ᠬᠡᠦᠬᠡᠳ ᠬᠢᠵᠢᠭ ᠲᠤ ᠨᠡᠷᠪᠡᠭᠳᠡᠪᠡᠯ ᠶᠠᠭᠠᠬᠢᠬᠤ ᠪᠣᠢ︖
ᠨᠡᠶᠢᠲᠡᠯᠡᠭᠰᠡᠨ ᠴᠠᠭ᠄
2022/12/15

  1. ᠰᠢᠨ᠎ᠡ ᠺᠤᠷᠤᠨᠠ ᠸᠢᠷᠦ᠋ᠰ ᠬᠡᠦᠬᠡᠳ ᠲᠤ ᠬᠠᠯᠳᠠᠪᠤᠷᠢᠯᠠᠪᠠᠯ ᠣᠯᠠᠩᠬᠢ ᠪᠠᠶᠢᠳᠠᠯ ᠳᠤ ᠡᠪᠡᠳᠴᠢᠨ ᠤ ᠢᠯᠡᠷᠡᠯ

ᠮᠡᠳᠡᠭᠳᠡᠬᠦ ᠦᠭᠡᠢ ᠪᠣᠯᠬᠤᠷ ᠡᠮ ᠳᠠᠩ ᠤᠤᠭᠤᠯᠭᠠᠬᠤ ᠬᠡᠷᠡᠭ ᠦᠭᠡᠢ᠃

  2.ᠭᠡᠷ ᠵᠠᠭᠤᠷ᠎ᠠ ᠶᠢᠨ ᠠᠷᠢᠭᠤᠳᠬᠠᠯ ᠢ ᠰᠠᠶᠢᠲᠤᠷ ᠬᠢᠵᠦ᠂ ᠲᠤᠰᠠᠭᠠᠷᠯᠠᠬᠤ ᠪᠠ ᠬᠤᠪᠢ ᠬᠥᠮᠥᠨ ᠤ

ᠬᠠᠮᠠᠭᠠᠯᠠᠯᠲᠠ ᠪᠠᠨ ᠰᠠᠶᠢᠨ ᠬᠢᠬᠦ ᠬᠡᠷᠡᠭᠳᠡᠢ︔

  3.ᠨᠢᠯᠬ᠎ᠠ ᠬᠡᠦᠬᠡᠳ ᠤᠨ ᠪᠡᠶ᠎ᠡ ᠶᠢᠨ ᠪᠠᠶᠢᠳᠠᠯ ᠢ ᠴᠠᠭ ᠢᠮᠠᠬᠳᠠ ᠠᠵᠢᠭᠯᠠᠵᠤ᠂ ᠬᠡᠷᠪᠡ ᠴᠤᠭ ᠰᠦᠯᠳᠡ ᠦᠭᠡᠢ

ᠪᠣᠯᠬᠤ᠂ ᠠᠮᠢᠰᠬᠤᠯ ᠳᠠᠪᠬᠤᠴᠠᠬᠤ ᠪᠠᠶᠢᠳᠠᠯ ᠢᠯᠡᠷᠡᠪᠡᠯ ᠡᠮᠴᠢ ᠳᠤ ᠦᠵᠡᠭᠦᠯᠬᠦ ᠬᠡᠷᠡᠭᠳᠡᠢ︔

  4.ᠭᠡᠷ ᠲᠡᠭᠡᠨ ᠡᠮ ᠳᠠᠩ ᠪᠡᠯᠡᠳᠬᠡᠵᠦ ᠲᠠᠯᠪᠢᠬᠤ ᠭᠡᠷᠡᠭᠳᠡᠢ᠂ ᠢᠯᠠᠩᠭᠤᠶ᠎ᠠ ᠬᠠᠯᠠᠭᠤᠷᠠᠬᠤ ᠶᠢ ᠪᠠᠭᠤᠷᠠᠭᠤᠯᠬᠤ ᠡᠮ

ᠳᠣᠳᠠᠬᠳᠠᠵᠦ ᠪᠤᠯᠬᠤ ᠦᠭᠡᠢ᠃

  ᠨᠥᠬᠦᠴᠡᠯ ᠲᠠᠢ ᠪᠣᠯ ᠴᠢᠳᠠᠬᠤ ᠶᠢᠨ ᠳᠣᠳᠣᠷ᠎ᠠ ᠬᠡᠦᠬᠡᠳ ᠲᠡᠭᠡᠨ ᠲᠤᠰᠠᠭᠠᠷ ᠣᠨᠳᠠᠯᠭ᠎ᠠ ᠶᠢᠨ ᠥᠷᠥᠭᠡ ᠪᠤᠶᠤ

ᠠᠷᠢᠭᠤᠨ ᠴᠡᠪᠡᠷ ᠤᠨ ᠲᠠᠰᠤᠯᠭ᠎ᠠ ᠲᠠᠢ ᠪᠠᠶᠢᠯᠭᠠᠨ᠎ᠠ᠃ ᠬᠡᠷᠪᠡ ᠪᠤᠯᠤᠮᠵᠢ ᠲᠠᠢ ᠪᠣᠯ᠂ ᠨᠠᠭᠠᠳᠴᠦ ᠳᠣᠬᠯᠠᠬᠤ ᠭᠠᠵᠠᠷ

ᠭᠠᠷᠭᠠᠵᠦ ᠦᠭᠴᠦ ᠪᠤᠯᠤᠨ᠎ᠠ᠃

  ᠬᠠᠯᠠᠭᠤᠷᠠᠬᠤ ᠪᠠ ᠦᠷᠪᠢᠰᠦᠯ ᠢ ᠳᠠᠷᠤᠬᠤ ᠡᠮ ᠳᠤ ᠪᠷᠦᠹᠧᠨ ᠢ ᠵᠠᠷᠣᠬᠤ ᠶᠢ ᠰᠠᠨᠠᠯ ᠪᠤᠯᠭᠠᠵᠦ ᠪᠠᠶᠢᠨ᠎ᠠ᠂

ᠪᠷᠦᠹᠧᠨ ᠦᠷᠪᠢᠰᠦᠯ ᠢ ᠳᠠᠷᠤᠬᠤ ᠦᠢᠯᠡᠳᠦᠯ ᠲᠠᠢ᠃ ᠡᠩ ᠤᠨ ᠪᠠᠶᠢᠳᠠᠯ ᠳᠤ 6 ᠰᠠᠷ᠎ᠠ ᠬᠦᠷᠦᠬᠡ ᠦᠬᠡᠢ ᠨᠢᠯᠬ᠎ᠠ ᠳᠤ

ᠪᠷᠤᠹᠧᠨ ᠢ ᠵᠠᠷᠣᠬᠤ ᠦᠬᠡᠢ ᠪᠠᠶᠢᠪᠠᠯ ᠰᠠᠶᠢᠨ᠃ ᠪᠥᠭᠡᠷᠡᠨ ᠤ ᠬᠤᠣᠷᠳᠠᠯᠭ᠎ᠠ ᠠᠪᠴᠢᠷᠠᠵᠦ ᠮᠡᠳᠡᠨ᠎ᠡ᠃

  ᠬᠡᠷᠪᠡ ᠬᠠᠯᠳᠠᠪᠤᠷᠢ ᠠᠪᠤᠬᠰᠠᠨ ᠪᠠᠶᠢᠪᠠᠯ ᠦᠷᠭᠦᠯᠵᠢ ᠬᠠᠨᠢᠶᠠᠯᠭᠠᠳᠠᠭ᠂ ᠡᠨᠡ ᠦᠶ᠎ᠡ ᠳᠤ ᠠᠶᠤᠵᠦ ᠰᠠᠨᠳᠣᠷᠬᠤ

ᠬᠡᠷᠡᠭ ᠦᠬᠡᠢ᠃ ᠡᠮᠴᠢᠯᠡᠭᠡᠨ ᠳᠡᠭᠡᠷ᠎ᠡ ᠡᠶᠢᠮᠦᠷᠬᠦᠦ ᠬᠠᠨᠢᠶᠠᠳᠤ ᠶᠢ ᠰᠢᠢᠳᠪᠦᠷᠢᠯᠡᠬᠦ ᠠᠷᠭ᠎ᠠ ᠮᠠᠶ᠋ᠢᠭ ᠨᠢ ᠡᠩ ᠤᠨ

ᠬᠢᠮᠤᠷᠠᠭ᠎ᠠ ᠲᠠᠭᠰᠢᠭᠤᠷ ᠢ ᠠᠷᠭᠠᠴᠠᠬᠤ ᠲᠠᠢ ᠦᠨᠳᠦᠰᠦᠨ ᠳᠡᠭᠡᠨ ᠠᠳᠠᠯᠢ ᠪᠠᠶᠢᠳᠠᠭ᠃

  ⑴ 6 ᠨᠠᠰᠦ ᠬᠦᠷᠦᠭᠰᠡᠨ ᠬᠡᠦᠬᠡᠳ ᠲᠤ ᠰᠢᠬᠢᠷ ᠰᠢᠮᠡᠭᠦᠯᠵᠦ ᠪᠣᠯᠣᠨ᠎ᠠ᠂ ᠨᠢᠯᠬ᠎ᠠ ᠬᠡᠦᠬᠡᠳ ᠲᠤ ᠬᠡᠷᠡᠭᠯᠡᠬᠦ ᠶᠢ

ᠰᠠᠨᠠᠭᠠᠴᠢᠯᠠᠬᠤ ᠦᠭᠡᠢ᠂ ᠤᠴᠢᠷ ᠨᠢ ᠠᠮᠢᠰᠬᠤᠯ ᠪᠦᠭᠯᠡᠷᠡᠵᠦ ᠮᠡᠳᠡᠨ᠎ᠡ᠃

  ⑵ ᠪᠠᠯ ᠬᠡᠷᠡᠭᠯᠡᠵᠦ ᠪᠣᠯᠣᠨ᠎ᠠ᠂ ᠣᠢ ᠬᠦᠷᠦᠬᠡᠳᠦᠢ ᠬᠡᠦᠬᠡᠳ ᠲᠤ ᠬᠡᠷᠡᠭᠯᠡᠵᠦ ᠪᠣᠯᠬᠤ ᠦᠭᠡᠢ᠂ ᠤᠴᠢᠷ ᠨᠢ

ᠬᠤᠣᠷ ᠲᠠᠢ ᠪᠠᠺᠲ᠋ᠧᠷᠢ ᠪᠠᠶᠢᠵᠤ ᠮᠡᠳᠡᠨ᠎ᠡ᠃ ᠬᠡᠷᠪᠡ ᠵᠥᠭᠡᠢ ᠶᠢᠨ ᠪᠠᠯ ᠪᠠᠶᠢᠬᠤ ᠦᠭᠡᠢ ᠪᠣᠯ ᠪᠠᠭ᠎ᠠ ᠰᠠᠭ᠎ᠠ ᠵᠠᠶᠢᠷᠮᠠᠭ

ᠢᠳᠡᠪᠡᠯ ᠪᠠᠰᠠ ᠨᠠᠮᠳᠠᠭᠠᠵᠦ ᠪᠤᠯᠳᠠᠭ᠃

  ⑶ ᠤᠰᠤ ᠢᠯᠡᠬᠦᠦ ᠣᠣᠭᠤᠯᠭᠠᠵᠦ ᠪᠠᠶᠢᠬᠤ ᠬᠡᠷᠡᠭᠳᠡᠢ᠃

  ᠬᠡᠷᠪᠡ ᠬᠡᠦᠬᠡᠳ ᠤᠳ ᠠᠮᠢᠰᠬᠤᠭ᠎ᠠ ᠴᠢᠬᠤᠯᠳᠠᠬᠤ᠂ ᠴᠡᠭᠡᠵᠢ ᠪᠢᠳᠡᠬᠦᠷᠡᠬᠦ ᠪᠤᠶᠤ ᠴᠡᠭᠡᠵᠢ ᠡᠪᠡᠳᠬᠦ︔ ᠣᠬᠠᠭ᠎ᠠ

ᠠᠯᠳᠠᠬᠤ᠂ ᠨᠦᠢᠷ ᠮᠠᠭᠤ ᠪᠤᠶᠤ ᠠᠮᠠᠷᠬᠠᠨ ᠰᠡᠷᠡᠬᠦ ᠦᠭᠡᠢ᠂ ᠠᠷᠠᠰᠤ ᠨᠢ ᠴᠠᠶᠢᠵᠤ᠂ ᠤᠷᠤᠭᠤᠯ ᠨᠢ ᠬᠦᠬᠡᠷᠡᠵᠦ

ᠪᠠᠶᠢᠪᠠᠯ ᠡᠮᠴᠢ ᠳᠤ ᠦᠵᠡᠬᠦᠯᠬᠦ ᠬᠡᠷᠡᠭᠳᠡᠢ᠃

 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号