ᠬᠤᠪᠢ ᠨᠡᠮᠡᠬᠦ ᠶᠢ ᠬᠦᠴᠦᠨ ᠦᠭᠡᠢ ᠪᠣᠯᠭᠠᠪᠠ
ᠨᠡᠶᠢᠲᠡᠯᠡᠭᠰᠡᠨ ᠴᠠᠭ᠄
2022/11/9
   ᠰᠤᠷᠭᠠᠨ ᠬᠥᠮᠦᠵᠢᠯ ᠤᠨ ᠶᠠᠮᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠢᠯᠭᠠᠯᠲᠠ ᠪᠠᠷ ᠳᠠᠮᠵᠢᠨ ᠰᠣᠷᠣᠭᠴᠢ ᠡᠯᠰᠡᠬᠦ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠲᠠᠨᠢᠯᠴᠠᠭᠤᠯᠪᠠ᠃ ᠬᠠᠮᠢᠶᠠᠳᠠᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠵᠢᠯ ᠳᠤ᠂ ᠰᠤᠷᠭᠠᠨ ᠬᠥᠮᠦᠵᠢᠯ ᠤᠨ ᠶᠠᠮᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠬᠤᠪᠢ ᠨᠡᠮᠡᠬᠦ ᠳᠦᠷᠢᠮ ᠢ ᠲᠡᠭᠦᠯᠳᠡᠷᠵᠢᠭᠦᠯᠬᠦ ᠪᠠᠷ ᠳᠠᠮᠵᠢᠨ ᠪᠥᠬᠦ ᠤᠯᠤᠰ ᠤᠨ ᠴᠢᠨᠠᠷᠲᠠᠢ ᠰᠢᠯᠭᠠᠯᠲᠠ ᠳᠤ ᠬᠤᠪᠢ ᠨᠡᠮᠡᠬᠦ 5 ᠲᠥᠷᠥᠯ ᠢ ᠬᠦᠴᠦᠨ ᠦᠭᠡᠢ ᠪᠣᠯᠭᠠᠵᠤ᠂ ᠣᠷᠣᠨ ᠨᠤᠲᠤᠭ ᠤᠨ ᠴᠢᠨᠠᠷᠲᠠᠢ ᠬᠤᠪᠢ ᠨᠡᠮᠡᠬᠦ 95 ᠲᠥᠷᠥᠯ ᠢ ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠪᠠ ᠬᠡᠵᠠᠢ᠃

  2015 ᠣᠨ ᠪᠣᠯᠣᠨ 2019 ᠣᠨ ᠳᠤ᠂ ᠰᠤᠷᠭᠠᠨ ᠬᠥᠮᠦᠵᠢᠯ ᠤᠨ ᠶᠠᠮᠤᠨ ᠬᠠᠮᠢᠶᠠᠳᠠᠢ ᠰᠠᠯᠠᠭ᠎ᠠ

ᠮᠥᠴᠢᠷ ᠲᠠᠢ ᠬᠠᠮᠲᠤ ᠪᠠᠷ ︽ᠡᠷᠬᠡ ᠲᠡᠭᠰᠢ ᠪᠠᠶᠢᠬᠤ᠂ ᠬᠠᠮᠢᠶᠠᠷᠤᠯᠲᠠ ᠶᠢ ᠴᠢᠩᠭᠠᠳᠬᠠᠬᠤ ᠪᠠ ᠰᠢᠨᠵᠢᠯᠡᠬᠦ

ᠤᠬᠠᠭᠠᠨᠴᠢ ᠪᠠᠷ ᠵᠥᠪ ᠡᠵᠡᠮᠳᠡᠬᠦ︾ ᠵᠠᠷᠴᠢᠮ ᠢ ᠦᠨᠳᠦᠰᠦᠯᠡᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ

ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠬᠤᠪᠢ ᠨᠡᠮᠡᠬᠦ ᠠᠵᠢᠯ ᠢ ᠤᠷᠢᠳ ᠬᠤᠵᠢᠳ ᠬᠤᠶᠠᠷ ᠤᠳᠠᠭ᠎ᠠ

ᠥᠷᠨᠢᠭᠦᠯᠵᠦ᠂ ᠲᠠᠮᠢᠷ ᠲᠠᠭᠠᠨ ᠰᠠᠶᠢᠨ ᠰᠣᠷᠣᠭᠴᠢ᠂ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ

ᠣᠯᠧᠮᠫᠢᠺ ᠤᠨ ᠤᠷᠤᠯᠳᠤᠭᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠤᠨ ᠤᠷᠤᠯᠳᠤᠭᠠᠨ᠂ ᠮᠤᠵᠢ

᠎ ᠶᠢᠨ ᠳᠡᠰ ᠤᠨ ᠰᠢᠯᠢᠳᠡᠭ ᠰᠣᠷᠣᠭᠴᠢ ᠵᠡᠷᠭᠡ ᠲᠠᠪᠤᠨ ᠲᠥᠷᠥᠯ ᠤᠨ ᠪᠥᠬᠦ ᠤᠯᠤᠰ ᠤᠨ ᠴᠢᠨᠠᠷᠲᠠᠢ ᠬᠤᠪᠢ ᠨᠡᠮᠡᠬᠦ

ᠵᠦᠢᠯᠡᠰ ᠢ ᠬᠦᠴᠦᠨ ᠦᠭᠡᠢ ᠪᠣᠯᠭᠠᠵᠤ᠂ ᠪᠠᠰᠠ ᠣᠷᠣᠨ ᠨᠤᠲᠤᠭ ᠤᠨ ᠴᠢᠨᠠᠷᠲᠠᠢ ᠬᠤᠪᠢ ᠨᠡᠮᠡᠬᠦ ᠵᠦᠢᠯᠡᠰ ᠢ

ᠬᠠᠰᠤᠵᠤ᠂ ᠡᠨᠡ ᠠᠵᠢᠯ ᠢ ᠴᠢᠨᠠᠭᠰᠢᠳᠠ ᠴᠢᠩᠭᠠᠳᠬᠠᠨ᠎ᠠ ᠭᠡᠵᠤ ᠲᠣᠳᠣᠷᠬᠠᠢ ᠲᠣᠭᠲᠠᠭᠠᠵᠠᠢ᠃

  ᠡᠭᠦᠨ ᠠᠴᠠ ᠭᠠᠳᠠᠨ᠎ᠠ᠂ ᠰᠤᠷᠭᠠᠨ ᠬᠥᠮᠦᠵᠢᠯ ᠤᠨ ᠶᠠᠮᠤᠨ ᠳᠤᠮᠳᠠ ᠪᠠᠷᠠᠭᠤᠨ ᠣᠷᠣᠨ ᠢ ᠳᠡᠮᠵᠢᠵᠦ᠂ ᠲᠡᠨᠳᠡ

᠎ ᠠᠴᠠ ᠰᠣᠷᠣᠭᠴᠢ ᠡᠯᠰᠡᠬᠦ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠵᠢᠯ ᠪᠦᠷᠢ ᠪᠥᠬᠦ ᠤᠯᠤᠰ ᠤᠨ

ᠬᠡᠪᠴᠢᠶᠡᠨ ᠳᠤ ᠰᠣᠷᠣᠭᠴᠢ ᠡᠯᠰᠡᠬᠦ ᠲᠥᠯᠥᠪᠯᠡᠭᠡ ᠶᠢᠨ ᠬᠡᠰᠡᠭ ᠣᠷᠣᠨ ᠲᠤᠭ᠎ᠠ ᠶᠢ ᠲᠤᠰᠬᠠᠶᠢᠯᠠᠨ ᠳᠤᠮᠳᠠ ᠪᠠᠷᠠᠭᠤᠨ

ᠣᠷᠣᠨ ᠤ ᠰᠣᠷᠣᠭᠴᠢᠳ ᠲᠤ ᠥᠭᠬᠦ ᠪᠠᠷ ᠲᠣᠭᠲᠠᠵᠠᠢ᠃

 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号