠨ ᠵᠢᠯᠣᠭᠤᠴᠢ ᠶᠢᠨ ᠦᠨᠡᠮᠯᠡᠯ ᠢᠶᠠᠨ ᠭᠠᠷᠭᠠᠨ ᠦᠵᠡᠭᠦᠯᠵᠦ ᠪᠣᠯᠤᠨ᠎ᠠ᠃ ᠬᠤᠯᠪᠣᠭᠳᠠᠯ ᠪᠥᠬᠦᠶ ᠨᠢᠭᠡᠴᠡ ᠠᠴᠠ ᠵᠢᠯᠣᠭᠤᠴᠢ ᠶᠢᠨ ᠬᠢᠷᠢ ᠬᠡᠮ ᠢ ᠰᠦᠯᠵᠢᠶᠡᠨ ᠳᠡᠭᠡᠷ᠎ᠡ ᠬᠢᠨᠠᠨ ᠰᠢᠯᠭᠠᠵᠤ᠂ ᠣᠯᠠᠨ ᠲᠦᠮᠡᠨ ᠤ ᠲᠡᠷᠭᠡ ᠵᠢᠯᠣᠭᠤᠳᠴᠤ ᠭᠠᠳᠠᠭᠰᠢ ᠭᠠᠷᠬᠤ ᠳᠤ ᠨᠠᠩ ᠲᠥᠬᠦᠮ ᠦᠵᠡᠭᠦᠯᠵᠦ᠂ ᠠᠵᠤ ᠠᠬᠤᠶᠢᠯᠠᠯ ᠠᠵᠢᠯ ᠲᠥᠷᠥᠯ ᠤᠨ ᠬᠥᠭᠵᠢᠯᠲᠡ ᠳᠤ ᠨᠠᠩ ᠰᠠᠶᠢᠨ ᠦᠢᠯᠡᠴᠢᠯᠡᠬᠦ ᠪᠤᠯᠤᠨ᠎ᠠ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号