ᠣᠶᠢᠷ᠎ᠠ ᠳᠤ᠂ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ | ᠢᠲᠡᠭᠡᠮᠵᠢ ᠶᠢᠨ ᠺᠠᠷᠲ ᠤᠨ ᠲᠤᠰᠬᠠᠶ ᠪᠠᠶᠢᠴᠠᠭᠠᠯᠲᠠ ᠥᠷᠨᠢᠭᠦᠯᠬᠦ ᠳᠤᠮᠳᠠ᠂ ᠵᠠᠷᠢᠮ ᠺᠠᠷᠲ ᠤᠨ ᠡᠵᠡᠨ ᠳᠤ | ᠢᠲᠡᠭᠡᠮᠵᠢ ᠶᠢᠨ ᠺᠠᠷᠲ ᠢᠶᠠᠨ ᠲᠦᠷᠢᠶᠡᠰᠦᠯᠡᠭᠦᠯᠬᠦ᠂ ᠵᠢᠭᠡᠯᠡᠭᠦᠯᠬᠦ ᠵᠡᠷᠭᠡ ᠣᠶᠢᠯᠡ ᠠᠵᠢᠯᠯᠠᠭ᠎ᠠ ᠣᠷᠣᠰᠢᠵᠤ ᠪᠠᠶᠢᠬᠤ | ᠶᠢ ᠤᠯᠵᠤ ᠮᠡᠲᠡᠪᠡ᠂ ᠡᠨᠡ ᠨᠢ ︽ᠪᠠᠩᠬᠢ ᠶᠢᠨ ᠺᠠᠷᠲ ᠤᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠷᠭ᠎ᠠ | ︾ ᠶᠢᠨ ︽ᠪᠠᠩᠬᠢ ᠶᠢᠨ ᠺᠠᠷᠲ ᠢᠶᠠᠨ ᠵᠥᠪᠬᠡᠨ ᠺᠠᠷᠲ ᠤᠨ ᠡᠵᠡᠨ ᠥᠪᠡᠷ ᠢᠶᠠᠨ ᠯᠡ ᠬᠡᠷᠡᠭᠯᠡᠬᠦ ᠬᠡᠷᠡᠭᠲᠡᠢ᠂ | ᠲᠦᠷᠢᠶᠡᠰᠦᠯᠡᠭᠦᠯᠬᠦ ᠪᠠ ᠰᠢᠯᠵᠢᠭᠦᠯᠦᠨ ᠵᠢᠭᠡᠯᠡᠭᠦᠯᠵᠦ ᠪᠣᠯᠬᠤ ᠥᠬᠡᠶ︾ ᠭᠡᠬᠦ ᠲᠣᠭᠲᠠᠭᠠᠯ ᠢ ᠵᠥᠷᠢᠴᠡᠭᠰᠡᠨ ᠪᠥᠭᠡᠳ | ᠺᠠᠷᠲ ᠤᠨ ᠡᠵᠡᠨ ᠤ ᠪᠠᠯᠠ ᠮᠥᠩᠭᠦ ᠪᠠ ᠢᠲᠡᠭᠡᠮᠵᠢ ᠵᠢᠭᠡᠯᠡᠯᠭᠡ ᠤᠯᠬᠤ ᠳᠤ ᠮᠠᠰᠢ ᠠᠮᠠᠷᠬᠠᠨ ᠬᠤᠬᠢᠷᠠᠯ | ᠤᠴᠠᠷᠠᠭᠤᠯᠳᠠᠭ ᠃ | ᠥᠷᠭᠡᠨ ᠣᠯᠠᠨ ᠢᠲᠡᠭᠡᠮᠵᠢ ᠶᠢᠨ ᠺᠠᠷᠲ ᠤᠨ ᠡᠵᠡᠳ ᠲᠤ ᠰᠠᠨᠠᠭᠤᠯᠬᠤ ᠨᠢ᠂ ᠥᠪᠡᠷ ᠤᠨ ᠨᠡᠷ᠎ᠡ ᠳᠤᠤᠷᠠᠬᠢ | ᠢᠲᠡᠭᠡᠮᠵᠢ ᠶᠢᠨ ᠺᠠᠷᠲ ᠢᠶᠠᠨ ᠪᠤᠰᠤᠳ ᠲᠤ ᠲᠦᠷᠢᠶᠡᠰᠦᠯᠡᠭᠦᠯᠬᠦ᠂ ᠵᠢᠭᠡᠯᠡᠭᠦᠯᠬᠦ ᠪᠤᠶᠤ ᠪᠤᠰᠤᠳ ᠲᠤ ᠲᠤᠰᠢᠶᠠᠨ | ᠬᠠᠳᠠᠭᠠᠯᠠᠭᠤᠯᠵᠤ ᠪᠣᠯᠬᠤ ᠥᠬᠡᠶ᠂ ᠬᠤᠪᠢ ᠬᠥᠮᠦᠨ ᠵᠢᠴᠢ ᠬᠡᠷ ᠪᠦᠯᠢ ᠳᠤ ᠴᠢᠨᠢ ᠬᠤᠬᠢᠷᠠᠯ ᠤᠴᠠᠷᠠᠬᠤ ᠠᠴᠠ | ᠵᠠᠶᠢᠯᠠᠰᠬᠢᠬᠦ ᠬᠡᠷᠡᠭᠲᠡᠶ᠃ | ᠨᠢᠭᠡ᠂ ᠢᠲᠡᠭᠡᠮᠵᠢ ᠶᠢᠨ ᠺᠠᠷᠲ ᠢᠶᠠᠨ ᠲᠦᠷᠢᠶᠡᠰᠦᠯᠡᠭᠦᠯᠬᠦ ᠠᠴᠠ ᠪᠣᠯᠤᠭᠰᠠᠨ ᠠᠶᠤᠯ ᠲᠦᠭᠰᠢᠭᠦᠷᠢ᠄ | ᠲᠦᠭᠰᠢᠭᠦᠷᠢ ᠨᠢᠭᠡ᠄ ᠬᠡᠲᠦᠷᠡᠲᠡᠯ᠎ᠡ ᠵᠠᠷᠤᠬᠤ ᠵᠢᠴᠢ ᠢᠲᠡᠭᠡᠮᠵᠢ ᠶᠢᠨ ᠮᠡᠳᠡᠭᠡ ᠵᠠᠩᠭᠢ ᠬᠤᠬᠢᠷᠠᠯ ᠳᠤ ᠤᠴᠠᠷᠠᠬᠤ | ᠲᠦᠭᠰᠢᠭᠦᠷᠢ ᠬᠤᠶᠠᠷ᠄ ᠢᠲᠡᠭᠡᠮᠵᠢ ᠶᠢᠨ ᠺᠠᠷᠲ ᠢ ᠲᠣᠭᠲᠠᠭᠠᠯ ᠠᠴᠠ ᠵᠥᠷᠢᠴᠡᠨ ᠬᠡᠷᠡᠭᠯᠡᠬᠦ | ᠲᠦᠭᠰᠢᠭᠦᠷᠢ ᠭᠤᠷᠪᠠ᠄ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠬᠦ ᠳᠠᠯᠳᠠ ᠬᠡᠮ ᠪᠤᠢ ᠪᠣᠯᠬᠤ | ᠬᠤᠶᠠᠷ᠂ ᠢᠲᠡᠭᠡᠮᠵᠢ ᠶᠢᠨ ᠺᠠᠷᠲ ᠢ ᠵᠥᠪ ᠬᠦᠢᠴᠡᠳᠭᠡᠵᠦ ᠬᠡᠷᠡᠭᠯᠡᠬᠦ ᠬᠡᠷᠡᠭᠲᠡᠢ | 1.ᠬᠡᠷᠡᠭᠴᠡᠭᠡ ᠪᠠᠨ ᠦᠨᠳᠦᠰᠦᠯᠡᠨ ᠺᠠᠷᠲ ᠭᠦᠢᠴᠡᠳᠭᠡᠬᠦ ᠬᠡᠷᠡᠭᠲᠡᠶ᠃ | 2. ᠲᠣᠭᠲᠠᠭᠠᠯ ᠳᠤ ᠨᠡᠶᠢᠴᠡᠭᠦᠯᠦᠨ ᠺᠠᠷᠲ ᠠᠪᠬᠤ ᠬᠡᠷᠡᠭᠲᠡᠶ᠃ | 3. ᠺᠠᠷᠲ ᠢ ᠵᠥᠪ ᠬᠡᠷᠡᠭᠯᠡᠬᠦ ᠬᠡᠷᠡᠭᠲᠡᠶ᠃ | | | |