ᠴᠢᠶᠣᠤ ᠵᠢᠶᠠᠨ ᠴᠢᠶᠠᠩ ᠬᠠᠯᠳᠠᠪᠤᠷᠢᠲᠤ ᠡᠪᠡᠳᠴᠢᠨ ᠤ ᠣᠷᠣᠨ᠂ ᠪᠠᠴᠢᠮ ᠪᠠᠶᠢᠳᠠᠯ ᠢ ᠠᠷᠭᠠᠴᠠᠬᠤ ᠲᠠᠰᠤᠭ ᠤᠨ ᠪᠦᠲᠦᠭᠡᠨ ᠪᠠᠶᠢᠭᠤᠯᠤᠯᠲᠠ ᠪᠠ ᠲᠤᠰᠠᠭᠠᠷᠯᠠᠨ ᠡᠮᠨᠡᠨ ᠵᠠᠰᠠᠬᠤ ᠲᠠᠯᠠᠪᠤᠷ ᠢ ᠪᠠᠶᠢᠴᠠᠭᠠᠨ ᠵᠢᠯᠤᠭᠤᠳᠣᠬᠰᠡᠨ
ᠨᠡᠶᠢᠲᠡᠯᠡᠭᠰᠡᠨ ᠴᠠᠭ᠄
2022/12/11
             ᠰᠣᠷᠪᠣᠯᠵᠢᠯᠠᠬᠴᠢ᠄ ᠬᠤᠷᠸ᠎ᠠ ᠴᠦ᠋ ᠢ ᠯᠢ ᠵᠢᠶᠠᠨ ᠸᠧᠢ

 ᠣᠳᠣᠷᠢᠳᠬᠠᠯ᠄ 12 . 9᠎ ᠤ ᠡᠳᠦᠷ᠂ ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ

ᠵᠥᠪᠯᠡᠯ ᠤᠨ ᠱᠦᠵᠢ ᠴᠢᠶᠣᠤ ᠵᠢᠶᠠᠨ ᠴᠢᠶᠠᠩ ᠬᠠᠯᠳᠠᠪᠤᠷᠢᠲᠤ ᠡᠪᠡᠳᠴᠢᠨ ᠤ ᠣᠷᠣᠨ᠂ ᠪᠠᠴᠢᠮ ᠪᠠᠶᠢᠳᠠᠯ ᠢ

ᠠᠷᠭᠠᠴᠠᠨ ᠠᠵᠢᠭᠯᠠᠬᠤ ᠲᠠᠰᠤᠭ ᠪᠠ ᠲᠤᠰᠠᠭᠠᠷᠯᠠᠨ ᠡᠮᠨᠡᠬᠦ ᠲᠠᠯᠠᠪᠤᠷ ᠲᠤ ᠭᠦᠨᠵᠡᠭᠡᠶᠢᠷᠡᠨ ᠬᠢᠨᠠᠨ ᠵᠢᠯᠤᠭᠤᠳᠴᠤ᠂

ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠯᠳᠠᠪᠤᠷᠢᠲᠤ ᠡᠪᠡᠳᠴᠢᠨ ᠤ ᠣᠷᠣᠨ᠂ ᠪᠠᠴᠢᠮ ᠪᠠᠶᠢᠳᠠᠯ ᠢ

ᠠᠷᠭᠠᠴᠠᠨ ᠠᠵᠢᠭᠯᠠᠬᠤ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠰᠣᠨᠣᠰᠴᠤ᠂ ᠡᠪᠡᠳᠴᠢᠲᠡᠨ ᠤ

ᠣᠷᠣ ᠶᠢᠨ ᠪᠠᠶᠢᠷᠢᠯᠠᠭᠤᠯᠤᠯᠲᠠ᠂ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡ᠂ ᠡᠮᠴᠢᠯᠡᠭᠡᠨ ᠤ ᠠᠪᠤᠷᠠᠨ

ᠵᠠᠰᠠᠬᠤ ᠡᠩᠨᠡᠭᠡ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠤᠶᠢᠯᠭᠠᠬᠰᠡᠨ ᠪᠠᠶᠢᠨ᠎ᠠ᠃

 ᠮᠡᠳᠡᠭᠡ᠄ ᠴᠢᠶᠣᠤ ᠵᠢᠶᠠᠨ ᠴᠢᠶᠠᠩ ᠴᠢᠬᠤᠯᠠᠴᠢᠯᠠᠬᠤ ᠳᠠᠭᠠᠨ᠂ ᠠᠷᠪᠠᠨ ᠵᠦᠢᠯ ᠤᠨ ᠰᠢᠯᠢᠳᠡᠭᠵᠢᠭᠦᠯᠬᠦ ᠠᠷᠭ᠎ᠠ

ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠲᠥᠷᠥᠯ ᠬᠤᠪᠢᠶᠠᠨ ᠣᠨᠣᠰᠢᠯᠠᠨ ᠡᠮᠨᠡᠬᠦ ᠲᠥᠰᠥᠯ ᠢ ᠲᠡᠭᠦᠯᠳᠡᠷᠵᠢᠭᠦᠯᠵᠦ᠂

ᠬᠠᠯᠠᠭᠤᠷᠠᠭᠰᠠᠨ ᠡᠪᠡᠳᠴᠢᠲᠡᠨ ᠤ ᠡᠪᠡᠳᠴᠢᠨ ᠦᠵᠡᠭᠦᠯᠬᠦ ᠶᠠᠪᠤᠴᠠ ᠶᠢ ᠰᠢᠯᠢᠳᠡᠭᠵᠢᠭᠦᠯᠦᠨ᠂ ᠠᠩᠬ᠎ᠠ ᠣᠨᠣᠰᠢᠯᠠᠬᠤ

ᠬᠠᠷᠢᠭᠤᠴᠠᠯᠭ᠎ᠠ ᠶᠢᠨ ᠳᠦᠷᠢᠮ ᠪᠠ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠲᠦᠷᠭᠡᠨ ᠠᠪᠤᠷᠠᠬᠤ ᠳᠦᠷᠢᠮ ᠢ

ᠴᠢᠩᠭ᠎ᠠ ᠨᠠᠶᠢᠳᠠᠪᠤᠷᠢᠵᠢᠭᠤᠯᠵᠤ᠂ ᠡᠮᠨᠡᠯᠭᠡ ᠶᠢᠨ ᠠᠵᠢᠯᠲᠠᠨ ᠤ ᠬᠦᠴᠦᠨ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂

ᠡᠮᠴᠢᠯᠡᠭᠡᠨ ᠤ ᠦᠢᠯᠡᠴᠢᠯᠡᠭᠡ ᠶᠢᠨ ᠦᠷ᠎ᠡ ᠪᠦᠲᠦᠮᠵᠢ ᠪᠠ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠂ ᠣᠯᠠᠨ

ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ

ᠬᠡᠮᠵᠢᠶ᠎ᠡ ᠪᠠᠷ ᠬᠠᠮᠠᠭᠠᠯᠠᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠡᠮ ᠡᠮᠨᠡᠯᠭᠡ ᠶᠢᠨ

ᠲᠥᠬᠦᠭᠡᠷᠦᠮᠵᠢ᠂ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠪᠣᠯᠣᠨ ᠡᠩ ᠤᠨ ᠡᠮ ᠤᠨ ᠵᠦᠢᠯ ᠤᠨ ᠨᠥᠭᠡᠴᠡᠯᠡᠯᠲᠡ ᠶᠢ

ᠰᠠᠶᠢᠲᠤᠷ ᠬᠢᠵᠦ᠂ ᠡᠮ ᠡᠮᠨᠡᠯᠭᠡ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠡᠮᠴᠢ ᠰᠤᠪᠢᠯᠠᠭᠴᠢ ᠶᠢᠨ

ᠬᠤᠪᠢ ᠬᠥᠮᠥᠨ ᠤ ᠰᠡᠷᠭᠡᠶᠢᠯᠡᠨ ᠬᠠᠮᠠᠭᠠᠯᠠᠯᠲᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ

ᠰᠠᠨᠠᠭᠠᠴᠢᠯᠠᠭᠠᠲᠤ ᠳᠠᠶᠢᠯᠠᠯᠳᠤᠭᠠᠨ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠪᠠᠷᠢᠯᠭ᠎ᠠ ᠶᠢᠨ ᠶᠠᠰᠤ ᠴᠢᠨᠠᠷ ᠪᠠ ᠠᠮᠤᠷ

ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠬᠠᠯᠳᠠᠪᠤᠷᠢᠲᠤ ᠡᠪᠡᠳᠴᠢᠨ ᠤ ᠣᠷᠣᠨ᠂ ᠪᠠᠴᠢᠮ ᠪᠠᠶᠢᠳᠠᠯ ᠢ

ᠠᠷᠭᠠᠴᠠᠬᠤ ᠠᠵᠢᠭᠯᠠᠯᠲᠠ ᠶᠢᠨ ᠲᠠᠰᠤᠭ᠂ ᠲᠤᠰᠠᠭᠠᠷᠯᠠᠵᠤ ᠠᠪᠤᠷᠠᠨ ᠵᠠᠰᠠᠬᠤ ᠭᠠᠵᠠᠷ ᠢ ᠥᠭᠡᠷᠡᠴᠢᠯᠡᠨ ᠪᠠᠶᠢᠭᠤᠯᠬᠤ᠂

ᠵᠠᠰᠠᠨ ᠴᠢᠮᠡᠭᠯᠡᠬᠦ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠤᠰᠤ ᠴᠠᠬᠢᠯᠭᠠᠨ ᠳᠤᠯᠠᠭᠠᠯᠠᠭ᠎ᠠ ᠵᠡᠷᠭᠡ

ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠦᠯᠲᠡ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠨ

ᠲᠤᠰᠠᠭᠠᠷᠯᠠᠬᠤ ᠭᠠᠵᠠᠷ ᠤᠨ ᠲᠣᠬᠢᠷᠠᠭᠤᠯᠤᠯᠲᠠ ᠶᠢ ᠲᠡᠭᠦᠯᠳᠡᠷᠵᠢᠭᠦᠯᠬᠦ᠂ ᠠᠮᠤᠷ ᠲᠦᠪᠰᠢᠨ ᠢ ᠪᠠᠷᠢᠮᠵᠢᠶ᠎ᠠ ᠳᠤ ᠬᠦᠷᠭᠡᠬᠦ

᠂ ᠬᠡᠵᠢᠶ᠎ᠡ ᠴᠦ ᠬᠡᠷᠡᠭᠯᠡᠵᠦ ᠪᠣᠯᠬᠤ ᠶᠢ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠭᠠᠨ ᠭᠥᠯᠢᠶᠡᠨ ᠠᠪᠴᠤ ᠵᠠᠰᠠᠬᠤ

ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠰᠡᠨ ᠪᠠᠶᠢᠨ᠎ᠠ᠃

 ᠬᠠᠮᠢᠶᠠᠷᠤᠯᠲᠠ ᠶᠢᠨ ᠣᠷᠣᠨ ᠤ ᠨᠠᠮ ᠵᠠᠰᠠᠭ ᠤᠨ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂

ᠠᠷᠠᠳ ᠤᠨ ᠡᠮᠨᠡᠯᠭᠡ ᠶᠢᠨ ᠬᠤᠷᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ

ᠪᠤᠯᠤᠬᠰᠡᠨ ᠪᠠᠶᠢᠨ᠎ᠠ᠃

 
ᠢᠷᠡᠯᠲᠡ᠄ ᠣᠯᠠᠭᠠᠢ ᠬᠠᠮᠢᠶᠠᠷᠤᠯᠲᠠ ᠶᠢᠨ ᠣᠷᠣᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号