ᠠᠵᠢᠯ ᠠᠴᠠ ᠪᠠᠨ ᠠᠮᠠᠷᠠᠭᠰᠠᠳ ᠤᠨ ᠨᠠᠰᠣᠵᠢᠯ ᠤᠨ ᠠᠰᠠᠷᠠᠮᠵᠢ ᠶᠢᠨ ᠮᠦᠩᠬᠦ ᠶᠢ ᠦᠰᠭᠡᠨ᠎ᠡ
ᠨᠡᠶᠢᠲᠡᠯᠡᠭᠰᠡᠨ ᠴᠠᠭ᠄
2022/12/10
   ᠣᠶᠢᠷ᠎ᠠ ᠳᠤ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽2022 ᠣᠨ ᠳᠤ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ᠢ ᠨᠡᠶᠢᠲᠡᠯᠠᠨ᠂ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠨᠦᠬᠦᠵᠤ ᠬᠡᠷᠡᠭᠵᠢᠬᠦᠯᠬᠦ ᠪᠠᠷ ᠲᠣᠭᠲᠠᠪᠠ᠃

  ᠨᠠᠰᠣᠵᠢᠯ ᠤᠨ ᠠᠰᠠᠷᠠᠮᠵᠢ ᠶᠢᠨ ᠮᠦᠩᠬᠦ ᠳᠤ ᠲᠣᠬᠢᠷᠠᠭᠤᠯᠣᠯᠲᠠ ᠬᠢᠬᠦ ᠪᠠᠷᠢᠮᠵᠢᠶ᠎ᠠ᠄

  ︵ᠨᠢᠭᠡ︶ 2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠠᠯᠪᠠᠨ ᠪᠠᠶᠢᠭᠤᠯᠭ᠎ᠠ᠂

ᠠᠵᠢᠯ ᠦᠢᠯᠡᠰ ᠤᠨ ᠨᠢᠭᠡᠴᠢ᠂ ᠠᠵᠤ ᠠᠬᠤᠶᠢᠯᠠᠯ ᠠᠴᠠ ᠲᠣᠭᠲᠠᠭᠠᠯ ᠶᠣᠰᠣᠭᠠᠷ ᠠᠵᠢᠯ ᠠᠴᠠ ᠪᠠᠨ ᠠᠮᠠᠷᠠᠬᠤ ᠭᠠᠷ

ᠬᠦᠢᠴᠡᠳᠭᠡᠯ ᠢᠶᠠᠨ ᠬᠢᠭᠰᠡᠨ ᠮᠦᠷᠳᠡᠭᠡᠨ ᠰᠠᠷ᠎ᠠ ᠪᠦᠷᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ

ᠬᠤᠪᠢᠳᠠᠨ ᠠᠪᠴᠦ ᠪᠠᠶᠢᠭ᠎ᠠ ᠠᠵᠢᠯ ᠠᠴᠠ ᠪᠠᠨ ᠠᠮᠠᠷᠠᠭᠰᠠᠳ ᠤᠨ ᠨᠠᠰᠣᠵᠢᠯ ᠤᠨ ᠠᠰᠠᠷᠠᠮᠵᠢ ᠶᠢᠨ ᠮᠦᠩᠬᠦ ᠶᠢ ᠰᠠᠷ᠎ᠠ

 ᠳᠤ 45 ᠲᠥᠭᠦᠷᠢᠭ ᠦᠰᠭᠡᠨ᠎ᠡ᠃

  ︵ᠬᠤᠶᠠᠷ︶ ᠨᠠᠰᠤᠵᠢᠯ ᠤᠨ ᠮᠥᠩᠭᠦ ᠶᠢᠨ ᠪᠡᠷᠢᠮᠵᠢᠶ᠎ᠠ ᠪᠠᠷ ᠲᠣᠬᠢᠷᠠᠭᠤᠯᠤᠯᠲᠠ ᠬᠢᠬᠦ ᠳᠤ᠂ ᠠᠵᠢᠯ  ᠠᠴᠠ ᠪᠠᠨ

ᠠᠮᠠᠷᠠᠭᠰᠠᠳ ᠤᠨ 2021 ᠣᠨ ᠤ 12 ᠳ᠋ᠤᠭᠠᠷ ᠰᠠᠷ᠎ᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ

ᠮᠦᠩᠬᠦᠨ ᠤ 1.6% ᠪᠠᠷ ᠦᠰᠭᠡᠨ᠎ᠡ᠃

   ︵ᠭᠤᠷᠪᠠ︶ ᠰᠦᠢᠳᠭᠡᠯ ᠲᠤᠰᠢᠶᠠᠭᠰᠠᠨ ᠬᠤᠭᠤᠴᠠᠭ᠎ᠠ ᠪᠠᠷ ᠲᠣᠬᠢᠷᠠᠭᠤᠯᠤᠯᠲᠠ ᠬᠢᠬᠦ ᠳᠤ᠂ ᠨᠠᠰᠣᠵᠢᠯ ᠤᠨ

ᠳᠠᠭᠠᠳᠬᠠᠯ ᠤᠨ ᠮᠦᠩᠬᠦ ᠲᠣᠰᠢᠶᠠᠭᠰᠠᠨ ᠬᠤᠭᠤᠴᠠᠭ᠎ᠠ ᠨᠢ 15 ᠵᠢᠯ ᠬᠦᠷᠬᠦ ᠦᠬᠡᠢ ᠪᠠᠶᠢᠪᠠᠯ ᠵᠢᠯ  ᠳᠤ 0.5

ᠲᠥᠭᠦᠷᠢᠭ ᠦᠰᠭᠡᠨ᠎ᠡ︔ 1630 ᠵᠢᠯ ᠲᠣᠰᠢᠶᠠᠭᠰᠠᠨ ᠪᠠᠶᠢᠪᠠᠯ ᠵᠢᠯ ᠳᠤ 1 ᠲᠥᠭᠦᠷᠢᠭ ᠦᠰᠭᠡᠨ᠎ᠡ︔ 31

ᠵᠢᠯ ᠠᠴᠠ ᠳᠡᠭᠡᠭᠰᠢ ᠲᠣᠰᠢᠶᠠᠭᠰᠠᠨ ᠪᠠᠶᠢᠪᠠᠯ ᠵᠢᠯ ᠳᠤ 2 ᠲᠥᠭᠦᠷᠢᠭ ᠦᠰᠭᠡᠨ᠎ᠡ᠃

   ︵ᠳᠥᠷᠪᠡ︶ ᠥᠨᠳᠥᠷ ᠨᠠᠰᠣᠲᠠᠢ ᠬᠦᠮᠦᠰ ᠤᠨ ᠨᠠᠰᠣᠵᠢᠯ ᠤᠨ ᠠᠰᠠᠷᠠᠮᠵᠢ ᠶᠢᠨ ᠮᠦᠩᠬᠦ ᠳᠤ ᠲᠣᠬᠢᠷᠠᠭᠤᠯᠤᠯᠲᠠ

ᠬᠢᠬᠦ ᠳᠤ᠂ 2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠪᠦᠬᠦᠯᠢ 70 ᠨᠠᠰᠦ ᠬᠦᠷᠦᠭᠰᠡᠨ

ᠬᠦᠮᠦᠰ ᠤᠨ ᠨᠠᠰᠣᠵᠢᠯ ᠤᠨ ᠠᠰᠠᠷᠠᠮᠵᠢ ᠶᠢᠨ ᠮᠦᠩᠬᠦ ᠶᠢ ᠰᠠᠷ᠎ᠠ ᠳᠤ 30 ᠲᠥᠭᠦᠷᠢᠭ ᠦᠰᠭᠡᠨ᠎ᠡ︔ ᠪᠦᠬᠦᠯᠢ 70

ᠨᠠᠰᠤᠨ ᠠᠴᠠ ᠳᠡᠭᠡᠭᠰᠢᠬᠢ ᠬᠦᠮᠦᠰ ᠨᠢᠭᠡ ᠨᠠᠰᠤ ᠨᠡᠮᠡᠭᠳᠡᠬᠦ ᠪᠦᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ

ᠲᠠᠬᠢᠭᠠᠳ 1 ᠲᠥᠭᠦᠷᠢᠭ ᠦᠰᠭᠡᠨ᠎ᠡ᠃

 
ᠢᠷᠡᠯᠲᠡ᠄ ᠦᠪᠦᠷ ᠮᠣᠩᠭᠤᠯ ᠤᠨ ᠮᠣᠩᠭᠤᠯ ᠷᠠᠳᠢᠣ᠋
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号