ᠣᠶᠢᠷ᠎ᠠ ᠳᠤ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽2022 ᠣᠨ ᠳᠤ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ᠢ ᠨᠡᠶᠢᠲᠡᠯᠠᠨ᠂ 2022 | ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠨᠦᠬᠦᠵᠤ ᠬᠡᠷᠡᠭᠵᠢᠬᠦᠯᠬᠦ ᠪᠠᠷ ᠲᠣᠭᠲᠠᠪᠠ᠃ | ᠨᠠᠰᠣᠵᠢᠯ ᠤᠨ ᠠᠰᠠᠷᠠᠮᠵᠢ ᠶᠢᠨ ᠮᠦᠩᠬᠦ ᠳᠤ ᠲᠣᠬᠢᠷᠠᠭᠤᠯᠣᠯᠲᠠ ᠬᠢᠬᠦ ᠪᠠᠷᠢᠮᠵᠢᠶ᠎ᠠ᠄ | ︵ᠨᠢᠭᠡ︶ 2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠠᠯᠪᠠᠨ ᠪᠠᠶᠢᠭᠤᠯᠭ᠎ᠠ᠂ | ᠠᠵᠢᠯ ᠦᠢᠯᠡᠰ ᠤᠨ ᠨᠢᠭᠡᠴᠢ᠂ ᠠᠵᠤ ᠠᠬᠤᠶᠢᠯᠠᠯ ᠠᠴᠠ ᠲᠣᠭᠲᠠᠭᠠᠯ ᠶᠣᠰᠣᠭᠠᠷ ᠠᠵᠢᠯ ᠠᠴᠠ ᠪᠠᠨ ᠠᠮᠠᠷᠠᠬᠤ ᠭᠠᠷ | ᠬᠦᠢᠴᠡᠳᠭᠡᠯ ᠢᠶᠠᠨ ᠬᠢᠭᠰᠡᠨ ᠮᠦᠷᠳᠡᠭᠡᠨ ᠰᠠᠷ᠎ᠠ ᠪᠦᠷᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ | ᠬᠤᠪᠢᠳᠠᠨ ᠠᠪᠴᠦ ᠪᠠᠶᠢᠭ᠎ᠠ ᠠᠵᠢᠯ ᠠᠴᠠ ᠪᠠᠨ ᠠᠮᠠᠷᠠᠭᠰᠠᠳ ᠤᠨ ᠨᠠᠰᠣᠵᠢᠯ ᠤᠨ ᠠᠰᠠᠷᠠᠮᠵᠢ ᠶᠢᠨ ᠮᠦᠩᠬᠦ ᠶᠢ ᠰᠠᠷ᠎ᠠ | ᠳᠤ 45 ᠲᠥᠭᠦᠷᠢᠭ ᠦᠰᠭᠡᠨ᠎ᠡ᠃ | ︵ᠬᠤᠶᠠᠷ︶ ᠨᠠᠰᠤᠵᠢᠯ ᠤᠨ ᠮᠥᠩᠭᠦ ᠶᠢᠨ ᠪᠡᠷᠢᠮᠵᠢᠶ᠎ᠠ ᠪᠠᠷ ᠲᠣᠬᠢᠷᠠᠭᠤᠯᠤᠯᠲᠠ ᠬᠢᠬᠦ ᠳᠤ᠂ ᠠᠵᠢᠯ ᠠᠴᠠ ᠪᠠᠨ | ᠠᠮᠠᠷᠠᠭᠰᠠᠳ ᠤᠨ 2021 ᠣᠨ ᠤ 12 ᠳ᠋ᠤᠭᠠᠷ ᠰᠠᠷ᠎ᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠮᠦᠩᠬᠦᠨ ᠤ 1.6% ᠪᠠᠷ ᠦᠰᠭᠡᠨ᠎ᠡ᠃ | ︵ᠭᠤᠷᠪᠠ︶ ᠰᠦᠢᠳᠭᠡᠯ ᠲᠤᠰᠢᠶᠠᠭᠰᠠᠨ ᠬᠤᠭᠤᠴᠠᠭ᠎ᠠ ᠪᠠᠷ ᠲᠣᠬᠢᠷᠠᠭᠤᠯᠤᠯᠲᠠ ᠬᠢᠬᠦ ᠳᠤ᠂ ᠨᠠᠰᠣᠵᠢᠯ ᠤᠨ | ᠳᠠᠭᠠᠳᠬᠠᠯ ᠤᠨ ᠮᠦᠩᠬᠦ ᠲᠣᠰᠢᠶᠠᠭᠰᠠᠨ ᠬᠤᠭᠤᠴᠠᠭ᠎ᠠ ᠨᠢ 15 ᠵᠢᠯ ᠬᠦᠷᠬᠦ ᠦᠬᠡᠢ ᠪᠠᠶᠢᠪᠠᠯ ᠵᠢᠯ ᠳᠤ 0.5 | ᠲᠥᠭᠦᠷᠢᠭ ᠦᠰᠭᠡᠨ᠎ᠡ︔ 16~ 30 ᠵᠢᠯ ᠲᠣᠰᠢᠶᠠᠭᠰᠠᠨ ᠪᠠᠶᠢᠪᠠᠯ ᠵᠢᠯ ᠳᠤ 1 ᠲᠥᠭᠦᠷᠢᠭ ᠦᠰᠭᠡᠨ᠎ᠡ︔ 31 | ᠵᠢᠯ ᠠᠴᠠ ᠳᠡᠭᠡᠭᠰᠢ ᠲᠣᠰᠢᠶᠠᠭᠰᠠᠨ ᠪᠠᠶᠢᠪᠠᠯ ᠵᠢᠯ ᠳᠤ 2 ᠲᠥᠭᠦᠷᠢᠭ ᠦᠰᠭᠡᠨ᠎ᠡ᠃ | ︵ᠳᠥᠷᠪᠡ︶ ᠥᠨᠳᠥᠷ ᠨᠠᠰᠣᠲᠠᠢ ᠬᠦᠮᠦᠰ ᠤᠨ ᠨᠠᠰᠣᠵᠢᠯ ᠤᠨ ᠠᠰᠠᠷᠠᠮᠵᠢ ᠶᠢᠨ ᠮᠦᠩᠬᠦ ᠳᠤ ᠲᠣᠬᠢᠷᠠᠭᠤᠯᠤᠯᠲᠠ | ᠬᠢᠬᠦ ᠳᠤ᠂ 2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠪᠦᠬᠦᠯᠢ 70 ᠨᠠᠰᠦ ᠬᠦᠷᠦᠭᠰᠡᠨ | ᠬᠦᠮᠦᠰ ᠤᠨ ᠨᠠᠰᠣᠵᠢᠯ ᠤᠨ ᠠᠰᠠᠷᠠᠮᠵᠢ ᠶᠢᠨ ᠮᠦᠩᠬᠦ ᠶᠢ ᠰᠠᠷ᠎ᠠ ᠳᠤ 30 ᠲᠥᠭᠦᠷᠢᠭ ᠦᠰᠭᠡᠨ᠎ᠡ︔ ᠪᠦᠬᠦᠯᠢ 70 | ᠨᠠᠰᠤᠨ ᠠᠴᠠ ᠳᠡᠭᠡᠭᠰᠢᠬᠢ ᠬᠦᠮᠦᠰ ᠨᠢᠭᠡ ᠨᠠᠰᠤ ᠨᠡᠮᠡᠭᠳᠡᠬᠦ ᠪᠦᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ | ᠲᠠᠬᠢᠭᠠᠳ 1 ᠲᠥᠭᠦᠷᠢᠭ ᠦᠰᠭᠡᠨ᠎ᠡ᠃ | | | |