ᠤᠯᠠᠭᠠᠶ ᠬᠠᠮᠢᠶᠠᠷᠤᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ 2022 ᠣᠨ ᠤ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠯᠪᠠᠨ ᠵᠠᠷ
ᠨᠡᠶᠢᠲᠡᠯᠡᠭᠰᠡᠨ ᠴᠠᠭ᠄
2022/3/17

   ᠤᠯᠠᠭᠠᠶ ᠬᠠᠮᠢᠶᠠᠷᠤᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ 2022 ᠣᠨ ᠤ ᠬᠠᠪᠤᠷ ᠤᠨ

ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠠᠬᠢᠪᠡᠯᠴᠢᠭᠡᠷ ᠰᠡᠷᠭᠦᠭᠡᠬᠦ ᠠᠯᠪᠠᠨ ᠵᠠᠷ

   ᠥᠷᠭᠡᠨ ᠤᠯᠠᠨ ᠮᠠᠯᠴᠢᠨ ᠲᠠᠷᠢᠶᠠᠴᠢᠨ ᠲᠦᠮᠡᠨ ᠳᠤ᠄

   ᠤᠯᠠᠭᠠᠶ ᠬᠠᠮᠢᠶᠠᠷᠤᠯᠲᠠ ᠶᠢᠨ ᠣᠷᠣᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ

ᠠᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ

ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠨ ᠠᠰᠢᠭᠯᠠᠬᠤ ᠶᠢᠨ ᠲᠤᠰᠠᠳᠠ᠂ 2022 ᠣᠨ ᠳᠤ

ᠬᠠᠮᠢᠶᠠᠷᠤᠯᠲᠠ ᠶᠢᠨ ᠣᠷᠣᠨ ᠳᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠬᠠᠪᠤᠷ ᠤᠨ

ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠢ

ᠦᠷᠭᠦᠯᠵᠢᠯᠡᠨ

ᠦᠷᠨᠢᠭᠦᠯᠬᠦ ᠪᠠᠷ ᠪᠣᠯᠪᠠ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄

   ᠨᠢᠭᠡ᠂ ᠪᠡᠯᠴᠢᠭᠡᠷᠯᠡᠭᠦᠯᠬᠦ ᠶᠢ ᠵᠣᠭᠰᠣᠭᠠᠬᠤ ᠴᠠᠭ

   4 ᠰᠠᠷ᠎ᠠ ᠶᠢᠨ 15 ᠤ ᠡᠳᠦᠷ ᠠᠴᠠ 5 ᠰᠠᠷ᠎ᠠ ᠶᠢᠨ 29 ᠤ ᠡᠳᠦᠷ ᠪᠣᠯᠲᠠᠯ᠎ᠠ 45 ᠡᠳᠦᠷ  ᠢᠶᠠᠷ ᠬᠢᠵᠠᠭᠠᠷᠯᠠᠨ᠎ᠠ

   ᠬᠤᠶᠠᠷ᠂ ᠪᠡᠯᠴᠢᠭᠡᠷ ᠰᠡᠷᠭᠦᠭᠡᠬᠦ ᠬᠦᠷᠢᠶ᠎ᠡ ᠬᠡᠪᠴᠢᠶ᠎ᠡ

   ᠤᠯᠠᠭᠠᠶ ᠬᠠᠮᠢᠶᠠᠷᠤᠯᠲᠠ ᠶᠢᠨ ᠣᠷᠣᠨ ᠤ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠪᠡᠯᠴᠢᠭᠡᠷ ᠰᠡᠷᠭᠦᠭᠡᠬᠦ ᠶᠢ ᠬᠡᠷᠡᠭᠵᠢᠭᠦᠯᠵᠦ᠂ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠦᠬᠡᠷ᠂ ᠬᠤᠨᠢ ᠂ ᠢᠮᠠᠭ᠎ᠠ ᠶᠢ ᠴᠦᠮ

ᠪᠡᠯᠴᠢᠭᠡᠷᠯᠡᠭᠦᠯᠵᠦ ᠪᠣᠯᠬᠤ ᠦᠭᠡᠢ ︵ᠮᠣᠷᠢ᠂ ᠲᠡᠮᠡᠭᠡ ᠪᠡᠯᠴᠢᠭᠡᠷ ᠰᠡᠷᠭᠦᠭᠡᠬᠦ ᠬᠦᠷᠢᠶ᠎ᠡ ᠬᠡᠪᠴᠢᠶᠡᠨ ᠳᠤ ᠪᠠᠭᠲᠠᠬᠤ ᠥᠬᠡᠶ︶᠃

   ᠭᠤᠷᠪᠠ᠂᠂ ᠬᠤᠯᠪᠣᠭᠳᠠᠯ ᠪᠥᠬᠦᠶ ᠱᠠᠭᠠᠷᠳᠠᠯᠭ᠎ᠠ

  ︵ᠨᠢᠭᠡ︶ ᠪᠡᠯᠴᠢᠭᠡᠷ ᠰᠡᠷᠭᠦᠭᠡᠬᠦ ᠬᠤᠭᠤᠴᠠᠭᠠᠨ  ᠳᠤ ᠪᠡᠯᠴᠢᠭᠡᠷ ᠰᠡᠷᠭᠦᠭᠡᠬᠦ ᠣᠷᠣᠨ  ᠳᠤ ᠪᠡᠯᠴᠢᠭᠡᠷᠯᠡᠭᠦᠯᠬᠦ ᠶᠢ ᠪᠥᠬᠦ ᠲᠠᠯ᠎ᠠ ᠪᠠᠷ ᠴᠠᠭᠠᠵᠠᠯᠠᠵᠤ᠂ ᠬᠠᠮᠢᠶᠠᠷᠤᠯᠲᠠ ᠶᠢᠨ ᠣᠷᠣᠨ  ᠤ ᠥᠷᠭᠡᠨ ᠤᠯᠠᠨ ᠲᠠᠷᠢᠶᠠᠯᠠᠬᠤ ᠮᠠᠯᠵᠢᠬᠤ

ᠡᠷᠥᠭᠡ ᠨᠦᠭᠦᠳ ᠡᠪᠡᠰᠦ ᠪᠣᠷᠳᠤᠭ᠎ᠠ ᠨᠥᠭᠡᠴᠡᠯᠡᠬᠦ᠂ ᠮᠠᠯ  ᠤᠨ ᠤᠤᠭᠤᠬᠤ ᠤᠰᠤ᠂ ᠮᠠᠯ ᠤᠨ ᠠᠵᠢᠯᠯᠠᠭ᠎ᠠ ᠶᠢᠨ ᠲᠠᠯᠠᠪᠠᠢ᠂ ᠬᠢᠵᠢᠭ ᠡᠪᠡᠳᠴᠢᠨ  ᠢ ᠰᠡᠷᠭᠡᠶᠢᠯᠡᠨ ᠵᠠᠰᠠᠬᠤ ᠵᠡᠷᠭᠡ ᠪᠡᠯᠡᠳᠬᠡᠯ ᠠᠵᠢᠯ  ᠢ ᠤᠷᠢᠳᠴᠢᠯᠠᠨ ᠰᠠᠶᠢᠲᠤᠷ ᠬᠢᠬᠦ ᠶᠢᠨ

ᠬᠠᠮᠲᠤ ᠬᠠᠮᠢᠶᠠᠷᠤᠯᠲᠠ ᠶᠢᠨ ᠣᠷᠣᠨ ᠤ ᠬᠤᠯᠪᠣᠭᠳᠠᠯ ᠪᠥᠬᠦᠢ ᠰᠠᠯᠠᠭ᠎ᠠ ᠮᠥᠴᠢᠷ ᠪᠣᠯᠤᠨ ᠲᠠᠯᠠᠪᠠᠢ ᠪᠠᠯᠭᠠᠰᠤ᠂ ᠬᠤᠪᠢᠶᠠᠷᠢ ᠲᠠᠯᠠᠪᠠᠢ ︵ᠭᠠᠴᠠᠭ᠎ᠠ ᠲᠣᠰᠬᠤᠨ︶  ᠳᠤ ᠬᠢᠨᠠᠯᠲᠠ ᠲᠠᠯᠪᠢᠬᠤ ᠪᠠ ᠬᠠᠮᠢᠶᠠᠷᠬᠤ ᠶᠢ ᠰᠠᠨᠠᠭᠠᠴᠢᠯᠠᠭ᠎ᠠ ᠠᠴᠠ ᠪᠠᠨ

ᠬᠦᠯᠢᠶᠡᠬᠦ ᠬᠡᠷᠡᠭᠲᠡᠶ᠃

  ︵ᠬᠤᠶᠠᠷ︶ ᠲᠠᠷᠢᠶᠠᠯᠠᠬᠤ ᠮᠠᠯᠵᠢᠬᠤ ᠡᠷᠥᠭᠡ ᠨᠦᠭᠦᠳ ᠮᠠᠯ  ᠤᠨ ᠬᠠᠰᠢᠶ᠎ᠠ ᠰᠠᠷᠠᠪᠴᠢ  ᠶᠢᠨ ᠡᠷᠬᠢᠨ ᠲᠣᠭᠤᠷᠢᠨ  ᠳᠤ ᠬᠤᠨᠢ ᠨᠢᠭᠡᠪᠦᠷᠢ ᠶᠢᠨ ᠪᠡᠯᠴᠢᠭᠡᠷ ᠰᠡᠷᠭᠦᠭᠡᠬᠦ ᠬᠤᠭᠤᠴᠠᠭᠠᠨ  ᠤ ᠠᠵᠢᠯᠯᠠᠭᠠᠨ ᠤ ᠲᠠᠯᠠᠪᠠᠢ ᠶᠢ 20 ᠲᠡᠭᠰᠢ

ᠳᠥᠷᠪᠡᠯᠵᠢᠨ ᠮᠧᠲᠷ ᠠᠴᠠ ᠦᠯᠦ ᠬᠡᠲᠦᠷᠡᠭᠦᠯᠬᠦ ᠪᠠᠷᠢᠮᠵᠢᠶ᠎ᠠ ︵ᠪᠡᠯᠴᠢᠭᠡᠷᠯᠡᠭᠦᠯᠬᠦ ᠬᠡᠮᠵᠢᠶ᠎ᠡ ᠶᠢ ᠬᠢᠨᠠᠨ ᠲᠣᠭᠲᠠᠭᠠᠬᠤ ᠪᠠᠷ ᠰᠠᠭᠤᠷᠢ ᠲᠤᠭ᠎ᠠ ᠪᠣᠯᠭᠠᠨ᠎ᠠ︶ ᠪᠠᠷ ᠮᠠᠯ  ᠶᠢᠨ ᠠᠵᠢᠯᠯᠠᠭᠠᠨ  ᠤ ᠲᠠᠯᠠᠪᠠᠢ ᠪᠠᠶᠢᠭᠤᠯᠬᠤ ᠶᠢᠨ ᠬᠠᠮᠲᠤ ᠢᠯᠡᠷᠬᠡᠶ

ᠲᠡᠮᠳᠡᠭ ᠪᠠᠶᠢᠷᠢᠯᠠᠭᠤᠯᠬᠤ ᠬᠡᠷᠡᠭᠲᠡᠶ᠃ ᠬᠤᠷᠠᠭ᠎ᠠ ᠲᠡᠵᠢᠭᠡᠬᠦ ᠠᠵᠢᠯᠯᠠᠭᠠᠨ ᠤ ᠲᠠᠯᠠᠪᠠᠶ ᠶᠢ ᠵᠣᠬᠢᠬᠤ ᠬᠡᠮᠵᠢᠶ᠎ᠡ ᠪᠠᠷ ᠳᠣᠭᠢᠷᠠᠭᠤᠯᠵᠤ᠂ ᠬᠤᠷᠠᠭ᠎ᠠ ᠲᠠᠢ ᠬᠤᠨᠢ ᠡᠬᠡ ᠮᠠᠯ ᠪᠠ ᠬᠤᠷᠠᠭ᠎ᠠ︶ ᠶᠢ 0.5 ᠮᠥ ᠠᠴᠠ ᠬᠡᠲᠦᠷᠡᠭᠦᠯᠬᠦ ᠥᠬᠡᠶ ᠪᠠᠶᠢᠵᠤ᠂

ᠬᠤᠷᠠᠭ᠎ᠠ ᠲᠡᠵᠢᠭᠡᠬᠦ ᠴᠠᠭ ᠢ ᠴᠢᠩᠭ᠎ᠠ ᠬᠢᠵᠠᠭᠠᠷᠯᠠᠵᠤ᠂ ᠳᠥᠷᠪᠡᠨ ᠵᠠᠬ᠎ᠠ ᠶᠢᠨ ᠵᠠᠭᠠᠭ ᠬᠢᠵᠠᠭᠠᠷ᠂ ᠤᠰᠤ ᠤᠮᠳᠠ ᠶᠢᠨ ᠨᠡᠪᠲᠡᠷᠡᠬᠦ ᠵᠠᠮ ᠢ ᠵᠦᠶ ᠵᠣᠬᠢᠰᠲᠠᠶ ᠳᠣᠭᠢᠷᠠᠭᠤᠯᠬᠤ ᠶᠢᠨ ᠬᠠᠮᠲᠤ ᠲᠠᠯᠠᠪᠠᠶ ᠶᠢᠨ ᠲᠡᠮᠳᠡᠭ ᠤᠨ ᠫᠠᠶᠢᠰᠠᠨ ᠳᠤ ᠲᠣᠳᠣᠷᠬᠠᠶ

ᠵᠡᠭᠦᠯᠳᠡ ᠬᠠᠳᠠᠬᠤ ᠬᠡᠷᠡᠭᠲᠡᠶ᠃ ᠤᠰᠤ ᠤᠤᠭᠤᠬᠤ᠂ ᠲᠡᠵᠢᠭᠡᠨ ᠠᠷᠠᠴᠢᠯᠠᠬᠤ ᠰᠢᠯᠲᠠᠭ ᠢᠶᠠᠷ ᠠᠵᠢᠯᠯᠠᠭᠠᠨ ᠤ ᠲᠠᠯᠠᠪᠠᠢ ᠠᠴᠠ ᠭᠠᠳᠠᠨᠠᠬᠢ ᠪᠠᠶᠢᠭᠠᠯᠢᠯᠢᠭ᠋ ᠪᠡᠯᠴᠢᠭᠡᠷ ᠲᠤ ᠪᠡᠯᠴᠢᠭᠡᠷᠯᠡᠭᠦᠯᠦᠨ ᠰᠤᠯᠠ ᠲᠡᠵᠢᠭᠡᠬᠦ ᠶᠢ ᠴᠢᠩᠭ᠎ᠠ ᠴᠠᠭᠠᠵᠠᠯᠠᠵᠤ᠂

ᠪᠡᠯᠴᠢᠭᠡᠷ ᠢ ᠰᠡᠷᠭᠦᠭᠡᠬᠦ ᠬᠤᠭᠤᠴᠠᠭ᠎ᠠ ᠳᠠᠭᠤᠰᠤᠭᠰᠠᠨ ᠤ ᠲᠠᠷᠠᠭ᠎ᠠ᠂ ᠠᠵᠢᠯᠯᠠᠭᠠᠨ ᠤ ᠲᠠᠯᠠᠪᠠᠢ ᠶᠢ ᠵᠣᠬᠢᠰᠲᠠᠶ ᠵᠠᠰᠠᠨ ᠰᠡᠷᠭᠦᠭᠡᠵᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠠᠬᠢᠭᠤᠯᠬᠤ ᠬᠡᠷᠡᠭᠲᠡᠶ᠃

   ︵ᠭᠤᠷᠪᠠ︶ ᠬᠠᠮᠢᠶᠠᠷᠤᠯᠲᠠ ᠶᠢᠨ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ

ᠡᠷᠴᠢᠮ ᠢᠶᠠᠨ ᠴᠢᠩᠭᠠᠷᠠᠭᠤᠯᠵᠤ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠲᠣᠭᠲᠠᠭᠠᠯ ᠠᠴᠠ ᠵᠥᠷᠢᠴᠡᠨ ᠮᠠᠯ ᠮᠠᠯᠵᠢᠭᠰᠠᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ

  ᠲᠠᠪᠤ᠂ ᠨᠡᠶᠢᠭᠡᠮ ᠤᠨ ᠬᠢᠨᠠᠯᠲᠠ

  ᠬᠠᠮᠢᠶᠠᠷᠤᠯᠲᠠ ᠶᠢᠨ ᠣᠷᠣᠨ ᠳᠤ ᠢᠯᠡᠴᠢᠯᠡᠨ ᠮᠡᠳᠡᠭᠦᠯᠬᠦ ᠤᠲᠠᠰᠤ ᠲᠣᠬᠢᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠨ᠎ᠠ᠂ ᠢᠯᠡᠴᠢᠯᠡᠨ ᠮᠡᠳᠡᠭᠦᠯᠬᠦ ᠤᠲᠠᠰᠤ᠄ 0179 —

3351033᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号