ᠰᠤᠷᠭᠠᠨ ᠬᠥᠮᠦᠵᠢᠯ ᠤᠨ ᠶᠠᠮᠤᠨ ᠮᠡᠳᠡᠭᠳᠡᠯ ᠪᠠᠭᠤᠯᠭᠠᠪᠠ
ᠨᠡᠶᠢᠲᠡᠯᠡᠭᠰᠡᠨ ᠴᠠᠭ᠄
2022/11/10
   ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠦᠨᠦᠬᠡᠨ ︽ᠰᠢᠨ᠎ᠡ ᠬᠦᠳᠡᠭᠡ ᠠᠵᠦ ᠠᠬᠤᠢ ᠶᠢᠨ ᠰᠢᠨᠵᠢᠯᠡᠬᠦ ᠤᠬᠠᠭᠠᠨ ᠤ ᠴᠢᠳᠠᠪᠤᠷᠢᠲᠠᠨ ᠢ ᠬᠥᠮᠦᠵᠢᠭᠦᠯᠬᠦ ᠵᠢᠯᠤᠭᠤᠳᠤᠮᠵᠢ ᠶᠢᠨ ᠴᠢᠨᠠᠷᠲᠠᠶ ᠲᠤᠰᠬᠠᠶ ᠮᠡᠷᠭᠡᠵᠢᠯ ᠤᠨ ᠵᠦᠭᠯᠡᠭᠦᠷ︾᠎ ᠢ ᠳᠠᠷᠤᠮᠠᠯᠯᠠᠨ ᠲᠠᠷᠬᠠᠭᠠᠵᠤ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠰᠢᠨᠵᠢᠯᠡᠬᠦ ᠤᠬᠠᠭᠠᠨ ᠵᠡᠷᠭᠡ 12 ᠲᠤᠰᠬᠠᠶ ᠮᠡᠷᠭᠡᠵᠢᠯ ᠢ ᠰᠢᠨ᠎ᠡ ᠬᠦᠳᠡᠭᠡ ᠠᠵᠦ ᠠᠬᠤᠢ ᠶᠢᠨ ᠰᠢᠨᠵᠢᠯᠡᠬᠦ ᠤᠬᠠᠭᠠᠨ ᠤ ᠴᠢᠳᠠᠪᠤᠷᠢᠲᠠᠨ ᠢ ᠬᠥᠮᠦᠵᠢᠭᠦᠯᠬᠦ ᠵᠢᠯᠤᠭᠤᠳᠤᠮᠵᠢ ᠶᠢᠨ ᠴᠢᠨᠠᠷᠲᠠᠶ ᠲᠤᠰᠬᠠᠶ ᠮᠡᠷᠭᠡᠵᠢᠯ ᠳᠤ ᠣᠷᠣᠭᠤᠯᠪᠠ᠃

   ᠵᠦᠭᠯᠡᠭᠦᠷ ᠲᠤ᠂ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠶ ᠶᠢᠨ ᠪᠣᠯᠪᠠᠰᠤᠨ᠂ ᠣᠶᠤᠨᠴᠢ ᠲᠠᠷᠢᠶᠠᠯᠠᠩ

᠂ ᠰᠢᠮ᠎ᠡ ᠲᠡᠵᠢᠭᠡᠯ ᠬᠢᠭᠡᠳ ᠡᠷᠡᠭᠦᠯ ᠮᠡᠨᠳᠦ᠂ ᠬᠥᠳᠡᠭᠡ ᠲᠣᠰᠬᠤᠨ ᠤ ᠬᠥᠭᠵᠢᠯᠲᠡ ᠵᠡᠷᠭᠡ ᠲᠠᠪᠤᠨ ᠶᠡᠭᠡ

ᠬᠦᠷᠢᠶᠡᠨ ᠳᠤ ᠬᠠᠨᠳᠤᠭᠤᠯᠤᠨ᠂ 12 ᠰᠢᠨ᠎ᠡ ᠬᠦᠳᠡᠭᠡ ᠠᠵᠦ ᠠᠬᠤᠢ ᠶᠢᠨ ᠰᠢᠨᠵᠢᠯᠡᠬᠦ ᠤᠬᠠᠭᠠᠨ ᠤ ᠴᠢᠳᠠᠪᠤᠷᠢᠲᠠᠨ ᠢ

ᠬᠦᠮᠤᠵᠢᠭᠦᠯᠬᠦ ᠬᠥᠲᠥᠯᠥᠨ ᠵᠢᠯᠣᠭᠤᠳᠬᠤ ᠴᠢᠨᠠᠷᠲᠠᠶ ᠲᠤᠰᠬᠠᠶ ᠮᠡᠷᠭᠡᠵᠢᠯ ᠲᠤᠬᠢᠷᠠᠭᠤᠯᠪᠠ᠃ ᠡᠭᠦᠨ ᠳᠤ᠂ ᠠᠮᠤ

ᠪᠤᠳᠠᠭᠠᠨ ᠤ ᠠᠮᠤᠷ ᠲᠦᠪᠰᠢᠨ ᠤ ᠬᠦᠷᠢᠶᠡᠨ ᠳᠤ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ᠂ ᠰᠢᠨᠵᠢᠯᠡᠬᠦ

ᠤᠬᠠᠭᠠᠨ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠮᠡᠷᠭᠡᠵᠢᠯ᠂ ᠭᠠᠵᠠᠷ ᠰᠢᠷᠣᠶ ᠶᠢᠨ ᠰᠢᠨᠵᠢᠯᠡᠬᠦ ᠤᠬᠠᠭᠠᠨ

ᠬᠢᠭᠡᠳ ᠮᠡᠷᠭᠡᠵᠢᠯ ᠤᠨ ᠲᠤᠰᠬᠠᠶ ᠮᠡᠷᠭᠡᠵᠢᠯ ᠢ ᠲᠣᠬᠢᠷᠠᠭᠤᠯᠤᠨ᠎ᠠ︔ ᠠᠮᠢ ᠠᠬᠤᠶ ᠶᠢᠨ ᠪᠣᠯᠪᠠᠰᠤᠨ ᠤ ᠬᠦᠷᠢᠶ᠎ᠡ

ᠴᠠᠷ᠎ᠠ ᠳᠤ ᠠᠮᠢᠳᠤ ᠪᠣᠳᠠᠰ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠂ ᠠᠮᠢ ᠠᠬᠤᠶ ᠶᠢ ᠵᠠᠰᠠᠨ ᠰᠡᠷᠭᠦᠭᠡᠬᠦ

ᠤᠬᠠᠭᠠᠨ᠂ ᠤᠯᠤᠰ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠲᠤᠰᠬᠠᠶ

ᠮᠡᠷᠭᠡᠵᠢᠯ ᠢ ᠲᠣᠬᠢᠷᠠᠭᠤᠯᠤᠨ᠎ᠠ︔ ᠤᠶᠤᠨᠴᠢ ᠲᠠᠷᠢᠶᠠᠯᠠᠩ ᠤᠨ ᠬᠦᠷᠢᠶᠡᠨ ᠳᠤ᠂ ᠤᠶᠤᠨᠴᠢ ᠲᠠᠷᠢᠶᠠᠯᠠᠩ᠂ ᠤᠶᠤᠨᠴᠢ

ᠲᠣᠨᠣᠭᠯᠠᠯ ᠤᠨ ᠢᠨᠵᠧᠨᠧᠷᠢᠩ ᠤᠨ ᠲᠤᠰᠬᠠᠶ ᠮᠡᠷᠭᠡᠵᠢᠯ ᠢ ᠲᠣᠬᠢᠷᠠᠭᠤᠯᠤᠨ᠎ᠠ︔ ᠰᠢᠮ᠎ᠡ ᠲᠡᠵᠢᠭᠡᠯ ᠪᠠ ᠡᠷᠡᠭᠦᠯ

ᠮᠡᠨᠳᠦ ᠶᠢᠨ ᠬᠦᠷᠢᠶᠡᠨ ᠳᠤ᠂ ᠢᠳᠡᠭᠡᠨ ᠤ ᠰᠢᠮ᠎ᠡ ᠲᠡᠵᠢᠭᠡᠯ ᠪᠠ ᠡᠷᠡᠭᠦᠯ ᠮᠡᠨᠳᠦ᠂ ᠮᠠᠯ ᠡᠮᠨᠡᠯᠭᠡ ᠶᠢᠨ ᠣᠯᠠᠨ

ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠢ ᠲᠣᠬᠢᠷᠠᠭᠤᠯᠤᠨ᠎ᠠ︔ ᠬᠥᠳᠡᠭᠡ ᠲᠣᠰᠬᠤᠨ ᠤ

ᠬᠥᠭᠵᠢᠯᠲᠡ ᠶᠢᠨ ᠬᠦᠷᠢᠶᠡᠨ ᠳᠤ᠂ ᠬᠥᠳᠡᠭᠡ ᠲᠣᠰᠬᠤᠨ ᠤ ᠵᠠᠰᠠᠯᠲᠠ᠂ ᠪᠦᠬᠦ ᠪᠥᠮᠪᠥᠷᠴᠡᠭ ᠤᠨ ᠬᠦᠳᠡᠭᠡ ᠠᠵᠦ

ᠠᠬᠤᠢ ᠶᠢᠨ ᠬᠥᠭᠵᠢᠯᠲᠡ ᠶᠢᠨ ᠵᠠᠰᠠᠯᠲᠠ ᠶᠢᠨ ᠲᠤᠰᠬᠠᠶ ᠮᠡᠷᠭᠡᠵᠢᠯ ᠲᠣᠬᠢᠷᠠᠭᠤᠯᠤᠨ᠎ᠠ᠃

   ᠣᠶᠢᠯᠠᠭᠠᠭᠰᠠᠨ ᠢᠶᠠᠷ᠂ ᠵᠦᠭᠯᠡᠭᠦᠷ ᠢ ᠨᠡᠶᠢᠲᠡᠯᠡᠭᠰᠡᠨ ᠨᠢ ᠲᠤᠰᠬᠠᠶ ᠮᠡᠷᠭᠡᠵᠢᠯ ᠤᠨ ᠲᠣᠬᠢᠷᠠᠭᠤᠯᠤᠯᠲᠠ ᠬᠢᠭᠡᠳ

ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠶ

ᠠᠭᠤᠰᠤᠯᠴᠠᠯ᠂ ᠣᠷᠭᠠᠨᠢᠭ ᠵᠣᠯᠭᠠᠯᠴᠠᠭ᠎ᠠ ᠶᠢ ᠠᠬᠢᠭᠤᠯᠵᠤ᠂ ᠨᠥᠬᠦᠴᠡᠯ ᠲᠠᠢ ᠶᠡᠭᠡ ᠳᠡᠭᠡᠳᠦ ᠰᠤᠷᠭᠠᠭᠤᠯᠢ ᠶᠢ

ᠬᠥᠲᠥᠯᠥᠨ ᠳᠠᠭᠠᠭᠤᠯᠵᠤ ᠪᠠᠶᠢᠭᠠᠳ ᠰᠢᠨ᠎ᠡ ᠬᠦᠳᠡᠭᠡ ᠠᠵᠦ ᠠᠬᠤᠢ ᠶᠢᠨ ᠰᠢᠨᠵᠢᠯᠡᠬᠦ ᠤᠬᠠᠭᠠᠨ ᠤ ᠲᠤᠰᠬᠠᠶ

ᠮᠡᠷᠭᠡᠵᠢᠯ ᠢ ᠲᠣᠬᠢᠷᠠᠭᠤᠯᠬᠤ ᠶᠢᠨ ᠲᠤᠰᠠᠲᠠ ᠶᠤᠮ᠃ ᠰᠤᠷᠭᠠᠨ ᠬᠥᠮᠦᠵᠢᠯ ᠤᠨ ᠶᠠᠮᠤᠨ ᠢᠯᠡᠷᠬᠡᠶᠢᠯᠡᠬᠦ ᠳᠡᠭᠡᠨ᠂

ᠬᠥᠲᠥᠯᠥᠨ ᠵᠢᠯᠣᠭᠤᠳᠬᠤ ᠴᠢᠨᠠᠷᠲᠠᠶ ᠲᠤᠰᠬᠠᠶ ᠮᠡᠷᠭᠡᠵᠢᠯ ᠤᠨ ᠭᠠᠷᠴᠠᠭ ᠢ ᠬᠥᠳᠡᠯᠦᠩᠭᠦᠶ ᠪᠠᠷ ᠲᠣᠬᠢᠷᠠᠭᠤᠯᠬᠤ

ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠰᠢᠨᠵᠢᠯᠡᠭᠡᠨ ᠤ ᠰᠠᠯᠠᠭ᠎ᠠ ᠲᠤᠰᠬᠠᠶ ᠮᠡᠷᠭᠡᠵᠢᠯ ᠤᠨ ᠬᠥᠭᠵᠢᠯᠲᠡ ᠶᠢᠨ

ᠵᠢᠮ᠎ᠡ ᠶᠣᠰᠣ ᠶᠢ ᠵᠢᠷᠤᠮᠯᠠᠨ᠂ ᠬᠦᠳᠡᠭᠡ ᠠᠵᠦ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ

ᠬᠡᠷᠡᠭᠴᠡᠭᠡ ᠶᠢ ᠴᠠᠭ ᠲᠤᠬᠠᠶ ᠳᠤᠨᠢ ᠴᠤᠤᠷᠢᠶᠠᠲᠤᠨ ᠳᠠᠭᠠᠵᠤ᠂ ᠪᠣᠯᠭᠤᠮᠵᠢᠲᠠᠶ ᠨᠤᠲᠠᠯᠠᠯᠲᠠ ᠬᠢᠵᠦ᠂ ᠵᠦᠭᠯᠡᠭᠦᠷ ᠢ

ᠴᠠᠭ ᠲᠤᠨᠢ ᠲᠣᠬᠢᠷᠠᠭᠤᠯᠤᠨ ᠰᠢᠯᠢᠳᠡᠭᠵᠢᠭᠦᠯᠦᠨ᠎ᠡ ᠬᠡᠵᠠᠢ᠃

 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号