ᠡᠨᠡ ᠬᠦ ᠶᠠᠪᠤᠳᠠᠯ ᠢ ᠤᠮᠤᠭ ᠵᠤᠷᠢᠭ ᠲᠡᠭᠦᠯᠳᠡᠷ ᠢᠶᠠᠷ ᠬᠢᠬᠦ ᠬᠡᠷᠡᠭᠲᠡᠶ
ᠨᠡᠶᠢᠲᠡᠯᠡᠭᠰᠡᠨ ᠴᠠᠭ᠄
2022/10/21
    ︽ᠲᠠᠪᠤᠨ ᠮᠢᠩᠭ᠎ᠠ ᠭᠠᠷᠤᠢ ᠵᠢᠯ ᠲᠠᠰᠤᠯᠳᠠᠬᠰᠠᠨ ᠦᠭᠡᠢ ᠳᠤᠮᠳᠠᠳᠤ ᠶᠢᠨ ᠰᠣᠶᠣᠯ ᠪᠣᠯ ᠳᠤᠮᠳᠠᠳᠤ ᠶᠢᠨ ᠦᠨᠳᠦᠰᠦᠲᠡᠨ ᠤ ᠦᠨᠳᠦᠰᠦ ᠪᠠ ᠰᠦᠭ ᠰᠦᠨᠡᠰᠦ ᠮᠥᠨ᠃ ︽︿ᠬᠤᠶᠠᠷ ᠢ ᠤᠶᠠᠯᠳᠤᠭᠤᠯᠬᠤ﹀ ᠶᠢ ᠴᠢᠬᠤᠯᠠᠴᠢᠯᠠᠬᠤ ᠪᠣᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠤᠭᠠᠯ ᠡᠭᠦᠳᠦᠯᠲᠡ ᠶᠢᠨ ᠴᠢᠨᠠᠷᠲᠠᠢ ᠶᠠᠪᠤᠳᠠᠯ ᠪᠣᠯᠤᠨ᠎ᠠ︾᠃    ᠬᠤᠷᠠᠯ ᠤᠨ ᠲᠠᠯᠠᠪᠠᠢ ᠳᠤ᠂ ᠲᠥᠯᠥᠭᠡᠯᠡᠭᠴᠢᠳ ᠶᠡᠷᠦᠩᠬᠡᠢ ᠱᠦᠵᠢ ᠰᠢ ᠶᠢᠨ ᠫᠢᠩ ᠤᠨ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠲᠤᠬᠠᠢ ᠭᠦᠨᠵᠡᠭᠡᠢ ᠦᠭᠦᠯᠡᠯᠲᠡ ᠶᠢ ᠠᠩᠬᠠᠷᠤᠯ ᠢᠶᠠᠨ ᠲᠥᠪᠯᠡᠷᠡᠭᠦᠯᠦᠨ ᠰᠣᠨᠣᠰᠪᠠ᠃ ︽ᠥᠭᠡᠷᠡᠴᠢᠯᠡᠯᠲᠡ ᠨᠡᠬᠡᠬᠡᠯᠳᠡ ᠶᠢᠨ ᠵᠠᠮ ᠢᠶᠠᠷ ᠵᠠᠮᠨᠠᠬᠤ ᠶᠢ ᠳᠠᠭᠠᠯᠳᠤᠨ᠂ ᠵᠥᠪ ᠣᠨᠣᠪᠴᠢᠲᠠᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠡᠶᠢᠭᠡᠮ ᠵᠢᠷᠤᠮ ᠤᠨ ᠵᠠᠮ ᠤᠨ ᠪᠠᠶᠢᠭᠤᠯᠤᠭᠳᠠᠬᠤ ᠶᠢ ᠳᠠᠭᠠᠯᠳᠤᠨ᠂ ᠪᠢᠳᠡ ᠦᠢᠯᠡᠳᠦᠯᠭᠡ ᠶᠢᠨ ᠳᠤᠮᠳᠠ ᠡᠨᠡ ᠬᠦ ᠵᠠᠮ ᠤᠨ ᠵᠥᠪ ᠪᠣᠯᠬᠤ ᠶᠢ ᠦᠨᠡᠨ ᠬᠦ ᠭᠡᠷᠡᠴᠢᠯᠡᠬᠦ ᠶᠢ ᠳᠠᠭᠠᠯᠳᠤᠨ᠂ ᠰᠣᠶᠣᠯ ᠤᠨ ᠢᠲᠡᠭᠡᠯ ᠴᠦ ᠳᠠᠭᠠᠯᠳᠤᠨ ᠢᠷᠡᠭᠰᠡᠨ ᠶᠤᠮ︾᠃    ᠶᠡᠷᠦᠩᠬᠡᠢ ᠱᠦᠵᠢ ᠵᠠᠯᠭᠠᠭᠠᠳ᠄ ︽ᠳᠤᠮᠳᠠᠳᠤ ᠤᠯᠤᠰ ᠡᠨᠡ ᠬᠦ ᠵᠠᠮ ᠢᠶᠠᠷ ᠵᠠᠮᠨᠠᠭᠰᠠᠨ ᠨᠢ ᠳᠤᠮᠳᠠᠳᠤ ᠤᠯᠤᠰ ᠤᠨ ᠰᠣᠶᠣᠯ ᠲᠠᠢ ᠨᠢᠭᠲᠠ ᠬᠤᠯᠪᠣᠭ᠎ᠠ ᠲᠠᠢ ᠶᠤᠮ᠃ ᠪᠢᠳᠡᠨ ᠤ ᠵᠠᠮᠨᠠᠵᠤ ᠪᠠᠶᠢᠭ᠎ᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠤᠳᠤᠮᠰᠢᠯ ᠤᠨ ᠲᠤᠳᠤᠭᠠᠳᠤ ᠨᠢᠭᠤᠴᠠ ᠨᠢ ᠳᠠᠷᠤᠢ ᠠᠳᠡ ᠪᠤᠢ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠭᠡᠬᠦ ᠡᠨᠡ ᠬᠦ ᠤᠳᠤᠮᠰᠢᠯ ᠪᠤᠢ᠃ ᠡᠶᠢᠮᠦ ᠠᠴᠠ ᠪᠢᠳᠡ ᠤᠳᠤ ᠡᠨᠡ ᠬᠦ ᠶᠠᠪᠤᠳᠠᠯ ᠢ ᠣᠮᠤᠭ ᠵᠤᠷᠢᠭ ᠲᠡᠭᠦᠯᠳᠡᠷ ᠢᠶᠠᠷ ᠬᠢᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠠᠭᠤᠳᠠᠯᠤᠨ ᠲᠡᠭᠦᠨ ᠲᠠᠢ ᠤᠶᠠᠯᠳᠤᠭᠤᠯᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ︾ ᠭᠡᠵᠦ ᠬᠡᠯᠡᠪᠡ᠃ ᠰᠢᠨᠵᠢᠯᠡᠬᠦ ᠤᠬᠠᠭᠠᠨᠴᠢ ᠣᠪᠣᠷ ᠢᠶᠠᠷ ᠰᠢᠨᠵᠢᠯᠡᠬᠦ ᠤᠬᠠᠭᠠᠨ ᠳᠤ ᠬᠠᠨᠳᠤᠵᠤ᠂ ᠦᠨᠡᠨ ᠶᠣᠰᠣᠨ ᠤ ᠵᠣᠷᠢᠭ ᠰᠠᠨᠠᠭ᠎ᠠ ᠪᠠᠷ ᠦᠨᠡᠨ ᠶᠣᠰᠣ ᠶᠢ ᠡᠷᠢᠯᠬᠢᠯᠡᠨ᠎ᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ︽ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠨᠡᠭᠡᠭᠡᠨ᠎ᠡ︾ ᠭᠡᠬᠦ ᠪᠦᠯᠦᠭ ᠲᠤ ᠤᠨᠤᠯ ᠤᠨ ᠰᠢᠨ᠎ᠡ ᠡᠭᠦᠳᠦᠯᠲᠡ ᠶᠢᠨ ᠭᠡᠷᠡᠯ ᠭᠢᠯᠪᠠᠭ᠎ᠠ ᠰᠠᠴᠤᠷᠠᠵᠤ ᠪᠠᠶᠢᠨ᠎ᠠ᠃ ᠢᠯᠡᠳᠬᠡᠯ ᠳᠤ᠂ ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ ᠂ ᠥᠪᠡᠷ ᠢ ᠪᠠᠨ ᠢᠳᠡᠭᠡᠵᠦ ᠪᠡᠶ᠎ᠡ ᠪᠠᠨ ᠳᠠᠭᠠᠭᠠᠬᠤ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠬᠤ ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠨᠡ 6 ᠵᠤᠷᠪᠤᠰ ᠪᠣᠯ ᠶᠠᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠮᠥᠨ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号