ᠴᠠᠩ ᠱᠧᠩ ᠬᠤᠲᠠ ᠪᠠᠯᠭᠠᠰᠤᠨ ᠤ ᠢᠯᠴᠢ ᠬᠠᠩᠭᠠᠬᠤ ᠠᠵᠢᠯ ᠢ ᠪᠠᠶᠢᠴᠠᠭᠠᠨ ᠵᠢᠯᠣᠭᠤᠳᠣᠬᠰᠡᠨ
ᠨᠡᠶᠢᠲᠡᠯᠡᠭᠰᠡᠨ ᠴᠠᠭ᠄
2022/12/7
                         ᠰᠣᠷᠪᠣᠯᠵᠢᠯᠠᠬᠴᠢ᠄ ᠬᠤᠷᠸ᠎ᠠ ᠲᠠᠨ᠎ᠠ ᠴᠦ᠋ ᠢ    ᠣᠳᠣᠷᠢᠳᠬᠠᠯ᠄ 12.4 ᠤ ᠦᠳᠡ ᠶᠢᠨ ᠡᠮᠦᠨ᠎ᠡ᠂ ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠵᠥᠪᠯᠡᠯ ᠤᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠠᠩ ᠱᠧᠩ ᠬᠠᠮᠢᠶᠠᠷᠤᠯᠲᠠ ᠶᠢᠨ ᠣᠷᠣᠨ ᠤ ᠹᠦ᠋ ᠶᠠᠩ ᠢᠯᠴᠢ ᠬᠠᠩᠭᠠᠬᠤ ᠬᠢᠵᠠᠭᠠᠷᠲᠤ ᠺᠣᠮᠫᠠᠨᠢ᠂ ᠪᠠᠶᠠᠨᠬᠤᠰᠢᠭᠤ ᠳᠤᠯᠠᠭᠠᠯᠠᠭ᠎ᠠ ᠶᠢᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠢᠯᠴᠢ ᠬᠠᠩᠭᠠᠬᠤ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠠ ᠲᠤᠰᠬᠠᠢ ᠲᠤᠰᠢᠶᠠᠯᠲᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠲᠣᠬᠢᠷᠠᠭᠤᠯᠤᠯᠲᠠ᠂ ᠠᠵᠢᠯ ᠤᠨ ᠪᠠᠶᠢᠷᠢ ᠳᠤ ᠭᠠᠷᠬᠤ ᠬᠥᠮᠥᠰ ᠤᠨ ᠦᠨᠡᠮᠯᠡᠯ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠵᠢᠴᠢ ᠨᠡᠭᠦᠷᠡᠰᠦ ᠨᠥᠭᠡᠴᠡᠯᠡᠭᠰᠡᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠭᠦᠢᠴᠡᠳᠬᠡᠭᠰᠡᠨ ᠪᠠᠶᠢᠳᠠᠯ ᠢ ᠬᠢᠨᠠᠮᠠᠭᠠᠢ ᠣᠶᠢᠯᠠᠭᠠᠬᠤ ᠶᠢᠨ ᠬᠠᠮᠲᠤ ᠬᠡᠰᠡᠭ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠤᠨ ᠭᠡᠷ ᠲᠤ ᠭᠦᠨᠵᠡᠭᠡᠶᠢᠷᠡᠨ ᠳᠤᠯᠠᠭᠠᠯᠠᠭ᠎ᠠ ᠶᠢᠨ ᠪᠠᠶᠢᠳᠠᠯ ᠢ ᠣᠶᠢᠯᠭᠠᠬᠰᠡᠨ ᠪᠠᠶᠢᠨ᠎ᠠ᠃

   ᠮᠡᠳᠡᠭᠡ᠄ ᠴᠠᠩ ᠱᠧᠩ ᠵᠢᠭᠠᠬᠤ ᠳᠠᠭᠠᠨ᠂ ᠡᠪᠦᠯ ᠤᠨ ᠤᠯᠠᠷᠢᠯ ᠤᠨ ᠳᠤᠯᠠᠭᠠᠯᠭ᠎ᠠ ᠨᠢ ᠲᠦᠭ ᠲᠦᠮᠡᠨ ᠠᠶᠢᠯ

ᠡᠷᠦᠬᠡ ᠳᠤ ᠬᠤᠯᠪᠣᠭᠳᠠᠵᠤ᠂ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ

ᠢᠨᠵᠧᠨᠧᠷᠢᠩ ᠪᠣᠯᠣᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠢᠯᠴᠢ ᠬᠠᠩᠭᠠᠬᠤ ᠠᠵᠤ

ᠠᠬᠤᠶᠢᠯᠠᠯ ᠤᠳ ᠣᠯᠠᠨ ᠲᠦᠮᠡᠨ ᠤ ᠭ᠊ ᠬᠠᠯᠠᠭᠤᠨ ᠳᠤᠯᠠᠭᠠᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠢᠯᠴᠢ

ᠬᠠᠩᠭᠠᠬᠤ ᠶᠢ ᠪᠠᠲᠤᠯᠠᠬᠤ ᠠᠵᠢᠯ ᠢ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠦᠢᠯᠡᠴᠢᠯᠡᠭᠡᠨ ᠤ ᠠᠷᠭ᠎ᠠ ᠵᠠᠮ ᠢ

ᠰᠠᠭᠠᠳ ᠦᠭᠡᠢ ᠨᠠᠪᠲᠠᠷᠡᠭᠦᠯᠵᠦ᠂ ᠣᠯᠠᠨ ᠲᠦᠮᠡᠨ ᠤ ᠲᠤᠰᠬᠠᠭᠰᠠᠨ ᠢᠯᠴᠢ ᠬᠠᠩᠭᠠᠬᠤ ᠠᠰᠠᠭᠤᠳᠠᠯ ᠢ ᠴᠠᠭ ᠲᠤᠬᠠᠢ

 ᠳᠤᠨᠢ ᠭᠥᠯᠢᠶᠡᠨ ᠠᠪᠴᠤ ᠰᠢᠢᠳᠪᠦᠷᠢᠯᠡᠨ᠂ ᠥᠨᠳᠥᠷ ᠦᠷ᠎ᠡ ᠪᠦᠲᠦᠮᠵᠢᠲᠡᠶ ᠪᠠᠷ ᠰᠢᠢᠳᠪᠦᠷᠢᠯᠡᠬᠦ ᠬᠡᠷᠡᠭᠲᠡᠢ᠃

ᠳᠤᠯᠠᠭᠠᠯᠭ᠎ᠠ ᠶᠢᠨ ᠠᠵᠤ ᠠᠬᠤᠶᠢᠯᠠᠯ ᠨᠢ ᠳᠤᠯᠠᠭᠠᠯᠭ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ

ᠨᠠᠶᠢᠳᠠᠪᠤᠷᠢᠵᠢᠭᠤᠯᠵᠤ᠂ ᠳᠤᠯᠠᠭᠠᠯᠭ᠎ᠠ ᠶᠢᠨ ᠲᠥᠬᠦᠭᠡᠷᠦᠮᠵᠢ ᠶᠢ ᠪᠠᠶᠢᠴᠠᠭᠠᠨ ᠵᠠᠰᠠᠵᠤ ᠬᠠᠮᠠᠭᠠᠯᠠᠬᠤ ᠡᠷᠴᠢᠮ ᠢᠶᠠᠨ

ᠴᠢᠩᠭᠠᠷᠠᠭᠤᠯᠤᠨ᠂ ᠨᠡᠭᠦᠷᠡᠰᠦ ᠰᠢᠲᠠᠭᠠᠵᠦ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠴᠠᠭ ᠠᠭᠤᠷ ᠤᠨ

ᠬᠤᠪᠢᠷᠠᠯᠲᠠ ᠶᠢ ᠨᠢᠭᠲᠠ ᠠᠩᠬᠠᠷᠴᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠪᠦᠷᠢᠨᠰᠢᠭᠦᠯᠦᠨ

ᠲᠡᠭᠦᠯᠳᠡᠷᠵᠢᠭᠦᠯᠵᠦ᠂ ᠴᠠᠭ ᠠᠭᠤᠷ ᠤᠨ ᠬᠤᠪᠢᠷᠠᠯᠲᠠ ᠶᠢ ᠦᠨᠳᠦᠰᠦᠯᠡᠨ ᠳᠤᠯᠠᠭᠠᠯᠭ᠎ᠠ ᠶᠢᠨ ᠳᠤᠯᠠᠭᠠᠨ ᠤ ᠬᠡᠮᠵᠢᠶ᠎ᠡ ᠶᠢ

ᠲᠣᠬᠢᠷᠠᠭᠤᠯᠤᠨ ᠡᠵᠡᠮᠳᠡᠬᠦ ᠬᠡᠷᠡᠭᠲᠡᠢ ᠭᠡᠰᠡᠨ ᠪᠠᠶᠢᠨ᠎ᠠ᠃

   ᠴᠠᠩ ᠱᠧᠩ ᠱᠠᠭᠠᠷᠳᠠᠬᠤ ᠳᠠᠭᠠᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠥᠭᠡᠳ

ᠪᠣᠳᠠᠲᠠᠶᠢᠵᠢᠭᠤᠯᠵᠤ᠂ ᠬᠥᠮᠦᠵᠢᠯ ᠪᠣᠯᠪᠠᠰᠤᠷᠠᠯ ᠪᠠ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠨ᠂ 24

ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ

ᠳᠠᠯᠳᠠ ᠬᠡᠮ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠲᠣᠨᠤᠭ ᠲᠥᠬᠦᠭᠡᠷᠦᠮᠵᠢ ᠶᠢᠨ

ᠬᠤᠭᠤᠯᠠᠢ ᠲᠣᠣᠷ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃

ᠣᠷᠴᠢᠨ ᠠᠬᠤᠢ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠢᠯᠴᠢ ᠬᠠᠩᠭᠠᠬᠤ ᠪᠠ ᠣᠷᠴᠢᠨ ᠠᠬᠤᠢ ᠶᠢ

ᠬᠠᠮᠠᠭᠠᠯᠠᠬᠤ ᠶᠢ ᠣᠷᠭᠠᠨᠢᠭ ᠢᠶᠠᠷ ᠤᠶᠠᠯᠳᠤᠭᠤᠯᠵᠤ᠂ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ

ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠰᠦᠯᠵᠢᠶᠡᠨ ᠳᠡᠭᠡᠷᠡᠬᠢ ᠬᠢᠨᠠᠨ ᠬᠡᠮᠵᠢᠯᠲᠡ ᠶᠢ ᠴᠢᠩᠭᠠᠳᠬᠠᠵᠤ᠂

ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠨ᠂ ᠠᠭᠠᠷ ᠮᠠᠨᠳᠠᠯ ᠤᠨ ᠪᠣᠬᠢᠷᠳᠤᠯ ᠢ ᠪᠠᠭᠠᠰᠬᠠᠬᠤ ᠬᠡᠷᠡᠭᠲᠡᠢ ᠭᠡᠰᠡᠨ

ᠪᠠᠶᠢᠨ᠎ᠠ᠃

   ᠬᠠᠮᠢᠶᠠᠷᠣᠯᠲᠠ ᠶᠢᠨ ᠣᠷᠣᠨ ᠤ ᠨᠠᠮ ᠵᠠᠰᠠᠭ ᠤᠨ ᠠᠯᠪᠠᠨ ᠭᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ

ᠪᠥᠲᠦᠭᠡᠨ ᠪᠠᠶᠢᠭᠤᠯᠣᠯᠲᠠ ᠶᠢᠨ ᠲᠣᠪᠴᠢᠶ᠎ᠠ ᠵᠡᠷᠭᠡ ᠬᠡᠯᠲᠡᠰ ᠤᠨ ᠬᠠᠷᠢᠭᠤᠴᠠᠯᠭᠠᠲᠠᠨ ᠪᠠᠶᠢᠴᠠᠭᠠᠨ ᠰᠣᠳᠣᠯᠣᠯᠲᠠ ᠳᠤ

ᠣᠷᠣᠯᠴᠠᠵᠠᠢ᠃

 
ᠢᠷᠡᠯᠲᠡ᠄ ᠣᠯᠠᠭᠠᠢ ᠬᠠᠮᠢᠶᠠᠷᠤᠯᠲᠠ ᠶᠢᠨ ᠣᠷᠣᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号