ᠡᠳ᠋ ᠤᠨ ᠵᠠᠰᠠᠭ ᠤᠨ ᠶᠠᠮᠤᠨ ᠠᠴᠠ ᠣᠶᠢᠯᠠᠭᠠᠭᠰᠠᠨ ᠨᠢ᠂ ᠲᠥᠪ ᠤᠨ ᠡᠳ᠋ ᠤᠨ ᠵᠠᠰᠠᠭ ᠠᠴᠠ ᠣᠶᠢᠷ᠎ᠠ ᠳᠤ | 100 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠪᠠᠭᠤᠯᠭᠠᠵᠤ᠂ ᠠᠮᠤ ᠪᠤᠳᠠᠭ᠎ᠠ ᠪᠣᠳᠠᠲᠠᠶ ᠳᠠᠷᠢᠭᠰᠠᠨ | ᠲᠠᠷᠢᠶᠠᠴᠢᠳ ᠲᠤ ᠨᠢᠭᠡ ᠯᠡ ᠤᠳᠠᠭᠠᠨ ᠤ ᠴᠢᠨᠠᠷᠲᠠᠶ ᠲᠠᠷᠢᠶᠠᠯᠠᠩ ᠳᠤ ᠬᠡᠷᠡᠭᠯᠡᠬᠦ ᠡᠳ᠋ ᠪᠠᠷᠠᠭᠠᠨ ᠤ ᠨᠥᠬᠦᠪᠥᠷᠢ ᠶᠢ | ᠳᠠᠬᠢᠨᠲᠠ ᠣᠯᠭᠤᠵᠤ᠂ ᠨᠠᠮᠤᠷ ᠤᠨ ᠬᠤᠷᠢᠶᠠᠯᠲᠠ ᠨᠠᠮᠤᠷ ᠤᠨ ᠲᠠᠷᠢᠶᠠᠯᠠᠭ᠎ᠠ ᠶᠢ ᠨᠢᠭᠡᠳᠦᠯᠲᠡᠶ ᠲᠥᠯᠥᠪᠯᠡᠨ ᠳᠡᠮᠵᠢᠵᠦ᠂ | ᠲᠠᠷᠢᠶᠠᠯᠠᠩ ᠳᠤ ᠬᠡᠷᠡᠭᠯᠡᠬᠦ ᠡᠳ᠋ ᠪᠠᠷᠠᠭᠠᠨ ᠤ ᠦᠨ᠎ᠡ ᠬᠠᠩᠰᠢ ᠥᠰᠦᠭᠰᠡᠨ ᠠᠴᠠ ᠪᠣᠯᠤᠭᠰᠠᠨ ᠠᠮᠤ ᠪᠤᠳᠠᠭ᠎ᠠ ᠳᠠᠷᠢᠬᠤ | ᠵᠠᠷᠤᠯᠭ᠎ᠠ ᠨᠡᠮᠡᠭᠳᠡᠬᠦ ᠨᠥᠯᠥᠭᠡ ᠶᠢ ᠨᠠᠮᠳᠠᠭᠤᠯᠵᠤ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠤᠯᠠᠮ | ᠲᠠᠶᠢᠴᠢᠯᠠᠬᠤ ᠪᠠᠶᠢᠨ᠎ᠠ᠃ ᠢᠩᠭᠢᠭᠡᠳ 2022 ᠣᠨ ᠳᠤ ᠲᠥᠪ ᠤᠨ ᠡᠳ᠋ ᠤᠨ ᠵᠠᠰᠠᠭ ᠠᠴᠠ ᠭᠤᠷᠪᠠᠨ ᠪᠦᠯᠦᠭ | ᠬᠤᠪᠢᠶᠠᠨ ᠨᠡᠶᠢᠳᠡ 400 ᠳ᠋ᠦᠩᠰᠢᠭᠤᠷ ᠲᠥᠭᠦᠷᠢᠭ ᠤᠨ ᠨᠥᠬᠦᠪᠥᠷᠢ ᠮᠥᠩᠭᠦ ᠪᠠᠭᠤᠯᠭᠠᠪᠠ᠃ | ᠡᠳ᠋ ᠤᠨ ᠵᠠᠰᠠᠭ ᠤᠨ ᠶᠠᠮᠤᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠨᠥᠬᠦᠪᠥᠷᠢ ᠤᠯᠬᠤ ᠡᠲᠡᠭᠡᠳ ᠪᠣᠯ | ᠮᠥᠨ ᠬᠦ ᠲᠠᠷᠢᠶᠠᠯᠠᠩ ᠳᠤ ᠬᠡᠷᠡᠭᠯᠡᠬᠦ ᠡᠳ᠋ ᠪᠠᠷᠠᠭᠠᠨ ᠤ ᠦᠨ᠎ᠡ ᠬᠠᠩᠰᠢ ᠥᠰᠦᠭᠰᠡᠨ ᠥᠪᠡᠷ ᠤᠨ ᠥᠷᠲᠡᠭ ᠢ ᠪᠣᠳᠠᠲᠠᠶ | ᠡᠭᠦᠷᠭᠡᠯᠡᠳᠡᠭ ᠪᠣᠳᠠᠲᠠᠶ ᠠᠮᠤ ᠪᠤᠳᠠᠭ᠎ᠠ ᠳᠠᠷᠢᠭᠴᠢ ᠪᠣᠯᠤᠨ᠎ᠠ᠃ ᠡᠯ᠎ᠡ ᠭᠠᠵᠠᠷ ᠣᠷᠣᠨ ᠨᠤᠭᠤᠳ ᠬᠤᠯᠪᠣᠭᠳᠠᠯ ᠪᠦᠬᠦᠢ | ᠪᠠᠶᠢᠳᠠᠯ ᠲᠠᠢ ᠤᠶᠠᠯᠳᠤᠭᠤᠯᠤᠨ ᠨᠥᠬᠦᠪᠥᠷᠢ ᠶᠢᠨ ᠪᠠᠷᠢᠮᠵᠢᠶ᠎ᠠ ᠶᠢ ᠶᠡᠷᠦᠩᠬᠡᠶᠢᠯᠡᠨ ᠲᠣᠭᠲᠠᠭᠠᠵᠤ᠂ ᠣᠳᠣᠬᠢᠴᠢᠯᠠᠭᠰᠠᠨ | ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠦᠷᠭᠦᠯᠵᠢᠯᠡᠨ ︽ᠨᠡᠶᠢᠳᠡᠮ ᠬᠡᠷᠡᠭᠯᠡᠭᠳᠡᠬᠦ | ᠺᠠᠷᠲ︾ ᠢᠶᠠᠷ ᠳᠠᠮᠵᠢᠭᠤᠯᠤᠨ᠂ ᠨᠥᠬᠦᠪᠥᠷᠢ ᠶᠢᠨ ᠪᠡᠯᠡ ᠮᠥᠩᠭᠦ ᠶᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠨᠢ | ᠪᠣᠳᠠᠲᠠᠶᠢᠵᠢᠭᠤᠯᠤᠨ ᠣᠯᠭᠤᠬᠤ ᠬᠡᠷᠡᠭᠲᠡᠶ ᠭᠡᠵᠡᠢ᠃ | | |