ᠡᠮᠴᠢᠯᠡᠭᠡᠨ ᠤ ᠰᠦᠢᠳᠭᠡᠯ ᠤᠨ ᠡᠯᠧᠺᠳ᠋ᠷᠣᠨ ᠫᠢᠶᠣᠣ ᠪᠠᠷᠢᠮᠲᠠ ᠶᠢᠨ ᠥᠭᠡᠷᠡᠴᠢᠯᠡᠯᠲᠡ ᠱᠠᠳᠤᠴᠢ ᠴᠢᠨᠠᠷᠳᠠᠢ ᠠᠮᠵᠢᠯᠳᠠ ᠤᠯᠪᠠ
ᠨᠡᠶᠢᠲᠡᠯᠡᠭᠰᠡᠨ ᠴᠠᠭ᠄
2021/9/9
     ᠡᠮᠦᠨᠡᠭᠡᠨ᠂ ᠮᠠᠨ ᠤ ᠤᠷᠤᠨ ᠤ ᠠᠩᠬᠠᠳᠤᠭᠠᠷ ᠡᠮᠴᠢᠯᠡᠭᠡᠨ ᠤ ᠰᠦᠢᠳᠭᠡᠯ ᠤᠨ ᠡᠯᠧᠺᠳ᠋ᠷᠣᠨ ᠫᠢᠶᠣᠣ ᠪᠠᠷᠢᠮᠲᠠ ᠶᠢ ᠡᠬᠢᠯᠡᠨ ᠬᠡᠷᠡᠭᠯᠡᠬᠦ ᠶᠣᠰᠣᠯᠠᠯ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶᠠᠨ ᠳᠤ ᠶᠠᠪᠤᠭᠳᠠᠪᠠ᠂ ᠡᠨᠡ ᠨᠢ ᠮᠠᠨ ᠤ ᠣᠷᠣᠨ ᠤ ᠡᠮᠴᠢᠯᠡᠭᠡᠨ ᠤ ᠰᠦᠢᠳᠭᠡᠯ ᠤᠨ ᠡᠯᠧᠺᠳ᠋ᠷᠣᠨ ᠫᠢᠶᠣᠣ ᠪᠠᠷᠢᠮᠲᠠ ᠶᠢᠨ ᠥᠭᠡᠷᠡᠴᠢᠯᠡᠯᠲᠡ ᠶᠢᠨ ᠠᠵᠢᠯ ᠱᠠᠲᠤᠴᠢ ᠴᠢᠨᠠᠷᠲᠠᠶ ᠦᠷ᠎ᠡ ᠪᠦᠲᠦᠭᠡᠯ ᠣᠯᠤᠭᠰᠠᠨ ᠢ ᠬᠠᠷᠠᠭᠤᠯᠵᠤ ᠪᠠᠶᠢᠨ᠎ᠠ᠃      ᠲᠠᠨᠢᠯᠴᠠᠭᠤᠯᠤᠭᠰᠠᠨ ᠢᠶᠠᠷ᠂ ᠪᠥᠬᠦ ᠣᠷᠣᠨ ᠳᠤ ᠡᠮᠴᠢᠯᠡᠭᠡᠨ ᠤ ᠰᠦᠢᠳᠭᠡᠯ ᠤᠨ ᠡᠯᠧᠺᠳ᠋ᠷᠣᠨ ᠫᠢᠶᠣᠣ ᠪᠠᠷᠢᠮᠲᠠ ᠶᠢ ᠡᠬᠢᠯᠡᠨ ᠬᠡᠷᠡᠭᠯᠡᠬᠦ ᠪᠣᠯ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠵᠢᠯᠯᠠᠭ᠎ᠠ ᠶᠢᠨ ᠳᠤᠮᠳᠠᠬᠢ ᠪᠠᠰᠠ ᠨᠢᠭᠡᠨ ᠴᠢᠬᠤᠯᠠ ᠠᠷᠭ᠎ᠠ ᠬᠡᠮᠵᠢᠶ᠎ᠡ ᠪᠤᠯᠬᠤ ᠪᠦᠭᠡᠳ ᠠᠷᠠᠳ ᠣᠯᠠᠨ ᠤ ᠡᠪᠡᠳᠴᠢᠨ ᠦᠵᠡᠬᠦᠯᠬᠦ ᠳᠤ ᠮᠦᠷᠯᠡᠬᠦ ᠠᠰᠠᠭᠤᠳᠠᠯ ᠢ ᠰᠢᠢᠳᠪᠦᠷᠢᠯᠡᠬᠦ ᠪᠦᠲᠦᠮᠵᠢᠲᠡᠶ ᠠᠷᠭ᠎ᠠ ᠬᠡᠮᠵᠢᠶ᠎ᠡ ᠶᠢᠨ ᠨᠢᠭᠡ ᠪᠤᠯᠤᠨ᠎ᠠ᠃ ᠪᠥᠬᠦ ᠣᠷᠣᠨ ᠤ ᠲᠦᠷᠦᠭᠦᠦ ᠪᠦᠯᠦᠭ ᠡᠮᠴᠢᠯᠡᠭᠡᠨ ᠤ ᠰᠦᠢᠳᠭᠡᠯ ᠤᠨ ᠡᠯᠧᠺᠳ᠋ᠷᠣᠨ ᠫᠢᠶᠣᠣ ᠪᠠᠷᠢᠮᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠨᠢᠭᠡᠴᠢ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠡᠮᠨᠡᠯᠭᠡ ᠶᠢᠨ ᠬᠤᠷᠢᠶᠠᠨ ᠤ ᠰᠦᠢᠳᠭᠡᠯ ᠬᠤᠷᠢᠶᠠᠬᠤ ᠰᠢᠰᠲ᠋ᠧᠮ ᠪᠠ ᠡᠳ᠋ ᠤᠨ ᠵᠠᠰᠠᠭ ᠤᠨ ᠡᠯᠧᠺᠳ᠋ᠷᠣᠨ ᠫᠢᠶᠣᠣ ᠪᠠᠷᠢᠮᠲᠠ ᠶᠢᠨ ᠰᠢᠰᠲ᠋ᠧᠮ ᠢ ᠵᠣᠯᠭᠠᠭᠤᠯᠬᠤ ᠠᠵᠢᠯ ᠢ ᠴᠢᠨᠠᠷᠯᠢᠭ ᠪᠦᠭᠡᠳ ᠲᠤᠭ᠎ᠠ ᠶᠣᠰᠣᠭᠠᠷ ᠪᠡᠶᠡᠯᠡᠭᠦᠯᠵᠦ᠂ ᠰᠦᠯᠵᠢᠶᠡᠨ ᠤ ᠴᠢᠮᠡᠭᠡ ᠬᠤᠯᠪᠣᠭ᠎ᠠ ᠪᠠᠷ ᠬᠥᠮᠦᠨ ᠤ ᠬᠦᠴᠦ ᠪᠠᠷ ᠳᠠᠮᠵᠢᠭᠤᠯᠬᠤ ᠶᠢ ᠣᠷᠣᠯᠠᠭᠤᠯᠪᠠ᠃ ᠲᠣᠰ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠰᠦᠢᠳᠭᠡᠯ ᠤᠨ ᠡᠯᠧᠺᠳ᠋ᠷᠣᠨ ᠫᠢᠶᠣᠣ ᠪᠠᠷᠢᠮᠲᠠ ᠶᠢᠨ ᠲᠤᠬᠠᠶᠢᠯᠠᠭᠰᠠᠨ ᠠᠵᠢᠯ ᠤᠨ ᠬᠡᠰᠡᠭ ᠭᠤᠭᠴᠤᠭᠠᠨ ᠳᠠᠬᠢ ᠬᠡᠷᠡᠭᠯᠡᠯᠲᠡ ᠶᠢ ᠳᠠᠭᠠᠯᠳᠤᠨ᠂ ᠬᠤᠶᠢᠰᠢᠳᠠ ᠡᠮ ᠡᠮᠨᠡᠯᠭᠡ ᠶᠢᠨ ᠳᠠᠭᠠᠳᠬᠠᠯ ᠤᠨ ᠲᠠᠩᠰᠠᠨ ᠠᠴᠠ ᠲᠠᠶᠢᠯᠬᠤ᠂ ᠬᠤᠳᠠᠯᠳᠤᠭᠠᠨ ᠤ ᠳᠠᠭᠠᠳᠬᠠᠯ ᠤᠨ ᠲᠥᠯᠥᠪᠦᠷᠢ ᠥᠭᠬᠦ᠂ ᠭᠠᠵᠠᠷ ᠣᠷᠣᠨ ᠠᠯᠤᠰᠯᠠᠨ ᠲᠠᠩᠰᠠᠨ ᠠᠴᠠ ᠴᠠᠶᠢᠷᠠᠭᠤᠯᠬᠤ ᠵᠡᠷᠭᠡ ᠲᠤᠬᠠᠶᠢᠯᠠᠭᠰᠠᠨ ᠠᠵᠢᠯ ᠤᠨ ᠭᠤᠭᠴᠤᠭ᠎ᠠ ᠳᠡᠭᠡᠷ᠎ᠡ ᠭᠡᠷᠡᠭᠯᠡᠯᠳᠡ ᠳᠤ ᠤᠷᠤᠭᠤᠯᠵᠦ᠂ ᠡᠪᠡᠳᠴᠢᠲᠡᠨ ᠤ ᠡᠪᠡᠳᠴᠢᠨ ᠦᠵᠡᠭᠦᠯᠵᠦ ᠲᠠᠩᠰᠠᠨ ᠠᠴᠠ ᠴᠠᠶᠢᠷᠠᠭᠤᠯᠬᠤ ᠠᠰᠠᠭᠤᠳᠠᠯ ᠢ ᠰᠢᠢᠳᠪᠦᠷᠢᠯᠡᠬᠦ ᠶᠢ ᠤᠯᠠᠮ ᠨᠢᠭᠡ ᠠᠯᠬᠤᠮ ᠠᠬᠢᠭᠤᠯᠬᠤ ᠪᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号