ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠭᠦᠨᠵᠡᠭᠡᠢ ᠶᠠᠷᠢᠯᠴᠠᠪᠠ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠦᠭᠡ ᠬᠡᠯᠡᠪᠡ
ᠨᠡᠶᠢᠲᠡᠯᠡᠭᠰᠡᠨ ᠴᠠᠭ᠄
2022/10/20
    10 ᠰᠠᠷ᠎ᠠ ᠶᠢᠨ 17 ᠤ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠵᠦ ᠪᠠᠶᠢᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠭᠦᠨᠵᠡᠭᠡᠢ ᠶᠠᠷᠢᠯᠴᠠᠪᠠ᠃ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠦᠭᠡ ᠬᠡᠯᠡᠪᠡ᠃

   ᠬᠤᠷᠠᠯ ᠤᠨ ᠲᠠᠯᠠᠪᠠᠢ ᠭᠦᠷ ᠬᠥᠭᠵᠢᠶᠡᠨ ᠢᠶᠠᠷ ᠪᠢᠯᠬᠠᠵᠤ᠂ ᠲᠥᠯᠥᠭᠡᠯᠡᠭᠴᠢᠳ ᠢᠳᠡᠪᠬᠢᠲᠡᠢ ᠪᠠᠷ ᠦᠭᠡ

ᠬᠡᠯᠡᠵᠡᠭᠡᠪᠡ᠃ ᠯᠢ ᠰᠢᠤ ᠯᠢᠩ᠂ ᠶᠠᠩ ᠸᠧᠢ ᠳ᠋ᠦᠩ᠂ ᠯᠢᠦ ᠱᠤᠸᠠᠩ᠂ ᠲᠢᠩ · ᠪᠠᠭᠠᠲᠤᠷ᠂ ᠮᠧᠢ ᠶᠤᠸᠠᠨ ᠰᠢᠤᠸᠠᠢ᠂

ᠯᠢ ᠯᠢ᠂ ᠵᠤᠤ ᠵᠢᠩ᠂ ᠶᠠᠩ ᠵᠢᠢ ᠫᠧᠩ᠂ ᠸᠠᠩ ᠭᠠᠢ ᠮᠧᠢ᠂ ᠳ᠋ᠢᠩ ᠰᠢᠤ ᠹᠧᠩ᠂ ᠮᠧᠩ ᠰᠢᠶᠠᠨ ᠳ᠋ᠦᠩ᠂

ᠬᠤᠸᠠᠩ ᡁᠢ ᠴᠢᠶᠠᠩ᠂ ᠬᠦᠦᠳᠠᠭᠤᠯᠠ᠂ ᠵᠧᠩ ᠭᠤᠸᠠᠩ ᠵᠤᠤ᠂ ᠸᠠᠨ ᠴᠤᠤ ᠴᠢ᠂ ᠶᠣᠣ ᠶᠦᠩ ᠪᠦᠸᠧ᠂ ᠸᠠᠩ

ᠰᠢᠤ ᡁᠢ᠂ ᠪᠠᠭᠠᠲᠤᠷ᠂ ᠳ᠋ᠧᠩ ᠢᠦᠢ᠂ ᠲᠠᠶᠢᠴᠢᠨ᠂ ᠪᠠᠢ ᠵᠢᠩ᠂ ᠯᠢᠦ ᡁᠢ ᠢᠦᠢ᠂ ᠯᠢᠦ ᠱᠣ᠋ ᠵᠢᠶᠦ᠋ᠨ᠂ ᠾᠧ

ᠢᠦᠢ ᠴᠦᠨ᠂ ᠵᠠᠩ ᠰᠠᠨ ᠮᠢᠩ᠂ ᠵᠠᠩ ᠭᠧᠨ ᠵᠢᠦ᠂ ᠵᠠᠩ ᠰᠢᠶᠣᠣ ᠪᠢᠩ᠂ ᠵᠢᠩᠺᠡᠷ ᠨᠠᠷᠠ᠂ ᠵᠤᠤ ᠶᠢᠩ ᠬᠤᠢ ᠨᠠᠷ

ᠤᠷᠢᠳ ᠬᠤᠵᠢᠳ ᠦᠭᠡ ᠬᠡᠯᠡᠵᠦ᠂ ᠢᠯᠡᠳᠬᠡᠯ ᠤᠨ ᠲᠣᠭᠤᠷᠢᠨ ᠳᠤ ᠨᠠᠷᠢᠨ ᠬᠢᠨᠠᠮᠠᠭᠠᠢ ᠶᠠᠷᠢᠯᠴᠠᠨ ᠰᠠᠨᠠᠯ ᠢᠶᠠᠨ

ᠰᠣᠯᠢᠯᠴᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠠᠨᠢᠯᠲᠠ ᠪᠠ ᠲᠥᠷᠥᠭᠳᠡᠯ ᠢᠶᠠᠨ ᠴᠢᠯᠦᠭᠡᠲᠡᠢ

ᠶᠠᠷᠢᠵᠠᠭᠠᠪᠠ᠃ ᠤᠯᠠᠨ ᠢᠶᠠᠷ ᠢᠶᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠥᠨᠳᠥᠷ ᠲᠤ ᠵᠣᠭᠰᠣᠨ

ᠠᠯᠤᠰ ᠢ ᠪᠠᠷᠠᠯᠠᠵᠥ᠂ ᠰᠦᠷ ᠳᠠᠯᠠᠶᠢᠴᠠᠲᠠᠢ᠂ ᠠᠭᠤᠯᠤᠭᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨ

ᠭᠦᠨᠵᠡᠭᠡᠢ ᠪᠠᠶᠢᠵᠤ᠂ ᠰᠢᠨ᠎ᠡ ᠴᠠᠭ ᠦᠶ᠎ᠡ ᠳᠤ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢ

ᠠᠬᠢᠭᠤᠯᠬᠤ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠪᠣᠯᠣᠨ᠎ᠠ᠂ ᠡᠨᠡ ᠬᠦ ᠢᠯᠡᠳᠬᠡᠯ ᠢ ᠪᠦᠷᠢᠮᠦᠰᠦᠨ

ᠵᠥᠪᠰᠢᠶᠡᠷᠡᠵᠦ ᠪᠠᠶᠢᠬᠤ ᠪᠥᠭᠡᠳ ᠡᠷᠡᠰ ᠬᠦᠷᠢᠶᠡᠯᠡᠵᠦ ᠪᠠᠶᠢᠨ᠎ᠠ ᠭᠡᠵᠦ ᠰᠠᠨᠠᠯ ᠨᠢᠭᠡᠲᠡᠢ ᠦᠵᠡᠵᠡᠭᠡᠪᠡ᠃

   ᠰᠦᠨ ᠱᠤᠤ ᠴᠧᠩ ᠲᠥᠯᠥᠭᠡᠯᠡᠭᠴᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠲᠤᠭ ᠲᠡᠮᠳᠡᠭ

ᠲᠣᠳᠣᠷᠬᠠᠢ᠂ ᠬᠠᠷᠠᠭ᠎ᠠ ᠠᠭᠤᠳᠠᠮ᠂ ᠰᠡᠳᠬᠢᠯ ᠢ ᠨᠢᠭᠡᠳᠬᠡᠨ ᠬᠦᠴᠦ ᠶᠢ ᠬᠠᠮᠲᠤᠳᠬᠠᠵᠤ᠂ ᠣᠮᠤᠭ ᠢ ᠬᠥᠭᠵᠢᠭᠡᠨ

ᠵᠣᠷᠢᠭ ᠢ ᠬᠥᠪᠴᠢᠯᠡᠵᠦ᠂ ᠳᠤᠮᠳᠠᠳᠤ ᠤᠯᠤᠰ ᠤᠨ ᠠᠰᠠᠭᠤᠯᠲᠠ᠂ ᠳᠡᠯᠡᠬᠡᠢ ᠶᠢᠨ ᠠᠰᠠᠭᠤᠯᠲᠠ᠂ ᠠᠷᠠᠳ ᠲᠦᠮᠡᠨ ᠤ

ᠠᠰᠠᠭᠤᠯᠲᠠ᠂ ᠴᠠᠭ ᠦᠶ᠎ᠡ ᠶᠢᠨ ᠠᠰᠠᠭᠤᠯᠲᠠ ᠶᠢ ᠭᠦᠨᠵᠡᠭᠡᠢ ᠬᠠᠷᠢᠭᠤᠯᠵᠤ᠂ ᠵᠠᠭᠤᠨ ᠵᠢᠯ ᠤᠨ ᠲᠣᠮᠣ ᠨᠠᠮ ᠤᠨ

ᠲᠣᠭᠲᠠᠯ ᠬᠦᠴᠦᠨ ᠰᠥᠰᠥ ᠵᠣᠷᠢᠭ ᠪᠠ ᠶᠡᠭᠡ ᠤᠯᠤᠰ ᠤᠨ ᠰᠡᠷᠭᠦᠨ ᠮᠠᠨᠳᠤᠯᠲᠠ ᠶᠢᠨ ᠡᠷᠴᠢ ᠵᠣᠷᠢᠭ ᠢᠲᠡᠭᠡᠯ

ᠵᠣᠷᠢᠭ ᠢ ᠭᠦᠢᠴᠡᠳ ᠢᠯᠡᠷᠡᠭᠦᠯᠵᠦ᠂ ᠦᠭᠡ ᠥᠭᠦᠯᠡᠪᠦᠷᠢ ᠪᠦᠷᠢ ᠳᠤᠨᠢ ᠲᠡᠦᠬᠡ ᠶᠢᠨ ᠡᠭᠦᠷᠭᠡᠲᠦ ᠰᠡᠳᠬᠢᠯᠭᠡ᠂

ᠤᠨᠤᠯ ᠤᠨ ᠬᠦᠨᠳᠦ ᠴᠢᠬᠢᠮᠡᠢ ᠰᠡᠳᠬᠢᠯᠭᠡ᠂ ᠪᠠᠶᠢᠯᠳᠤᠬᠤ ᠪᠣᠳᠣᠯᠭ᠎ᠠ ᠶᠢᠨ ᠭᠦᠨᠵᠡᠭᠡᠶᠢᠷᠡᠯ ᠰᠡᠳᠬᠢᠯᠭᠡ ᠪᠠᠷ ᠪᠢᠯᠬᠠᠮ᠎ᠠ

ᠪᠠᠶᠢᠵᠤ᠂ ᠳᠡᠯᠡᠬᠡᠢ ᠳ᠋ᠠᠬᠢᠨ ᠢ ᠪᠠᠭᠲᠠᠭᠠᠬᠤ ᠥᠷᠭᠡᠨ ᠬᠠᠷᠠᠭ᠎ᠠ᠂ ᠰᠡᠷᠭᠦᠨ ᠮᠠᠨᠳᠤᠵᠤ ᠬᠦᠴᠦᠷᠬᠡᠭᠵᠢᠬᠦ ᠶᠡᠭᠡ ᠪᠣᠳᠣᠯᠭ᠎ᠠ

᠂ ᠥᠭᠡᠷᠡᠴᠢᠯᠡᠨ ᠰᠢᠨᠡᠳᠬᠡᠬᠦ ᠰᠥᠰᠥ ᠵᠣᠷᠢᠭ᠂ ᠤᠯᠤᠰ ᠤᠨ ᠲᠥᠯᠥᠭᠡ ᠠᠷᠠᠳ ᠤᠨ ᠳᠥᠯᠥᠭᠡᠨ ᠤ ᠶᠡᠭᠡ ᠬᠠᠶᠢᠷ᠎ᠠ

ᠰᠡᠳᠬᠢᠯᠭᠡ ᠶᠢ ᠢᠯᠡᠷᠡᠭᠦᠯᠵᠦ᠂ ᠦᠭᠡ ᠦᠰᠦᠭ ᠪᠣᠯᠭᠠᠨ ᠳᠤᠨᠢ ᠣᠮᠤᠭ ᠵᠣᠷᠢᠭ ᠪᠠᠳᠠᠷᠠᠩᠭᠤᠢ ᠡᠷᠡᠮᠡᠬᠡᠶᠢᠯᠡᠨ

ᠲᠡᠮᠡᠴᠡᠵᠦ ᠡᠷᠡᠯᠬᠡᠭ ᠰᠢᠭᠤᠷᠬᠠᠢ ᠪᠠᠷ ᠤᠷᠤᠭᠰᠢᠯᠠᠬᠤ ᠣᠶᠤᠨ ᠰᠠᠨᠠᠭᠠᠨ ᠤ ᠪᠠᠶᠢᠳᠠᠯ ᠪᠠ ᠲᠡᠮᠡᠴᠡᠯ ᠤᠨ ᠳᠦᠷᠰᠦ

ᠪᠠᠶᠢᠳᠠᠯ ᠢᠶᠠᠷ ᠪᠢᠯᠬᠠᠮ᠎ᠠ ᠪᠠᠶᠢᠨ᠎ᠠ᠃ ᠢᠯᠡᠳᠬᠡᠯ ᠢ ᠰᠤᠷᠤᠯᠴᠠᠬᠰᠡᠨ ᠤᠨᠴᠠᠭᠠᠢ ᠭᠦᠨ ᠲᠥᠷᠥᠭᠳᠡᠯ ᠪᠣᠯ᠂ ᠨᠢᠭᠡ ᠳᠤ᠂

ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠭ ᠢ ᠤᠯᠠᠮ ᠥᠨᠳᠥᠷ ᠮᠠᠨᠳᠤᠭᠤᠯᠪᠠ︔

ᠬᠤᠶᠠᠷ ᠲᠤ᠂ ︽ᠬᠤᠶᠠᠷ ᠢ ᠲᠣᠭᠲᠠᠭᠠᠭᠰᠠᠨ︾ ᠭᠡᠬᠦ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠦᠷ᠎ᠡ

ᠪᠦᠲᠦᠭᠡᠯ ᠨᠢ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ

ᠰᠡᠳᠬᠢᠯ ᠵᠢᠷᠦᠬᠡᠨ ᠳᠤ ᠶᠠᠪᠤᠬᠤ ᠲᠤᠳᠤᠮ ᠭᠦᠨ ᠰᠠᠭᠤᠬᠳᠠᠪᠠ︔ ᠭᠤᠷᠪᠠ ᠳᠤ᠂ ᠳᠤᠮᠳᠠᠳᠤ ᠶᠢᠨ ᠦᠨᠳᠦᠰᠦᠲᠡᠨ ᠤ

ᠠᠭᠤᠤ ᠶᠡᠭᠡ ᠰᠡᠷᠭᠦᠨ ᠮᠠᠨᠳᠤᠯᠲᠠ ᠭᠡᠬᠦ ᠡᠨᠡ ᠬᠦ ᠬᠦᠰᠡᠯ ᠵᠡᠭᠦᠳᠦ ᠶᠠᠪᠤᠬᠤ ᠲᠤᠳᠤᠮ ᠪᠡᠶᠡᠯᠡᠭᠳᠡᠬᠦ ᠣᠶᠢᠷᠠᠳᠴᠤ

ᠪᠠᠶᠢᠨ᠎ᠠ︔ ᠲᠦᠷᠪᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠭᠡᠬᠦ ᠡᠨᠡ ᠬᠦ ᠲᠣᠮᠣ ᠨᠠᠮ ᠶᠠᠪᠤᠬᠤ ᠲᠤᠳᠤᠮ

ᠪᠠᠲᠤ ᠴᠢᠩᠭ᠎ᠠ ᠬᠦᠴᠦᠨ ᠲᠠᠢ ᠪᠣᠯᠵᠤ ᠪᠠᠶᠢᠨ᠎ᠠ᠃ ᠵᠢᠷᠤᠭ ᠲᠥᠰᠥᠪ ᠨᠢᠭᠡᠨᠲᠡ ᠵᠢᠷᠤᠭᠯᠠᠭᠳᠠᠵᠤ᠂ ᠵᠠᠩᠭᠢᠯᠠᠭ᠎ᠠ ᠨᠢ

ᠨᠠᠶᠢᠳᠠᠪᠤᠷᠢᠵᠢᠭᠤᠯᠬᠤ ᠳᠤ ᠪᠠᠶᠢᠨ᠎ᠠ᠃ ᠪᠢᠳᠡ ︽ᠬᠤᠶᠠᠷ ᠢ ᠲᠣᠭᠲᠠᠭᠠᠭᠰᠠᠨ︾ ᠢ ᠨᠡᠩ ᠡᠷᠡᠰ ᠪᠠᠲᠤ ᠪᠥᠭᠡᠳ

ᠤᠬᠠᠮᠰᠠᠷ ᠠᠴᠠ ᠪᠠᠨ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ︽ᠭᠤᠷᠪᠠᠨ ᠡᠷᠬᠡᠪᠰᠢ︾ ᠶᠢ

ᠪᠠᠲᠤ ᠴᠡᠭᠡᠵᠢᠯᠡᠵᠦ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠤ

ᠪᠠᠶᠢᠳᠠᠯ ᠲᠠᠢ ᠨᠢᠭᠲᠠ ᠤᠶᠠᠯᠳᠤᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ

ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠡᠨ ᠬᠦ ᠠᠳᠬᠤᠨ ᠪᠣᠳᠠᠲᠠᠢ ᠬᠢᠵᠦ᠂ ᠬᠠᠷᠢᠭᠤᠴᠠᠯᠭ᠎ᠠ ᠡᠭᠦᠷᠭᠡᠯᠡᠨ

ᠵᠢᠳᠬᠦᠯ ᠴᠢᠷᠮᠠᠶᠢᠯᠭ᠎ᠠ ᠭᠠᠷᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ

ᠲᠠᠪᠤᠨ ᠶᠡᠭᠡ ᠡᠭᠦᠷᠭᠡ ᠶᠢ ᠡᠷᠡᠰ ᠰᠠᠶᠢᠲᠤᠷ ᠪᠡᠶᠡᠯᠡᠭᠦᠯᠦᠨ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ

ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠯᠠᠪᠳᠠᠭᠤᠨ

ᠪᠠᠲᠤᠲᠠᠢ ᠠᠬᠢᠭᠤᠯᠵᠤ᠂ ︽ᠲᠡᠰᠪᠦᠷᠢ ᠳᠠᠭᠠᠭᠠᠴᠠᠲᠠᠢ᠂ ᠴᠤᠴᠠᠯᠲᠠ ᠦᠭᠡᠢ ᠤᠷᠤᠭᠰᠢᠯᠠᠵᠤ᠂ ᠵᠣᠷᠢᠭᠰᠠᠨ ᠳᠠᠭᠠᠨ

ᠵᠠᠪᠠᠯ ᠬᠦᠷᠬᠦ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠯ᠎ᠡ ᠵᠦᠢᠯ ᠤᠨ ᠠᠵᠢᠯ ᠦᠢᠯᠡᠰ

ᠴᠡᠴᠡᠭᠯᠡᠨ ᠬᠥᠭᠵᠢᠭᠰᠡᠨ ︽ᠥᠪᠥᠷ ᠮᠣᠩᠭᠤᠯ ᠤᠨ ᠴᠤᠭ ᠵᠢᠪᠬᠤᠭ᠎ᠠ︾ ᠶᠢ ᠪᠤᠢ ᠪᠤᠯᠭᠠᠵᠤ᠂ ᠳᠤᠮᠳᠠᠳᠤ ᠤᠯᠤᠰ ᠤᠨ

ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠥᠪᠥᠷ ᠮᠣᠩᠭᠤᠯ ᠤᠨ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ

ᠭᠡᠵᠦ ᠬᠡᠯᠡᠪᠡ᠃

 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号