ᠰᠢ ᠶᠢᠨ ᠫᠢᠩ ᠢᠲ᠋ᠠᠯᠢ ᠶᠢᠨ ᠶᠡᠷᠦᠩᠬᠡᠢ ᠰᠠᠶᠢᠳ ᠳ᠋ᠧᠯᠠᠵᠢ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2021/9/9
     ᠤᠯᠤᠰ ᠤᠨ ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 7 ᠤ ᠡᠳᠦᠷ ᠢᠲ᠋ᠠᠯᠢ ᠶᠢᠨ ᠶᠡᠷᠦᠩᠬᠡᠢ ᠰᠠᠶᠢᠳ ᠳ᠋ᠧᠯᠠᠵᠢ ᠲᠠᠢ ᠤᠲᠠᠰᠤ ᠪᠠᠷ ᠶᠠᠷᠢᠯᠴᠠᠪᠠ᠃      ᠰᠢ ᠶᠢᠨ ᠫᠢᠩ᠂ ᠳᠤᠮᠳᠠᠳᠤ ᠢᠲ᠋ᠠᠯᠢ ᠶᠢᠨ ᠬᠠᠷᠢᠯᠴᠠᠭ᠎ᠠ ᠭᠦᠨ ᠵᠤᠵᠠᠭᠠᠨ ᠲᠡᠦᠬᠡ ᠶᠢᠨ ᠰᠠᠭᠤᠷᠢ ᠲᠠᠢ ᠶᠤᠮ᠂ ᠬᠤᠶᠠᠷ ᠤᠯᠤᠰ ᠢᠶᠠᠷ ᠢᠶᠠᠨ ᠬᠠᠮᠲᠤᠷᠠᠯᠴᠠᠭᠠᠨ ᠤ ᠳᠤᠮᠳᠠ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠵᠥ᠂ ᠰᠣᠶᠣᠯ ᠤᠨ ᠲᠠᠯ᠎ᠠ ᠪᠠᠷ ᠬᠠᠷᠢᠯᠴᠠᠨ ᠪᠠᠭ᠋ᠠᠷᠬᠠᠵᠤ᠂ ᠬᠦᠴᠢᠷᠳᠡᠯᠲᠡᠢ ᠦᠶ᠎ᠡ ᠳᠤ ᠬᠠᠷᠢᠯᠴᠠᠨ ᠬᠠᠪᠰᠤᠷᠤᠯᠴᠠᠵᠠᠢ᠃ ᠳᠤᠮᠳᠠᠳᠤ ᠤᠯᠤᠰ ᠳᠤᠷᠠᠲᠠᠶ᠎ᠠ ᠢᠲ᠋ᠠᠯᠢ ᠶᠢᠨ ᠬᠢᠨ ᠲᠠᠢ ᠬᠠᠮᠲᠤ ᠪᠠᠷ ᠰᠢᠨ᠎ᠡ ᠴᠠᠭ ᠦᠶ᠎ᠡ ᠶᠢᠨ ᠳᠤᠮᠳᠠᠳᠤ ᠢᠲ᠋ᠠᠯᠢ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠵᠥᠪ ᠬᠥᠭᠵᠢᠯᠲᠡ ᠶᠢᠨ ᠴᠢᠭᠯᠡᠯ ᠢ ᠰᠠᠶᠢᠲᠤᠷ ᠡᠵᠡᠮᠳᠡᠵᠦ᠂ ᠬᠠᠷᠢᠯᠴᠠᠨ ᠬᠦᠨᠳᠦᠳᠬᠡᠬᠦ ᠶᠢ ᠪᠠᠷᠢᠮᠲᠠᠯᠠᠵᠤ᠂ ᠳᠤᠮᠳᠠᠳᠤ ᠢᠲ᠋ᠠᠯᠢ ᠶᠢᠨ ᠨᠥᠬᠦᠷᠯᠡᠯ ᠢ ᠬᠠᠮᠠᠭᠠᠯᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠳᠠᠯᠢ ᠪᠤᠰᠤ ᠪᠠᠶᠢᠭᠤᠯᠤᠯ᠂ ᠠᠳᠠᠯᠢ ᠪᠤᠰᠤ ᠰᠣᠶᠣᠯ ᠲᠠᠢ ᠤᠯᠤᠰ ᠤᠨ ᠬᠠᠷᠢᠯᠴᠠᠭ᠎ᠠ ᠪᠠᠨ ᠬᠥᠭᠵᠢᠬᠦᠯᠬᠦ ᠳᠤ ᠦᠯᠢᠭᠡᠷ ᠳᠠᠭᠤᠷᠢᠶᠠᠯ ᠦᠵᠡᠭᠦᠯᠦᠨ᠎ᠡ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠬᠠᠮᠲᠤᠷᠠᠯᠴᠠᠭ᠎ᠠ ᠪᠠᠷ ᠵᠢᠯᠣᠭᠤᠳᠤᠮᠵᠢ ᠪᠣᠯᠭᠠᠵᠤ᠂ ᠡᠯ᠎ᠡ ᠬᠦᠷᠢᠶᠡᠨ ᠤ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠᠯ ᠵᠣᠬᠢᠨ᠎ᠠ᠃ ᠬᠤᠶᠠᠷ ᠲᠠᠯ᠎ᠠ ᠪᠠᠷ ᠢᠶᠠᠨ ᠢᠷᠡᠬᠦ ᠵᠢᠯ ᠤᠨ ᠳᠤᠮᠳᠠᠳᠤ ᠢᠲ᠋ᠠᠯᠢ ᠶᠢᠨ ᠰᠣᠶᠣᠯ ᠪᠠ ᠵᠢᠭᠤᠯᠴᠢᠯᠠᠯ ᠤᠨ ᠣᠨ ᠤ ᠠᠵᠢᠯᠯᠠᠭ᠎ᠠ ᠶᠢ ᠬᠠᠮᠲᠤ ᠪᠠᠷ ᠰᠠᠶᠢᠲᠤᠷ ᠡᠷᠬᠢᠯᠡᠵᠦ᠂ ᠢᠯᠠᠩᠭᠤᠶ᠎ᠠ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠠ 2026 ᠣᠨ ᠤ ᠮᠢᠯᠠᠨ ᠤ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠬᠦ ᠶᠢ ᠬᠠᠷᠢᠯᠴᠠᠨ ᠡᠷᠡᠰ ᠳᠡᠮᠵᠢᠵᠦ᠂ ᠡᠭᠦᠨ ᠢᠶᠠᠷ ᠠᠵᠠ ᠲᠣᠬᠢᠶᠠᠯ ᠪᠣᠯᠭᠠᠵᠤ ᠬᠤᠶᠠᠷ ᠤᠯᠤᠰ ᠤᠨ ᠮᠥᠰᠥ ᠴᠠᠰᠤᠨ ᠤ ᠬᠥᠳᠡᠯᠭᠡᠭᠡᠨ ᠪᠠ ᠠᠵᠤ ᠦᠢᠯᠡᠰ ᠤᠨ ᠬᠠᠮᠲᠤᠷᠠᠯᠴᠠᠭ᠎ᠠ ᠶᠢ ᠴᠢᠩᠭᠠᠳᠬᠠᠶ᠎ᠠ᠃ ᠢᠲ᠋ᠠᠯᠢ ᠶᠢᠨ ᠬᠢᠨ ᠤ ᠳᠤᠮᠳᠠᠳᠤ ᠧᠦ᠋ᠷᠣᠫᠠ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠡ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠬᠤᠷᠢᠨ ᠤᠯᠤᠰ ᠤᠨ ᠪᠦᠯᠦᠭᠯᠡᠯ ᠤᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ ᠢᠲ᠋ᠠᠯᠢ ᠤᠯᠤᠰ ᠪᠦᠬᠦ ᠪᠥᠮᠪᠥᠷᠴᠡᠭ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠮᠲᠤᠷᠠᠯᠴᠠᠭ᠎ᠠ ᠪᠣᠯᠤᠨ ᠠᠵᠤ ᠠᠬᠤᠢ ᠶᠢᠨ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠤᠭᠰᠠᠨ ᠢ ᠳᠤᠮᠳᠠᠳᠤ ᠤᠯᠤᠰ ᠮᠠᠭᠲᠠᠨ ᠰᠠᠶᠢᠰᠢᠶᠠᠵᠤ ᠪᠠᠶᠢᠨ᠎ᠡ᠃ ᠣᠳᠣᠬᠠᠨ ᠳᠤ ᠪᠦᠬᠦ ᠲᠡᠯᠡᠭᠡᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠪᠠ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠬᠤᠷᠢᠨ ᠤᠯᠤᠰ ᠤᠨ ᠪᠦᠯᠦᠭᠯᠡᠯ ᠨᠢ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭᠠᠨ ᠤ ᠭᠤᠣᠯ ᠲᠠᠪᠴᠠᠩ ᠪᠣᠯᠤᠭᠰᠠᠨ ᠤ ᠬᠤᠪᠢ ᠳᠤ᠂ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠪᠦᠯᠬᠦᠮᠳᠡᠨ ᠬᠠᠮᠲᠤᠷᠠᠯᠴᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠢᠵᠢᠭ ᠲᠠᠢ ᠲᠡᠮᠡᠴᠡᠬᠦ᠂ ᠳᠡᠯᠡᠬᠡᠢ ᠶᠢᠨ ᠠᠵᠤ ᠠᠬᠤᠢ ᠶᠢ ᠰᠡᠷᠭᠦᠭᠡᠬᠦ᠂ ᠪᠠᠭᠲᠠᠭᠠᠮᠵᠢᠲᠠᠢ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠨᠡᠩ ᠤᠯᠠᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠪᠦᠬᠦ ᠲᠡᠯᠡᠭᠡᠢ ᠶᠢᠨ ᠵᠠᠰᠠᠯᠲᠠ ᠶᠢᠨ ᠵᠥᠪ ᠴᠢᠭᠯᠡᠯ ᠢ ᠬᠦᠳᠦᠯᠥᠨ ᠳᠠᠭᠠᠭᠤᠯᠵᠤ᠂ ᠬᠦᠴᠦ ᠪᠠᠨ ᠬᠠᠮᠲᠤᠳᠬᠠᠨ ᠬᠠᠮᠲᠤ ᠶᠢᠨ ᠥᠷᠢᠰᠥᠯᠳᠦᠭᠡᠨ ᠢ ᠠᠷᠭᠠᠴᠠᠭᠠᠪᠠᠯ ᠵᠣᠬᠢᠨ᠎ᠠ᠃ ᠳᠤᠮᠳᠠᠳᠤ ᠤᠯᠤᠰ ᠢᠲ᠋ᠠᠯᠢ ᠶᠢᠨ ᠬᠢᠨ ᠤ ᠡᠨᠡ ᠲᠠᠯ᠎ᠠ ᠪᠠᠷ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠦᠷᠭᠦᠯᠵᠢᠯᠡᠨ ᠳᠡᠮᠵᠢᠵᠦ᠂ ᠢᠲ᠋ᠠᠯᠢ ᠶᠢᠨ ᠬᠢᠨ ᠤ ᠬᠤᠷᠢᠨ ᠤᠯᠤᠰ ᠤᠨ ᠪᠦᠯᠦᠭᠯᠡᠯ ᠤᠨ ᠷᠣᠮᠠ ᠶᠢᠨ ᠲᠦᠷᠦᠭᠦᠴᠦᠳ ᠤᠨ ᠬᠤᠷᠠᠯ ᠢ ᠠᠮᠵᠢᠯᠲᠠ ᠲᠠᠢ ᠡᠷᠬᠢᠯᠡᠬᠦ ᠶᠢ ᠳᠡᠮᠵᠢᠨ᠎ᠠ ᠭᠡᠵᠤ ᠴᠢᠬᠤᠯᠠᠴᠢᠯᠠᠪᠠ᠃      ᠳ᠋ᠧᠯᠠᠵᠢ᠂ ᠢᠲ᠋ᠠᠯᠢ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠰᠠᠶᠢᠨ ᠪᠠᠶᠢᠨ᠎ᠠ᠂ ᠢᠲ᠋ᠠᠯᠢ ᠶᠢᠨ ᠬᠢᠨ ᠢᠲ᠋ᠠᠯᠢ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠤᠢ᠂ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠶᠢᠨ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠢᠲ᠋ᠠᠯᠢ ᠳᠤᠮᠳᠠᠳᠤ ᠶᠢᠨ ᠰᠣᠶᠣᠯ ᠪᠠ ᠵᠢᠭᠤᠯᠴᠢᠯᠠᠯ ᠤᠨ ᠣᠨ ᠤ ᠠᠵᠢᠯᠯᠠᠭ᠎ᠠ ᠶᠢ ᠬᠠᠮᠲᠤ ᠪᠠᠷ ᠰᠠᠶᠢᠲᠤᠷ ᠡᠷᠬᠢᠯᠡᠬᠦ ᠶᠢ ᠬᠦᠰᠡᠵᠦ ᠪᠠᠶᠢᠨ᠎ᠠ᠃ ᠢᠲ᠋ᠠᠯᠢ ᠶᠢᠨ ᠬᠢᠨ ᠬᠤᠷᠢᠨ ᠤᠯᠤᠰ ᠤᠨ ᠪᠦᠯᠦᠭᠯᠡᠯ ᠤᠨ ᠲᠡᠷᠢᠭᠦᠯᠡᠭᠴᠢ ᠤᠯᠤᠰ ᠤᠨ ᠠᠵᠢᠯ ᠢᠶᠠᠨ ᠥᠷᠨᠢᠭᠦᠯᠬᠦ ᠳᠤ ᠦᠵᠡᠭᠦᠯᠦᠭᠰᠡᠨ ᠳᠤᠮᠳᠠᠳᠤ ᠤᠯᠤᠰ ᠤᠨ ᠳᠡᠮᠵᠢᠯᠭᠡ ᠳᠤ ᠲᠠᠯᠠᠷᠬᠠᠵᠤ᠂ ᠳᠤᠮᠳᠠᠳᠤ ᠤᠯᠤᠰ ᠤᠨ ᠪᠦᠬᠦ ᠲᠡᠯᠡᠭᠡᠢ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠳᠤ ᠦᠵᠡᠭᠦᠯᠦᠭᠰᠡᠨ ᠢᠳᠡᠪᠬᠢᠲᠡᠢ ᠴᠢᠷᠮᠠᠶᠢᠯᠭ᠎ᠠ ᠪᠠ ᠬᠤᠪᠢ ᠨᠡᠮᠡᠷᠢ ᠶᠢ ᠮᠠᠭᠲᠠᠨ ᠰᠠᠶᠢᠰᠢᠶᠠᠵᠤ᠂ ᠠᠹᠭᠠᠨᠢᠰᠲ᠋ᠠᠨ ᠤ ᠠᠰᠠᠭᠤᠳᠠᠯ ᠳᠡᠭᠡᠷᠡᠬᠢ ᠳᠤᠮᠳᠠᠳᠤ ᠤᠯᠤᠰ ᠤᠨ ᠴᠢᠬᠤᠯᠠ ᠨᠥᠯᠥᠭᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠤᠢ᠂ ᠳᠤᠮᠳᠠᠳᠤ ᠤᠯᠤᠰ  ᠯᠤᠭ᠎ᠠ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯᠠᠲᠤ ᠪᠤᠷᠤ ᠲᠦᠯᠦᠪ  ᠤᠨ ᠳᠣᠣᠷ᠎ᠠ ᠤᠯᠤᠯᠴᠠᠭ᠎ᠠ ᠬᠠᠮᠲᠤᠷᠠᠯᠴᠠᠭ᠎ᠠ ᠪᠠᠨ ᠨᠢᠭᠲᠠᠷᠠᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃ ︵ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 7 ᠤ ᠴᠠᠬᠢᠯᠭᠠᠨ ᠮᠡᠳᠡᠭᠡ︶
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号