ᠬᠢᠵᠢᠭ ᠤᠨ ᠪᠠᠶᠢᠳᠠᠯ ᠢᠯᠡᠷᠡᠭᠰᠡᠨ ᠭᠠᠵᠠᠷ ᠤᠨ ᠣᠶᠤᠲᠠᠳ ᠬᠡᠷᠬᠢᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠪᠣᠶ︖ ᠨᠤᠲᠤᠭ ᠲᠤ ᠪᠠᠨ ᠪᠤᠴᠠᠭᠰᠠᠨ ᠣᠶᠤᠲᠠᠳ ᠢ ᠲᠥᠪᠯᠡᠷᠡᠭᠦᠯᠦᠨ ᠲᠤᠰᠠᠭᠠᠷᠯᠠᠬᠤ ᠴᠢᠬᠤᠯᠠᠲᠠᠢ ᠪᠣᠯ ᠵᠠᠷᠤᠳᠠᠯ ᠢ ᠨᠢ ᠬᠡᠷᠬᠢᠨ ᠭᠠᠷᠭᠠᠬᠤ ᠪᠣᠶ︖ ᠡᠷᠬᠡ ᠰᠦᠷᠲᠦ ᠬᠠᠷᠢᠭᠤᠯᠲᠠ︕
ᠨᠡᠶᠢᠲᠡᠯᠡᠭᠰᠡᠨ ᠴᠠᠭ᠄
2022/6/9

   ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ 6 ᠳ᠋ᠤᠭᠠᠷ

ᠰᠠᠷ᠎ᠠ ᠶᠢᠨ 5 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠣᠶᠤᠲᠠᠳ

ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠠᠵᠢᠯ ᠢ ᠰᠠᠶᠢᠲᠤᠷ ᠬᠢᠬᠦ ᠬᠤᠯᠪᠣᠭᠳᠠᠯ ᠪᠦᠬᠦᠢ ᠪᠠᠶᠢᠳᠠᠯ ᠢ

ᠲᠠᠨᠢᠯᠴᠠᠭᠤᠯᠪᠠ᠃ ᠬᠠᠮᠲᠤ ᠪᠠᠷ ᠠᠩᠬᠠᠷᠴᠠᠭᠠᠶ᠎ᠠ︕

   ᠪᠥᠬᠦ ᠤᠯᠤᠰ ᠤᠨ ᠲᠤᠬᠠᠢ ᠶᠢᠨ ᠭᠠᠵᠠᠷ ᠤᠨ ᠬᠠᠯᠳᠠᠪᠤᠷᠢᠯᠠᠭᠳᠠᠭᠴᠢ ᠨᠢᠭᠡᠨᠲᠡ 6 ᠡᠳᠦᠷ ᠳᠠᠷᠠᠭᠠᠯᠠᠨ 100

ᠵᠢᠱᠢᠶ᠎ᠡ ᠠᠴᠠ ᠳᠣᠷᠣᠭᠰᠢ ᠪᠣᠯᠪᠠ ᠣᠳᠣᠬᠠᠨ ᠳᠤ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ

ᠲᠣᠭᠲᠠᠭᠤᠨ ᠢᠶᠠᠷ ᠪᠠᠭᠤᠷᠠᠬᠤ ᠬᠠᠨᠳᠤᠰᠢ ᠲᠠᠢ ᠪᠠᠶᠢᠨ᠎ᠠ᠃ 5 ᠳ᠋ᠤᠭᠠᠷ ᠰᠠᠷ᠎ᠠ ᠶᠢᠨ 30 ᠤ ᠡᠳᠦᠷ ᠠᠴᠠ ᠨᠠᠭᠠᠰᠢ᠂ ᠪᠥᠬᠦ

ᠤᠯᠤᠰ ᠤᠨ ᠲᠤᠬᠠᠢ ᠶᠢᠨ ᠭᠠᠵᠠᠷ ᠤᠨ ᠬᠠᠯᠳᠠᠪᠤᠷᠢᠯᠠᠭᠳᠠᠭᠴᠢ 6 ᠡᠳᠦᠷ ᠳᠠᠷᠠᠭᠠᠯᠠᠨ 100 ᠵᠢᠱᠢᠶ᠎ᠡ ᠠᠴᠠ ᠳᠣᠷᠣᠭᠰᠢ

ᠪᠣᠯᠵᠠᠢ᠂ ᠭᠡᠪᠡᠴᠦ ᠣᠶᠢᠷ᠎ᠠ ᠶᠢᠨ 7 ᠡᠳᠦᠷ ᠲᠤ 16 ᠮᠤᠵᠢ ᠣᠷᠣᠨ ᠳᠤ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ

ᠮᠡᠳᠡᠭᠦᠯᠵᠦ᠂ ᠥᠪᠥᠷ ᠮᠣᠩᠭᠤᠯ ᠵᠡᠷᠭᠡ ᠬᠡᠰᠡᠭ ᠭᠠᠵᠠᠷ ᠣᠷᠣᠨ ᠳᠤ ᠪᠠᠰᠠ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ

ᠢᠯᠡᠷᠡᠪᠡ᠃ ᠣᠳᠣᠬᠠᠨ ᠳᠤ᠂ ᠪᠦᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ

ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ ᠡᠮᠦᠨᠡᠬᠢ ᠬᠤᠭᠤᠴᠠᠭᠠᠨ ᠳᠤ ᠬᠢᠵᠢᠭ ᠤᠨ ᠪᠠᠶᠢᠳᠠᠯ ᠢᠯᠡᠷᠡᠭᠰᠡᠨ ᠭᠠᠵᠠᠷ

ᠣᠷᠣᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠢᠵᠢᠭ ᠳᠡᠯᠭᠡᠷᠡᠬᠦ ᠶᠢ

ᠠᠯᠢ ᠲᠦᠷᠭᠡᠨ ᠢᠶᠠᠷ ᠬᠤᠷᠢᠭᠯᠠᠵᠤ᠂ ᠱᠠᠩᠬᠠᠢ ᠬᠤᠳᠠ ᠬᠢᠵᠢᠭ ᠤᠨ ᠪᠠᠶᠢᠳᠠᠯ ᠲᠠᠬᠢᠨ ᠡᠭᠦᠰᠴᠦ ᠲᠠᠬᠢᠨ ᠳᠡᠯᠭᠡᠷᠡᠬᠦ ᠶᠢ ᠡᠷᠡᠰ

ᠰᠡᠷᠭᠡᠶᠢᠯᠡᠨ ᠬᠤᠷᠢᠭᠯᠠᠵᠤ᠂ ᠪᠡᠭᠡᠵᠢᠩ ᠬᠤᠳᠠ ᠳᠡᠯᠭᠡᠷᠡᠬᠦ ᠬᠡᠯᠬᠢᠶ᠎ᠡ ᠤᠷᠲᠤᠳᠬᠤ ᠶᠢ ᠤᠯᠠᠮ ᠴᠢᠨᠠᠭᠰᠢᠳᠠ ᠬᠤᠷᠢᠭᠯᠠᠵᠤ᠂

ᠬᠢᠷᠢᠨ ᠪᠠ ᠯᠢᠶᠣᠤᠨᠢᠩ ᠮᠤᠵᠢ ᠬᠢᠯᠢ ᠳᠠᠭᠠᠤ ᠬᠢᠵᠢᠭ ᠳᠡᠯᠭᠡᠷᠡᠬᠦ ᠶᠢ ᠦᠨᠡᠨ ᠬᠦ ᠬᠤᠷᠢᠭᠯᠠᠬᠤ ᠬᠡᠷᠡᠭᠲᠡᠢ︔ ᠪᠤᠰᠤᠳ

ᠭᠠᠵᠠᠷ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠰᠠᠶᠢᠲᠤᠷ ᠬᠢᠵᠦ᠂ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃

   ᠬᠢᠯᠪᠠᠷᠴᠢᠯᠠᠬᠤ᠂ ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ ᠪᠠ ᠱᠠᠲᠤ ᠱᠠᠲᠤ ᠪᠠᠷ ᠳᠠᠷᠤᠭᠠᠰᠤ ᠨᠡᠮᠡᠬᠦ ᠵᠡᠷᠭᠡ ᠦᠵᠡᠭᠳᠡᠯ ᠢ

ᠡᠷᠡᠰ ᠰᠡᠷᠭᠡᠶᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ︽ᠶᠢᠰᠦ ᠶᠢ ᠦᠯᠦ ᠵᠥᠪᠰᠢᠶᠡᠷᠡᠬᠦ︾ ᠶᠢ ᠡᠷᠡᠰ

ᠪᠡᠶᠡᠯᠡᠭᠦᠯᠦᠨ᠎ᠡ

   ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠳᠠᠬᠢᠵᠤ ᠡᠭᠦᠰᠬᠦ ᠶᠢ ᠰᠡᠷᠭᠡᠶᠢᠯᠡᠬᠦ︾

ᠶᠡᠷᠦᠩᠬᠡᠢ ᠠᠷᠭ᠎ᠠ ᠪᠣᠳᠣᠯᠭ᠎ᠠ ᠪᠠ ︽ᠬᠥᠳᠡᠯᠦᠩᠭᠦᠢ ᠪᠠᠷ ᠦᠭᠡᠶᠢᠰᠬᠡᠬᠦ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ

ᠪᠠᠷᠢᠮᠲᠠᠯᠠᠭᠰᠠᠨ ᠤᠷᠢᠲᠠᠯ ᠳᠣᠣᠷ᠎ᠠ᠂ ᠡᠯ᠎ᠡ ᠭᠠᠵᠠᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ

ᠠᠬᠤᠢ ᠨᠡᠶᠢᠭᠡᠮ ᠤᠨ ᠬᠥᠭᠵᠢᠯᠲᠡ ᠶᠢ ᠨᠡᠩ ᠥᠨᠳᠥᠷ ᠪᠦᠲᠦᠮᠵᠢᠲᠡᠢ ᠪᠠᠷ ᠨᠢᠭᠡᠳᠦᠯᠲᠡᠢ ᠲᠥᠯᠥᠪᠵᠢᠭᠦᠯᠵᠦ᠂ ᠰᠡᠷᠭᠡᠶᠢᠯᠡᠨ

ᠡᠵᠡᠮᠳᠡᠬᠦ ᠠᠷᠭ᠎ᠠ ᠬᠡᠮᠵᠢᠶ᠎ᠡ ᠶᠢᠨ ᠰᠢᠨᠵᠢᠯᠡᠬᠦ ᠤᠬᠠᠭᠠᠨᠴᠢ ᠴᠢᠨᠠᠷ᠂ ᠨᠠᠷᠢᠯᠢᠭ ᠣᠨᠣᠪᠴᠢᠲᠤ ᠴᠢᠨᠠᠷ᠂ ᠬᠠᠨᠳᠤᠯᠭᠠᠲᠤ ᠴᠢᠨᠠᠷ ᠢ

ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠢᠯᠪᠠᠷᠴᠢᠯᠠᠬᠤ᠂ ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ ᠪᠠ ᠱᠠᠲᠤ ᠱᠠᠲᠤ ᠪᠠᠷ

ᠳᠠᠷᠤᠭᠠᠰᠤ ᠨᠡᠮᠡᠬᠦ ᠵᠡᠷᠭᠡ ᠦᠵᠡᠭᠳᠡᠯ ᠢ ᠡᠷᠡᠰ ᠰᠡᠷᠭᠡᠶᠢᠯᠡᠵᠦ᠂ ︽ᠶᠢᠰᠦ ᠶᠢ ᠦᠯᠦ ᠵᠥᠪᠰᠢᠶᠡᠷᠡᠬᠦ︾ ᠶᠢ ᠡᠷᠡᠰ ᠪᠡᠶᠡᠯᠡᠭᠦᠯᠬᠦ

ᠬᠡᠷᠡᠭᠲᠡᠢ᠄

   1.ᠭᠠᠳᠠᠭᠰᠢ ᠭᠠᠷᠬᠤ ᠶᠢ ᠬᠢᠵᠠᠭᠠᠷᠯᠠᠬᠤ ᠬᠡᠪᠴᠢᠶ᠎ᠡ ᠶᠢ ᠳᠤᠮᠳᠠ᠂ ᠥᠨᠳᠥᠷ ᠲᠦᠭᠰᠢᠭᠦᠷᠢᠲᠦ ᠭᠠᠵᠠᠷ ᠣᠷᠣᠨ ᠠᠴᠠ

ᠪᠤᠰᠤᠳ ᠭᠠᠵᠠᠷ ᠣᠷᠣᠨ ᠲᠡᠶᠢᠰᠢ ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠃

   2.ᠳᠣᠣᠷ᠎ᠠ ᠲᠦᠭᠰᠢᠭᠦᠷᠢᠲᠦ ᠭᠠᠵᠠᠷ ᠣᠷᠣᠨ ᠠᠴᠠ ᠢᠷᠡᠭᠰᠡᠨ ᠬᠥᠮᠥᠰ ᠲᠤ ᠠᠯᠪᠠᠳᠠᠯᠭ᠎ᠠ ᠪᠠᠷ ᠢᠳᠬᠠᠨ ᠪᠤᠴᠠᠭᠠᠬᠤ᠂

ᠲᠤᠰᠠᠭᠠᠷᠯᠠᠬᠤ ᠵᠡᠷᠭᠡ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ ᠪᠣᠯᠬᠤ ᠦᠭᠡᠢ᠃

   3. ᠳᠤᠮᠳᠠ᠂ ᠥᠨᠳᠥᠷ ᠲᠦᠭᠰᠢᠭᠦᠷᠢᠲᠦ ᠭᠠᠵᠠᠷ ᠣᠷᠣᠨ ᠵᠢᠴᠢ ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ

ᠡᠵᠡᠮᠳᠡᠬᠦ ᠣᠷᠣᠨ ᠤ ᠬᠠᠮᠢᠶᠠᠷᠤᠨ ᠡᠵᠡᠮᠳᠡᠬᠦ ᠴᠠᠭ ᠢ ᠳᠤᠷ᠎ᠠ ᠪᠠᠷ ᠢᠶᠠᠨ ᠤᠷᠲᠤᠳᠬᠠᠵᠤ ᠪᠣᠯᠬᠤ ᠦᠭᠡᠢ᠃

   4.ᠲᠤᠰᠠᠭᠠᠷᠯᠠᠬᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ ᠲᠦᠭᠰᠢᠭᠦᠷᠢᠲᠦ ᠬᠥᠮᠥᠰ ᠤᠨ ᠬᠡᠪᠴᠢᠶ᠎ᠡ ᠶᠢ

ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠃

   5.ᠲᠦᠭᠰᠢᠭᠦᠷᠢᠲᠦ ᠬᠥᠮᠥᠰ ᠤᠨ ᠲᠤᠰᠠᠭᠠᠷᠯᠠᠬᠤ ᠪᠠ ᠡᠷᠡᠭᠦᠯ ᠮᠡᠨᠳᠦ ᠶᠢ ᠨᠢ ᠬᠢᠨᠠᠨ ᠪᠠᠶᠢᠴᠠᠭᠠᠬᠤ ᠴᠠᠭ ᠢ

ᠳᠤᠷ᠎ᠠ ᠪᠠᠷ ᠢᠶᠠᠨ ᠤᠷᠲᠤᠳᠬᠠᠵᠤ ᠪᠣᠯᠬᠤ ᠦᠭᠡᠢ᠃

   6.ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷ ᠰᠢᠯᠲᠠᠭᠯᠠᠵᠤ ᠪᠠᠴᠢᠮ᠂ ᠠᠶᠤᠯᠲᠠᠢ᠂ ᠬᠦᠨᠳᠦ ᠡᠪᠡᠳᠴᠢᠲᠡᠨ ᠪᠠ

ᠵᠢᠮ᠎ᠡ ᠶᠣᠰᠣ ᠲᠠᠢ ᠪᠠᠷ ᠣᠨᠣᠰᠢᠯᠠᠨ ᠡᠮᠴᠢᠯᠡᠭᠦᠯᠬᠦ ᠴᠢᠬᠤᠯᠠᠲᠠᠢ ᠡᠪᠡᠳᠴᠢᠲᠡᠨ ᠳᠤ ᠡᠮᠴᠢᠯᠡᠭᠡᠨ ᠤ ᠦᠢᠯᠡᠴᠢᠯᠡᠭᠡ

ᠬᠠᠩᠭᠠᠬᠤ ᠶᠢ ᠳᠤᠷ᠎ᠠ ᠪᠠᠷ ᠢᠶᠠᠨ ᠲᠡᠪᠴᠢᠵᠦ ᠪᠣᠯᠬᠤ ᠦᠭᠡᠢ᠃

  7.ᠨᠥᠬᠦᠴᠡᠯ ᠳᠤ ᠨᠡᠶᠢᠴᠡᠵᠦ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠭᠰᠠᠨ ᠣᠶᠤᠲᠠᠨ ᠳᠤ

ᠲᠤᠰᠠᠭᠠᠷᠯᠠᠬᠤ ᠵᠡᠷᠭᠡ ᠠᠷᠭ᠎ᠠ ᠬᠡᠮᠵᠢᠶ᠎ᠡ ᠠᠪᠴᠤ ᠪᠣᠯᠬᠤ ᠦᠭᠡᠢ᠃

   8. ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠢ ᠳᠤᠷ᠎ᠠ ᠪᠠᠷ ᠢᠶᠠᠨ ᠲᠣᠬᠢᠷᠠᠭᠤᠯᠵᠤ ᠪᠣᠯᠬᠤ ᠦᠭᠡᠢ᠂

ᠨᠥᠬᠦᠴᠡᠯ ᠳᠤ ᠨᠡᠶᠢᠴᠡᠭᠰᠡᠨ ᠠᠶᠠᠨᠴᠢᠨ ᠪᠠ ᠪᠠᠷᠠᠭᠠᠨ ᠤ ᠲᠡᠷᠭᠡ ᠶᠢᠨ ᠵᠢᠯᠣᠭᠤᠴᠢ ᠦᠢᠯᠡᠴᠢᠯᠡᠭᠴᠢ ᠶᠢᠨ ᠨᠡᠪᠲᠡᠷᠡᠬᠦ ᠶᠢ

ᠬᠢᠵᠠᠭᠠᠷᠯᠠᠵᠤ ᠪᠣᠯᠬᠤ ᠦᠭᠡᠢ᠃

   9.ᠳᠣᠣᠷ᠎ᠠ ᠲᠦᠭᠰᠢᠭᠦᠷᠢᠲᠦ ᠭᠠᠵᠠᠷ ᠤᠨ ᠬᠡᠪ ᠤᠨ ᠦᠢᠯᠡᠳᠪᠦᠷᠢᠯᠡᠯ ᠠᠮᠢᠳᠤᠷᠠᠯ ᠢ ᠪᠠᠲᠤᠯᠠᠬᠤ ᠲᠠᠯᠠᠪᠤᠷ ᠢ

ᠳᠤᠷ᠎ᠠ ᠪᠠᠷ ᠢᠶᠠᠨ ᠬᠠᠭᠠᠵᠤ ᠪᠣᠯᠬᠤ ᠦᠭᠡᠢ᠃ ᠰᠤᠷᠭᠠᠭᠤᠯᠢ ᠶᠢᠨ ᠪᠠᠶᠢᠭ᠎ᠠ ᠬᠤᠲᠠ ᠳᠤ ᠬᠢᠵᠢᠭ ᠤᠨ ᠪᠠᠶᠢᠳᠠᠯ ᠢᠯᠡᠷᠡᠭᠰᠡᠨ

ᠴᠤ ᠰᠤᠷᠭᠠᠭᠤᠯᠢ ᠨᠢ ᠳᠣᠣᠷ᠎ᠠ ᠲᠦᠭᠰᠢᠭᠦᠷᠢᠲᠦ ᠭᠠᠵᠠᠷ ᠣᠷᠣᠨ ᠳᠤ ᠪᠠᠶᠢᠪᠠᠯ ᠣᠶᠤᠲᠠᠨ ᠢᠩᠭᠢᠵᠦ ᠨᠤᠲᠤᠭ ᠲᠤ ᠪᠠᠨ

ᠬᠠᠷᠢᠵᠤ ᠪᠣᠯᠣᠨ᠎ᠠ

   6 ᠳ᠋ᠤᠭᠠᠷ ᠰᠠᠷ᠎ᠠ ᠶᠢᠨ 3 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ

ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ︽ᠪᠥᠬᠦ ᠤᠯᠤᠰ ᠤᠨ ᠣᠶᠤᠲᠠᠳ ᠤᠨ

ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃

︽ᠮᠡᠳᠡᠭᠳᠡᠯ︾ ᠳᠤ ᠱᠠᠭᠠᠷᠳᠠᠭᠰᠠᠨ ᠨᠢ᠂ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠣᠶᠤᠲᠠᠳ ᠤᠨ

ᠡᠷᠡᠭᠦᠯ ᠮᠡᠨᠳᠦ ᠶᠢᠨ ᠬᠠᠮᠢᠶᠠᠷᠤᠯᠲᠠ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ

ᠢᠯᠡᠷᠡᠭᠰᠡᠨ ᠭᠠᠵᠠᠷ ᠤᠨ ᠶᠡᠭᠡ ᠳᠡᠭᠡᠳᠦ ᠰᠤᠷᠭᠠᠭᠤᠯᠢ ᠳᠤ ᠬᠢᠵᠢᠭ ᠤᠨ ᠪᠠᠶᠢᠳᠠᠯ ᠦᠭᠡᠢ ᠪᠣᠯ᠂ ᠣᠶᠤᠲᠠᠨ 7 ᠡᠳᠦᠷ ᠠᠴᠠ

ᠳᠡᠭᠡᠭᠰᠢ ᠪᠢᠲᠡᠭᠦᠮᠵᠢᠯᠡᠭᠰᠡᠨ ᠬᠠᠮᠢᠶᠠᠷᠤᠯᠲᠠ ᠶᠢ ᠳᠠᠭᠤᠰᠬᠠᠭᠰᠠᠨ ᠤ ᠳᠠᠷᠠᠭ᠎ᠠ᠂ ᠰᠤᠷᠭᠠᠭᠤᠯᠢ ᠶᠢᠨ ᠲᠣᠭᠲᠠᠭᠠᠯ ᠪᠠ

ᠲᠣᠬᠢᠷᠠᠭᠤᠯᠤᠯᠲᠠ ᠶᠣᠰᠣᠭᠠᠷ᠂ ᠲᠣᠰ ᠰᠤᠷᠭᠠᠭᠤᠯᠢ ᠶᠢᠨ ᠢᠶᠠᠨ ᠭᠠᠷᠭᠠᠭᠰᠠᠨ ᠬᠠᠮᠢᠶ᠎ᠠ ᠪᠦᠬᠦᠢ ᠭᠡᠷᠡᠴᠢ ᠵᠢᠴᠢ 48 ᠴᠠᠭ ᠤᠨ

ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ ᠰᠤᠷᠭᠠᠭᠤᠯᠢ ᠠᠴᠠ ᠪᠠᠨ

ᠰᠠᠯᠤᠨ ᠨᠤᠲᠤᠭ ᠲᠤ ᠪᠠᠨ ᠪᠤᠴᠠᠵᠤ᠂ ᠰᠤᠷᠭᠠᠭᠤᠯᠢ ᠠᠴᠠ ᠵᠣᠷᠢᠭᠰᠠᠨ ᠭᠠᠵᠠᠷ ᠬᠦᠷᠲᠡᠯᠡᠬᠢ ︽ᠴᠡᠭ ᠠᠴᠠ ᠴᠡᠭ ᠲᠤ ᠬᠦᠷᠬᠦ

︾ ᠪᠢᠲᠡᠭᠦᠮᠵᠢᠲᠦ ᠴᠠᠭᠠᠷᠢᠭ ᠤᠨ ᠠᠷᠭ᠎ᠠ ᠪᠠᠷ ᠨᠤᠲᠤᠭ ᠲᠤ ᠪᠠᠨ ᠪᠤᠴᠠᠵᠤ ᠪᠣᠯᠣᠨ᠎ᠠ᠃ ᠳᠡᠭᠡᠷᠡᠬᠢ ᠨᠥᠬᠦᠴᠡᠯ ᠳᠤ

ᠨᠡᠶᠢᠴᠡᠭᠰᠡᠨ ᠣᠶᠤᠲᠠᠨ ᠨᠤᠲᠤᠭ ᠲᠤ ᠪᠠᠨ ᠪᠤᠴᠠᠭᠰᠠᠨ ᠤ ᠳᠠᠷᠠᠭ᠎ᠠ᠂ ᠳᠠᠭᠢᠵᠤ ᠲᠥᠪᠯᠡᠷᠡᠭᠦᠯᠦᠨ ᠲᠤᠰᠠᠭᠠᠷᠯᠠᠬᠤ ᠦᠭᠡᠢ᠂

ᠭᠡᠷ ᠲᠤ ᠪᠠᠨ ᠭᠦᠷᠦᠭᠰᠡᠨ ᠤ ᠳᠠᠷᠠᠭ᠎ᠠ 7 ᠡᠳᠦᠷ ᠤᠨ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠵᠦ᠂ ᠬᠡᠷᠪᠡ ᠬᠡᠪ ᠤᠨ

ᠪᠤᠰᠤ ᠪᠠᠶᠢᠳᠠᠯ ᠭᠠᠷᠪᠠᠯ ᠲᠤᠬᠠᠢ ᠶᠢᠨ ᠭᠠᠵᠠᠷ ᠤᠨ ᠨᠡᠶᠢᠭᠡᠮ ᠲᠣᠭᠤᠷᠢᠭ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ

ᠰᠠᠯᠠᠭ᠎ᠠ ᠮᠥᠴᠢᠷ ᠲᠤ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ ᠲᠣᠰ ︽ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠠᠴᠠ

ᠡᠮᠦᠨ᠎ᠡ᠂ ᠨᠢᠭᠡᠨᠲᠡ ᠨᠤᠲᠤᠭ ᠲᠤ ᠪᠠᠨ ᠪᠤᠴᠠᠭᠰᠠᠨ ᠣᠶᠤᠲᠠᠨ ᠳᠤ᠂ ᠡᠯ᠎ᠡ ᠭᠠᠵᠠᠷ ᠤᠨ ᠬᠢᠨ ︽ᠨᠢᠭᠡ ᠬᠥᠮᠥᠨ ᠳᠤ ᠨᠢᠭᠡ

ᠠᠷᠭ᠎ᠠ ᠬᠡᠷᠡᠭᠵᠢᠭᠦᠯᠬᠦ︾ ᠵᠠᠷᠴᠢᠮ ᠶᠣᠰᠣᠭᠠᠷ᠂ ᠶᠡᠷᠦᠩᠬᠡᠶᠢᠯᠡᠨ ᠵᠢᠱᠢᠵᠦ ᠬᠠᠷᠢᠴᠠᠭᠤᠯᠤᠨ ᠬᠡᠷᠡᠭᠵᠢᠭᠦᠯᠵᠦ ᠪᠣᠯᠣᠨ᠎ᠠ ᠭᠡᠵᠡᠢ᠃

︽ᠮᠡᠳᠡᠭᠳᠡᠯ︾ ᠳᠤ ᠪᠠᠰᠠ᠂ ᠡᠯ᠎ᠡ ᠭᠠᠵᠠᠷ ᠤᠨ ᠬᠢᠨ ᠣᠶᠤᠲᠠᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ

ᠪᠤᠴᠠᠬᠤ ᠲᠥᠷᠥ ᠶᠢᠨ ᠪᠣᠳᠣᠯᠭ᠎ᠠ ᠶᠢ ᠱᠠᠲᠤ ᠳᠠᠷᠠᠭᠠᠯᠠᠨ ᠤᠯᠠᠮᠵᠢᠯᠠᠵᠤ᠂ ᠱᠠᠲᠤ ᠳᠠᠷᠠᠭᠠᠯᠠᠨ ᠨᠠᠶᠢᠳᠠᠪᠤᠷᠢᠵᠢᠭᠤᠯᠬᠤ ᠬᠡᠷᠡᠭᠲᠡᠢ᠂

ᠱᠠᠲᠤ ᠱᠠᠲᠤ ᠪᠠᠷ ᠳᠠᠷᠤᠭᠠᠰᠤ ᠨᠡᠮᠡᠵᠦ ᠪᠣᠯᠬᠤ ᠦᠭᠡᠢ᠃ ᠡᠭᠦᠨ ᠤ ᠵᠡᠷᠭᠡ ᠳᠤ᠂ ᠬᠢᠵᠢᠭ ᠤᠨ ᠪᠠᠶᠢᠳᠠᠯ ᠦᠭᠡᠢ ᠭᠠᠵᠠᠷ

ᠣᠷᠣᠨ ᠳᠤ᠂ ᠣᠶᠤᠲᠠᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠭᠰᠠᠨ ᠪᠣᠯ᠂ ᠪᠤᠴᠠᠭᠰᠠᠨ ᠭᠠᠵᠠᠷ ᠤᠨ

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ

ᠱᠠᠭᠠᠷᠳᠠᠪᠠ᠃

ᠨᠤᠲᠤᠭ ᠲᠤ ᠪᠠᠨ ᠪᠤᠴᠠᠭᠰᠠᠨ ᠣᠶᠤᠲᠠᠳ ᠢ ᠦᠨᠡᠨ ᠬᠦ ᠲᠥᠪᠯᠡᠷᠡᠭᠦᠯᠦᠨ ᠲᠤᠰᠠᠭᠠᠷᠯᠠᠬᠤ ᠴᠢᠬᠤᠯᠠᠲᠠᠢ ᠪᠣᠯ᠂ ᠡᠯ᠎ᠡ

ᠭᠠᠵᠠᠷ ᠤᠨ ᠬᠢᠨ ᠲᠥᠪᠯᠡᠷᠡᠭᠦᠯᠦᠨ ᠲᠤᠰᠠᠭᠠᠷᠯᠠᠬᠤ ᠵᠠᠷᠤᠳᠠᠯ ᠢ ᠨᠢ ᠬᠡᠯᠲᠦᠷᠢᠭᠦᠯᠦᠨ᠎ᠡ

   6 ᠳ᠋ᠤᠭᠠᠷ ᠰᠠᠷ᠎ᠠ ᠶᠢᠨ 3 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ

ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ︽ᠪᠥᠬᠦ ᠤᠯᠤᠰ ᠤᠨ ᠣᠶᠤᠲᠠᠳ ᠤᠨ

ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂

ᠣᠶᠤᠲᠠᠳ ᠤᠨ ᠲᠤᠰᠠᠭᠠᠷᠯᠠᠬᠤ ᠵᠠᠷᠤᠳᠠᠯ ᠢ ᠬᠡᠯᠲᠦᠷᠢᠭᠦᠯᠬᠦ ᠬᠡᠷᠡᠭᠲᠡᠢ ᠭᠡᠵᠦ ᠱᠠᠭᠠᠷᠳᠠᠪᠠ᠃ ︽ᠮᠡᠳᠡᠭᠳᠡᠯ︾ ᠳᠤ

ᠴᠢᠬᠤᠯᠠᠴᠢᠯᠠᠭᠰᠠᠨ ᠨᠢ᠂ ᠨᠤᠲᠤᠭ ᠲᠤ ᠪᠠᠨ ᠪᠤᠴᠠᠭᠰᠠᠨ ᠣᠶᠤᠲᠠᠳ ᠢ ᠦᠨᠡᠨ ᠬᠦ ᠲᠥᠪᠯᠡᠷᠡᠭᠦᠯᠦᠨ ᠲᠤᠰᠠᠭᠠᠷᠯᠠᠬᠤ

ᠴᠢᠬᠤᠯᠠᠲᠠᠢ ᠪᠣᠯ᠂ ᠡᠯ᠎ᠡ ᠭᠠᠵᠠᠷ ᠤᠨ ᠬᠢᠨ ᠲᠥᠪᠯᠡᠷᠡᠭᠦᠯᠦᠨ ᠲᠤᠰᠠᠭᠠᠷᠯᠠᠬᠤ ᠵᠠᠷᠤᠳᠠᠯ ᠢ ᠬᠡᠯᠲᠦᠷᠢᠭᠦᠯᠦᠨ᠎ᠡ ᠭᠡᠵᠡᠢ᠃ ︽

ᠮᠡᠳᠡᠭᠳᠡᠯ︾ ᠳᠤ ᠪᠠᠰᠠ ᠱᠠᠭᠠᠷᠳᠠᠭᠰᠠᠨ ᠨᠢ᠂ ᠡᠯ᠎ᠡ ᠭᠠᠵᠠᠷ ᠤᠨ ᠬᠢᠨ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠠᠬᠢ

ᠨᠤᠲᠤᠭ ᠲᠤ ᠪᠠᠨ ᠪᠤᠴᠠᠭᠰᠠᠨ ᠣᠶᠤᠲᠠᠳ ᠢ ᠬᠠᠯᠠᠮᠵᠢᠯᠠᠨ ᠬᠠᠶᠢᠷᠠᠯᠠᠵᠤ᠂ ᠢᠳᠡᠵᠦ ᠤᠤᠭᠤᠬᠤ ᠬᠤᠨᠣᠵᠤ ᠬᠡᠪᠲᠡᠬᠦ

ᠨᠥᠬᠦᠴᠡᠯ ᠢ ᠨᠢ ᠪᠠᠲᠤᠯᠠᠨ᠂ ᠣᠶᠤᠲᠠᠳ ᠤᠨ ᠠᠮᠢᠳᠤᠷᠠᠯ᠂ ᠡᠪᠡᠳᠴᠢᠨ ᠦᠵᠡᠭᠦᠯᠬᠦ ᠵᠡᠷᠭᠡ ᠴᠢᠬᠤᠯᠠ ᠪᠦᠬᠦᠢ

ᠬᠡᠷᠡᠭᠴᠡᠭᠡ ᠶᠢ ᠨᠢ ᠬᠠᠩᠭᠠᠬᠤ ᠬᠡᠷᠡᠭᠲᠡᠢ ᠭᠡᠵᠡᠢ᠃

   ᠣᠶᠤᠲᠠᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ ᠡᠳᠡᠭᠡᠷ ᠵᠦᠢᠯ ᠢ ᠠᠩᠬᠠᠷᠬᠤ ᠬᠡᠷᠡᠭᠲᠡᠢ

   ᠣᠶᠤᠲᠠᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠠᠴᠠ ᠪᠠᠨ ᠡᠮᠦᠨ᠎ᠡ ᠬᠤᠯᠪᠣᠭᠳᠠᠯ ᠪᠦᠬᠦᠢ

ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠄ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ᠂

ᠰᠤᠷᠭᠠᠭᠤᠯᠢ ᠠᠴᠠ ᠭᠠᠷᠭᠠᠭᠰᠠᠨ ᠬᠤᠯᠪᠣᠭᠳᠠᠯ ᠪᠦᠬᠦᠢ ᠭᠡᠷᠡᠴᠢ ᠪᠠᠨ ᠠᠪᠴᠤ ᠶᠠᠪᠤᠬᠤ ᠬᠡᠷᠡᠭᠲᠡᠢ︔ ᠡᠷᠡᠭᠦᠯ ᠮᠡᠨᠳᠦ ᠶᠢᠨ

ᠺᠣᠳ᠋ ᠪᠠ ᠠᠶᠠᠯᠠᠯ ᠤᠨ ᠺᠣᠳ᠋ ᠢ ᠨᠢ ᠪᠠᠶᠢᠴᠠᠭᠠᠨ᠎ᠠ᠃ ᠣᠶᠤᠲᠠᠳ ᠨᠤᠲᠤᠭ ᠲᠤ ᠪᠠᠨ ᠪᠤᠴᠠᠬᠤ ᠵᠠᠮ ᠳᠤ ᠪᠠᠨ ᠠᠮᠠᠪᠴᠢ᠂

ᠲᠦᠷᠭᠡᠨ ᠬᠠᠳᠠᠬᠤ ᠠᠷᠢᠭᠤᠳᠬᠠᠭᠴᠢ ᠵᠡᠷᠭᠡ ᠬᠤᠪᠢ ᠬᠥᠮᠥᠨ ᠤ ᠬᠠᠮᠠᠭᠠᠯᠠᠯᠲᠠ ᠶᠢᠨ ᠬᠡᠷᠡᠭᠰᠡᠯ ᠢᠶᠠᠨ ᠭᠦᠢᠴᠡᠳ ᠠᠪᠴᠤ᠂

ᠪᠥᠬᠦ ᠶᠠᠪᠤᠴᠠ ᠳᠤ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠢ᠄ ᠨᠢᠭᠡ ᠳᠤ᠂ ᠪᠥᠬᠦ ᠶᠠᠪᠤᠴᠠ ᠳᠤ

ᠠᠮᠠᠪᠴᠢ ᠪᠠᠨ ᠰᠠᠶᠢᠲᠤᠷ ᠵᠡᠭᠦᠵᠦ᠂ ᠪᠤᠰᠤᠳ ᠬᠥᠮᠥᠨ ᠲᠠᠢ ᠬᠦᠷᠦᠯᠴᠡᠬᠦ ᠪᠠᠨ ᠠᠯᠢ ᠴᠢᠳᠠᠬᠤ ᠪᠠᠷ ᠪᠠᠭᠠᠰᠬᠠᠵᠤ᠂

ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠡᠭᠡᠷ᠎ᠡ ᠬᠠᠮᠲᠤ ᠰᠠᠭᠤᠭᠰᠠᠳ ᠯᠤᠭ᠎ᠠ ᠵᠠᠢ ᠪᠠᠨ ᠠᠯᠢ ᠴᠢᠳᠠᠬᠤ ᠪᠠᠷ ᠪᠠᠲᠤᠯᠠᠵᠤ᠂

ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠢ᠃ ᠬᠤᠶᠠᠷ ᠲᠤ᠂ ᠭᠠᠷ ᠤᠨ ᠠᠷᠢᠭᠤᠨ ᠴᠡᠪᠡᠷ ᠢᠶᠠᠨ ᠰᠠᠶᠢᠲᠤᠷ ᠪᠠᠲᠤᠯᠠᠵᠤ᠂

ᠡᠭᠦᠳᠡᠨ ᠪᠠᠷᠢᠭᠤᠯ᠂ ᠴᠠᠬᠢᠯᠭᠠᠨ ᠱᠠᠲᠤ ᠶᠢᠨ ᠳᠠᠷᠤᠭᠤᠯ ᠵᠡᠷᠭᠡ ᠨᠡᠶᠢᠲᠡ ᠶᠢᠨ ᠪᠡᠯᠡᠳᠬᠡᠮᠵᠢ ᠳᠤ ᠰᠢᠭᠤᠳ ᠬᠦᠷᠦᠯᠴᠡᠬᠦ ᠠᠴᠠ

ᠠᠯᠢ ᠴᠢᠳᠠᠬᠤ ᠪᠠᠷ ᠵᠠᠶᠢᠯᠠᠰᠬᠢᠵᠦ᠂ ᠬᠦᠷᠦᠯᠴᠡᠭᠰᠡᠨ ᠤ ᠳᠠᠷᠠᠭ᠎ᠠ ᠴᠠᠭ ᠲᠤᠬᠠᠢ ᠳᠤ ᠨᠢ ᠭᠠᠷ ᠢᠶᠠᠨ ᠤᠬᠢᠶᠠᠬᠤ ᠪᠤᠶᠤ

ᠲᠦᠷᠭᠡᠨ ᠬᠠᠳᠠᠬᠤ ᠠᠷᠢᠭᠤᠳᠬᠠᠭᠴᠢ ᠵᠡᠷᠭᠡ ᠪᠠᠷ ᠠᠷᠢᠭᠤᠳᠬᠠᠬᠤ ᠬᠡᠷᠡᠭᠲᠡᠢ᠃ ᠭᠤᠷᠪᠠ ᠳᠤ᠂ ᠥᠪᠡᠷ ᠤᠨ ᠪᠡᠶ᠎ᠡ ᠶᠢᠨ

ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠪᠠᠨ ᠰᠠᠶᠢᠲᠤᠷ ᠬᠢᠬᠦ ᠬᠡᠷᠡᠭᠲᠡᠢ᠃ ᠭᠡᠷ ᠲᠤ ᠪᠠᠨ ᠪᠤᠴᠠᠬᠤ ᠵᠠᠮ ᠳᠤ ᠪᠠᠨ ᠪᠤᠶᠤ

ᠭᠡᠷ ᠲᠤ ᠪᠠᠨ ᠬᠠᠷᠢᠭᠰᠠᠨ ᠤ ᠳᠠᠷᠠᠭ᠎ᠠ᠂ ᠰᠡᠵᠢᠭ ᠲᠠᠢ ᠰᠢᠨᠵᠢ ᠢᠯᠡᠷᠡᠯ ᠭᠠᠷᠪᠠᠯ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂

ᠴᠠᠭ ᠲᠤᠬᠠᠢ ᠳᠤ ᠨᠢ ᠣᠶᠢᠷ᠎ᠠ ᠬᠠᠪᠢ ᠳᠤ ᠪᠠᠨ ᠡᠮᠴᠢᠯᠡᠭᠦᠯᠬᠦ ᠬᠡᠷᠡᠭᠲᠡᠢ᠃ ᠣᠯᠠᠨ ᠨᠡᠶᠢᠲᠡ ᠶᠢᠨ ᠲᠠᠯᠠᠪᠤᠷ ᠲᠤ

ᠣᠷᠣᠬᠤ ᠳᠤ ᠪᠠᠨ᠂ ᠲᠤᠬᠠᠢ ᠶᠢᠨ ᠭᠠᠵᠠᠷ ᠤᠨ ᠲᠣᠭᠲᠠᠭᠠᠯ ᠶᠣᠰᠣᠭᠠᠷ ᠺᠣᠳ᠋ ᠰᠢᠷᠪᠢᠵᠦ ᠪᠡᠶ᠎ᠡ ᠶᠢᠨ ᠳᠤᠯᠠᠭᠠᠨ ᠢᠶᠠᠨ

ᠬᠡᠮᠵᠢᠭᠦᠯᠬᠦ ᠬᠡᠷᠡᠭᠲᠡᠢ᠃ ᠨᠤᠲᠤᠭ ᠲᠤ ᠪᠠᠨ ᠬᠠᠷᠢᠭᠰᠠᠨ ᠤ ᠳᠠᠷᠠᠭ᠎ᠠ ᠲᠤᠰᠠᠭᠠᠷᠯᠠᠬᠤ ᠴᠢᠬᠤᠯᠠᠲᠠᠢ ᠣᠶᠤᠲᠠᠨ ᠳᠤ

ᠲᠤᠰᠠᠭᠠᠷᠯᠠᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠵᠢᠷᠤᠮᠯᠠᠨ᠂ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠪᠠ ᠪᠥᠭᠡᠮ

ᠬᠦᠴᠢᠯ ᠤᠨ ᠪᠠᠶᠢᠴᠠᠭᠠᠯᠲᠠ ᠶᠢ ᠰᠠᠶᠢᠲᠤᠷ ᠬᠢᠵᠦ᠂ ᠡᠳᠦᠷ ᠪᠦᠷᠢ ᠲᠣᠭᠲᠠᠭᠰᠠᠨ ᠴᠠᠭ ᠲᠤ ᠪᠡᠶ᠎ᠡ ᠶᠢᠨ ᠳᠤᠯᠠᠭᠠᠨ ᠢ ᠨᠢ

ᠬᠡᠮᠵᠢᠨ᠎ᠡ᠂ ᠬᠡᠷᠪᠡ ᠬᠠᠯᠠᠭᠤᠷᠠᠬᠤ᠂ ᠬᠡᠢ ᠬᠠᠨᠢᠶᠠᠬᠤ᠂ ᠲᠠᠮᠢᠷᠳᠠᠬᠤ᠂ ᠬᠤᠭᠤᠯᠠᠢ ᠡᠪᠡᠳᠬᠦ᠂ ᠦᠨᠦᠷ ︵ᠠᠮᠲᠠ︶ ᠤᠨ ᠰᠡᠷᠡᠯ

ᠮᠠᠭᠤᠳᠠᠬᠤ᠂ ᠰᠠᠭᠤᠯᠭᠠᠬᠤ ᠵᠡᠷᠭᠡ ᠰᠢᠨᠵᠢ ᠢᠯᠡᠷᠡᠯ ᠭᠠᠷᠪᠠᠯ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃

   ᠲᠡᠮᠦᠷ ᠵᠠᠮ ᠤᠨ ᠰᠠᠯᠠᠭ᠎ᠠ ᠮᠥᠴᠢᠷ ᠲᠡᠭᠡᠭᠡᠪᠦᠷᠢ ᠶᠢᠨ ᠬᠦᠴᠦᠨ ᠢ ᠭᠦᠢᠴᠡᠳ ᠬᠠᠩᠭᠠᠵᠤ᠂ ᠣᠶᠤᠲᠠᠳ ᠤᠨ

ᠨᠤᠲᠤᠭ ᠲᠤ ᠪᠠᠨ ᠪᠤᠴᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠪᠠᠷ ᠪᠣᠶ

    ᠲᠡᠭᠡᠭᠡᠪᠦᠷᠢ ᠶᠢᠨ ᠬᠦᠴᠦᠨ ᠤ ᠪᠠᠲᠤᠯᠠᠭ᠎ᠠ ᠶᠢᠨ ᠲᠠᠯ᠎ᠠ ᠪᠠᠷ᠂ ᠲᠡᠮᠦᠷ ᠵᠠᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ

ᠨᠢᠭᠡᠴᠢ ᠶᠢ ᠵᠣᠬᠢᠶᠠᠨ ᠪᠠᠶᠢᠭᠤᠯᠤᠨ ᠮᠡᠷᠭᠡᠵᠢᠯ ᠤᠨ ᠰᠤᠳᠤᠯᠭᠠᠨ ᠥᠷᠨᠢᠭᠦᠯᠵᠦ᠂ 6 ᠳ᠋ᠤᠭᠠᠷ ᠰᠠᠷ᠎ᠠ ᠶᠢᠨ 1 ᠤ ᠡᠳᠦᠷ

12306 ᠭᠠᠷ ᠤᠲᠠᠰᠤᠨ ᠤ ᠬᠡᠷᠡᠭᠯᠡᠭᠴᠢ ᠶᠢᠨ ᠦᠵᠦᠭᠦᠷ ᠪᠣᠯᠣᠨ 12306 ᠸᠢᠴᠠᠲ ᠤᠨ ᠵᠢᠵᠢᠭ ᠫᠷᠣᠭ᠍ᠷᠠᠮ ᠵᠡᠷᠭᠡ

ᠬᠤᠶᠠᠷ ᠠᠷᠭ᠎ᠠ ᠪᠠᠷ ᠣᠶᠤᠲᠠᠳ ᠤᠨ ᠶᠠᠪᠤᠵᠤ ᠰᠠᠭᠤᠬᠤ ᠬᠡᠷᠡᠭᠴᠡᠭᠡ ᠶᠢ ᠳᠠᠩᠰᠠᠯᠠᠬᠤ ᠴᠢᠳᠠᠮᠵᠢ ᠶᠢ ᠭᠠᠷᠭᠠᠪᠠ᠃

ᠬᠡᠷᠡᠭᠴᠡᠭᠡ ᠶᠢ ᠦᠨᠳᠦᠰᠦᠯᠡᠨ ᠦᠷ᠎ᠡ ᠳ᠋ᠦᠩ ᠪᠠ ᠲᠡᠦᠬᠡᠨ ᠳᠠᠬᠢ ᠠᠶᠠᠨᠴᠢᠳ ᠤᠨ ᠤᠷᠤᠰᠬᠠᠯ ᠤᠨ ᠳ᠋ᠠᠶᠢᠲ᠋ᠠ ᠶᠢ ᠵᠠᠳᠠᠯᠵᠤ᠂

ᠲᠡᠭᠡᠭᠡᠪᠦᠷᠢ ᠶᠢᠨ ᠬᠦᠴᠦᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠣᠶᠤᠲᠠᠳ ᠤᠨ ᠶᠠᠪᠤᠵᠤ

ᠰᠠᠭᠤᠬᠤ ᠬᠠᠯᠠᠮᠰᠢᠯ ᠴᠢᠭᠯᠡᠯ ᠪᠠ ᠲᠥᠪᠯᠡᠷᠡᠩᠭᠦᠢ ᠴᠠᠭ ᠦᠶ᠎ᠡ ᠳᠤ ᠭᠠᠯᠲᠤ ᠲᠡᠷᠭᠡ ᠨᠡᠮᠡᠬᠦ᠂ ᠲᠠᠰᠤᠯᠭ᠎ᠠ ᠨᠡᠮᠡᠬᠦ᠂

ᠬᠥᠳᠡᠯᠭᠡᠭᠦᠷᠲᠦ ᠲᠡᠷᠭᠡ ᠶᠢ ᠳᠠᠬᠢᠨ ᠬᠤᠯᠪᠣᠬᠤ ᠵᠡᠷᠭᠡ ᠠᠷᠭ᠎ᠠ ᠬᠡᠮᠵᠢᠶ᠎ᠡ ᠠᠪᠴᠤ᠂ ᠲᠡᠭᠡᠭᠡᠪᠦᠷᠢ ᠶᠢᠨ ᠬᠦᠴᠦᠨ ᠢ ᠭᠦᠢᠴᠡᠳ

ᠬᠠᠩᠭᠠᠨ᠎ᠠ᠃ ᠪᠡᠭᠡᠵᠢᠩ᠂ ᠭᠤᠸᠠᠩᠵᠧᠦ᠂ ᠦᠬᠠᠨ᠂ ᠰᠢ ᠠᠨ ᠵᠡᠷᠭᠡ ᠶᠡᠭᠡ ᠳᠡᠭᠡᠳᠦ ᠰᠤᠷᠭᠠᠭᠤᠯᠢ ᠲᠥᠪᠯᠡᠷᠡᠭᠰᠡᠨ

ᠭᠠᠵᠠᠷ ᠲᠤ᠂ ᠵᠣᠬᠢᠬᠤ ᠲᠣᠭᠠᠨ ᠤ ᠪᠡᠯᠡᠳᠬᠡᠯᠲᠦ ᠬᠥᠳᠡᠯᠭᠡᠭᠦᠷᠲᠦ ᠲᠡᠷᠭᠡ ᠲᠣᠬᠢᠷᠠᠭᠤᠯᠵᠤ᠂ ᠪᠢᠯᠧᠲ ᠬᠤᠳᠠᠯᠳᠤᠬᠤ ᠲᠣᠮᠣ

ᠳ᠋ᠠᠶᠢᠲ᠋ᠠ ᠶᠢᠨ ᠬᠥᠳᠡᠯᠦᠩᠭᠦᠢ ᠪᠠᠶᠢᠳᠠᠯ ᠢ ᠦᠨᠳᠦᠰᠦᠯᠡᠨ᠂ ᠪᠡᠯᠡᠳᠬᠡᠯ ᠴᠢᠳᠠᠪᠤᠷᠢ ᠶᠢ ᠴᠠᠭ ᠲᠤᠬᠠᠢ ᠳᠤ ᠨᠢ ᠡᠬᠢᠯᠡᠭᠦᠯᠵᠦ᠂

ᠣᠶᠤᠲᠠᠳ ᠤᠨ ᠶᠠᠪᠤᠵᠤ ᠰᠠᠭᠤᠬᠤ ᠭᠡᠨᠡᠳᠲᠡ ᠶᠢᠨ ᠬᠡᠷᠡᠭᠴᠡᠭᠡ ᠶᠢ ᠬᠠᠩᠭᠠᠨ᠎ᠠ᠃

   ᠦᠢᠯᠡᠴᠢᠯᠡᠭᠡᠨ ᠤ ᠪᠠᠲᠤᠯᠠᠭ᠎ᠠ ᠶᠢᠨ ᠲᠠᠯ᠎ᠠ ᠪᠠᠷ᠂ ᠨᠢᠭᠡ ᠳᠤ᠂ ᠡᠩ ᠲᠡᠷᠢᠭᠦᠨ ᠳᠤ ᠪᠢᠯᠧᠲ ᠤᠨ ᠬᠠᠩᠭᠠᠯᠭ᠎ᠠ ᠶᠢ

ᠪᠠᠲᠤᠯᠠᠨ᠎ᠠ᠃ ᠣᠶᠤᠲᠠᠳ ᠤᠨ ᠶᠠᠪᠤᠵᠤ ᠰᠠᠭᠤᠬᠤ ᠬᠡᠷᠡᠭᠴᠡᠭᠡ ᠲᠥᠪᠯᠡᠷᠡᠭᠰᠡᠨ ᠣᠷᠣᠨ ᠬᠡᠰᠡᠭ ᠪᠠ ᠬᠠᠯᠠᠮᠰᠢᠯ ᠴᠢᠭᠯᠡᠯ ᠳᠤ

ᠣᠶᠤᠲᠠᠳ ᠲᠤ ᠲᠤᠰᠬᠠᠢ ᠪᠢᠯᠧᠲ ᠦᠯᠡᠳᠡᠭᠡᠵᠦ᠂ ᠣᠶᠤᠲᠠᠳ ᠤᠨ ᠬᠤᠳᠠᠯᠳᠤᠨ ᠠᠪᠬᠤ ᠶᠢ ᠤᠷᠢᠳ ᠢᠶᠠᠷ ᠬᠠᠩᠭᠠᠨ᠎ᠠ᠃

ᠬᠤᠶᠠᠷ ᠲᠤ᠂ ᠥᠷᠲᠡᠭᠡᠨ ᠳᠤ ᠣᠷᠣᠵᠤ ᠲᠡᠷᠭᠡ ᠬᠦᠯᠢᠶᠡᠬᠦ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠦᠨ᠎ᠡ᠃ ᠨᠥᠬᠦᠴᠡᠯ

ᠪᠦᠬᠦᠢ ᠲᠡᠷᠭᠡᠨ ᠥᠷᠲᠡᠭᠡᠨ ᠳᠤ ᠣᠶᠤᠲᠠᠳ ᠤᠨ ᠥᠷᠲᠡᠭᠡᠨ ᠳᠤ ᠣᠷᠣᠬᠤ ᠵᠠᠮ ᠭᠠᠷᠭᠠᠵᠤ᠂ ᠲᠡᠷᠭᠡ ᠬᠦᠯᠢᠶᠡᠬᠦ ᠲᠤᠰᠬᠠᠢ

ᠭᠠᠵᠠᠷ ᠲᠣᠬᠢᠷᠠᠭᠤᠯᠵᠤ᠂ ᠲᠤᠰᠬᠠᠢ ᠬᠥᠮᠥᠨ ᠲᠣᠬᠢᠷᠠᠭᠤᠯᠤᠨ ᠦᠢᠯᠡᠴᠢᠯᠡᠨ᠎ᠡ᠃ ᠭᠤᠷᠪᠠ ᠳᠤ᠂ ᠬᠡᠷᠡᠭᠴᠡᠭᠡᠨ ᠳᠤ

ᠵᠣᠬᠢᠴᠠᠭᠤᠯᠤᠭᠰᠠᠨ ᠦᠢᠯᠡᠴᠢᠯᠡᠭᠡ ᠬᠠᠩᠭᠠᠨ᠎ᠠ᠃ ᠡᠯ᠎ᠡ ᠲᠡᠮᠦᠷ ᠵᠠᠮ ᠤᠨ ᠲᠣᠪᠴᠢᠶ᠎ᠠ ᠶᠢᠨ ᠪᠦᠯᠦᠭᠯᠡᠯ ᠺᠣᠮᠫᠠᠨᠢ ᠶᠢ

ᠲᠣᠬᠢᠷᠠᠭᠤᠯᠤᠨ ᠬᠠᠷᠢᠶ᠎ᠠ ᠭᠠᠵᠠᠷ ᠤᠨ ᠰᠤᠷᠭᠠᠭᠤᠯᠢ ᠯᠤᠭ᠎ᠠ ᠵᠣᠯᠭᠠᠭᠤᠯᠵᠤ᠂ ᠰᠤᠷᠭᠠᠭᠤᠯᠢ ᠶᠢᠨ ᠰᠤᠷᠤᠭᠴᠢᠳ ᠢᠶᠠᠨ ᠵᠣᠬᠢᠶᠠᠨ

ᠪᠠᠶᠢᠭᠤᠯᠵᠤ ᠲᠥᠪᠯᠡᠷᠡᠭᠦᠯᠦᠨ ᠶᠠᠪᠤᠵᠤ ᠰᠠᠭᠤᠬᠤ ᠶᠢ ᠳᠡᠮᠵᠢᠵᠦ᠂ ᠰᠤᠷᠭᠠᠭᠤᠯᠢ ᠪᠠ ᠲᠡᠮᠦᠷ ᠵᠠᠮ ᠤᠨ ᠬᠤᠯᠪᠣᠭᠠᠯᠠᠯ ᠢᠶᠠᠷ

ᠳᠠᠮᠵᠢᠭᠤᠯᠤᠨ᠂ ᠣᠶᠤᠲᠠᠳ ᠲᠤ ︽ᠲᠤᠰᠬᠠᠢ ᠸᠠᠭᠤᠨ︾ ᠵᠢᠴᠢ ︽ᠣᠶᠤᠲᠠᠳ ᠤᠨ ᠲᠤᠰᠬᠠᠢ ᠭᠠᠯᠲᠤ ᠲᠡᠷᠭᠡ︾ ᠶᠢᠨ

ᠦᠢᠯᠡᠴᠢᠯᠡᠭᠡ ᠶᠢ ᠢᠳᠡᠪᠬᠢᠲᠡᠢ ᠬᠠᠩᠭᠠᠨ᠎ᠠ᠃ ᠣᠶᠢᠯᠠᠭᠠᠭᠰᠠᠨ ᠢᠶᠠᠷ᠂ ᠲᠦᠷᠦᠭᠦᠴᠢ ᠶᠢᠨ ᠬᠤᠭᠤᠴᠠᠭᠠᠨ ᠳᠤ ᠮᠦᠭᠳᠡᠨ ᠠᠴᠠ

ᠳ᠋ᠠᠯᠢᠶᠠᠨ ᠬᠦᠷᠬᠦ᠂ ᠮᠦᠭᠳᠡᠨ ᠠᠴᠠ ᠳ᠋ᠠᠨᠳᠦ᠋ᠩ ᠬᠦᠷᠬᠦ᠂ ᠭᠢᠷᠢᠨ ᠠᠴᠠ ᠴᠠᠭᠠᠨᠬᠤᠲᠠ ᠬᠦᠷᠬᠦ᠂ ᠱᠢ ᠵᠢᠶᠠ ᠵᠤᠸᠠᠩ ᠠᠴᠠ

ᠴᠧᠩᠳᠧ ᠬᠦᠷᠬᠦ᠂ ᠵᠢᠴᠢ ᠱᠠᠩᠬᠠᠢ ᠠᠴᠠ ᠬᠠᠷᠪᠢᠨ᠂ ᠯᠠᠨᠵᠧᠦ᠂ ᠦᠬᠠᠨ᠂ ᠴᠠᠩᠱᠠ᠂ ᠭᠤᠸᠠᠩᠵᠧᠦ ᠬᠦᠷᠬᠦ ᠵᠡᠷᠭᠡ

ᠣᠶᠤᠲᠠᠳ ᠤᠨ ᠲᠤᠰᠬᠠᠢ ᠭᠠᠯᠲᠤ ᠲᠡᠷᠭᠡ ᠶᠢ ᠨᠢᠭᠡᠨᠲᠡ 30 ᠤᠳᠠᠭ᠎ᠠ ᠨᠡᠪᠲᠡᠷᠡᠭᠦᠯᠵᠦ᠂ ᠵᠠᠯᠭᠠᠭᠠᠳ ᠰᠤᠷᠭᠠᠭᠤᠯᠢ ᠶᠢᠨ

ᠭᠤᠶᠤᠴᠢᠯᠠᠯ ᠢ ᠦᠨᠳᠦᠰᠦᠯᠡᠨ᠂ ᠵᠠᠬᠢᠶᠠᠯᠠᠭ᠎ᠠ ᠶᠢᠨ ᠲᠡᠭᠡᠭᠡᠪᠦᠷᠢ ᠶᠢᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠬᠦ ᠪᠣᠯᠣᠨ᠎ᠠ

᠃ ᠳᠥᠷᠪᠡ ᠳᠤ᠂ ᠶᠠᠪᠤᠵᠤ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠨ᠎ᠠ᠃

    ᠡᠯ᠎ᠡ ᠭᠠᠵᠠᠷ ᠤᠨ ᠡᠯ᠎ᠡ ᠶᠡᠭᠡ ᠳᠡᠭᠡᠳᠦ ᠰᠤᠷᠭᠠᠭᠤᠯᠢ ᠨᠢ ᠣᠶᠤᠲᠠᠳ ᠤᠨ ᠰᠠᠨᠠᠭ᠎ᠠ ᠶᠢ ᠭᠦᠢᠴᠡᠳ ᠬᠦᠨᠳᠦᠳᠬᠡᠵᠦ᠂

ᠰᠤᠷᠭᠠᠭᠤᠯᠢ ᠳᠤ ᠪᠠᠨ ᠦᠯᠡᠳᠡᠭᠰᠡᠨ ᠣᠶᠤᠲᠠᠳ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ

   ︽ᠪᠥᠬᠦ ᠤᠯᠤᠰ ᠤᠨ ᠣᠶᠤᠲᠠᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ ᠰᠢᠨ᠎ᠡ

ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ

ᠮᠡᠳᠡᠭᠳᠡᠯ︾ ᠳᠤ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠨ ᠡᠯ᠎ᠡ ᠶᠡᠭᠡ ᠳᠡᠭᠡᠳᠦ ᠰᠤᠷᠭᠠᠭᠤᠯᠢ ᠨᠢ ᠣᠶᠤᠲᠠᠳ ᠤᠨ ᠬᠦᠰᠡᠯ

ᠰᠠᠨᠠᠭ᠎ᠠ ᠶᠢ ᠭᠦᠢᠴᠡᠳ ᠬᠦᠨᠳᠦᠳᠬᠡᠵᠦ᠂ ᠰᠤᠷᠭᠠᠭᠤᠯᠢ ᠳᠤ ᠪᠠᠨ ᠦᠯᠡᠳᠡᠭᠰᠡᠨ ᠣᠶᠤᠲᠠᠳ ᠤᠨ ᠦᠢᠯᠡᠴᠢᠯᠡᠭᠡᠨ ᠤ

ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ ᠭᠡᠵᠡᠢ᠃

   ᠮᠡᠳᠡᠭᠳᠡᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠰᠤᠷᠭᠠᠨ ᠬᠥᠮᠦᠵᠢᠯ ᠤᠨ

ᠶᠠᠮᠤᠨ ᠠᠴᠠ ᠡᠯ᠎ᠡ ᠭᠠᠵᠠᠷ ᠣᠷᠣᠨ ᠪᠣᠯᠣᠨ ᠡᠯ᠎ᠡ ᠶᠡᠭᠡ ᠳᠡᠭᠡᠳᠦ ᠰᠤᠷᠭᠠᠭᠤᠯᠢ ᠶᠢ ᠵᠢᠯᠣᠭᠤᠳᠤᠨ ᠭᠤᠷᠪᠠᠨ ᠵᠦᠢᠯ ᠤᠨ

ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠲᠡᠢ᠃

   ᠨᠢᠭᠡᠳᠦᠭᠡᠷ ᠲᠤ᠂ ᠣᠶᠤᠲᠠᠳ ᠤᠨ ᠰᠣᠩᠭᠤᠯᠲᠠ ᠬᠢᠬᠦ ᠰᠠᠨᠠᠭ᠎ᠠ ᠶᠢ ᠬᠦᠨᠳᠦᠳᠬᠡᠨ᠎ᠡ᠃ ᠡᠯ᠎ᠡ ᠭᠠᠵᠠᠷ ᠤᠨ ᠡᠯ᠎ᠡ ᠶᠡᠭᠡ

ᠳᠡᠭᠡᠳᠦ ᠰᠤᠷᠭᠠᠭᠤᠯᠢ ᠨᠢ ᠬᠠᠮᠢᠶ᠎ᠠ ᠪᠦᠬᠦᠢ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠣᠶᠤᠲᠠᠳ ᠤᠨ

ᠰᠤᠷᠭᠠᠭᠤᠯᠢ ᠳᠤ ᠪᠠᠨ ᠦᠯᠡᠳᠡᠬᠦ᠂ ᠳᠠᠳᠤᠯᠭ᠎ᠠ ᠳᠤ ᠣᠷᠤᠯᠴᠠᠬᠤ᠂ ᠲᠤᠷᠰᠢᠯᠲᠠ ᠶᠢᠨ ᠰᠤᠳᠤᠯᠭᠠᠨ ᠬᠢᠬᠦ᠂ ᠥᠭᠦᠯᠡᠯ ᠵᠢᠴᠢ

ᠰᠢᠯᠭᠠᠯᠲᠠ ᠳᠤ ᠪᠡᠯᠡᠳᠬᠡᠬᠦ ᠵᠡᠷᠭᠡ ᠡᠯ᠎ᠡ ᠵᠦᠢᠯ ᠤᠨ ᠵᠣᠬᠢᠰᠲᠠᠢ ᠬᠡᠷᠡᠭᠴᠡᠭᠡ ᠶᠢ ᠬᠠᠩᠭᠠᠵᠤ᠂ ᠣᠶᠤᠲᠠᠳ ᠤᠨ ᠡᠷᠡᠭᠦᠯ

ᠮᠡᠨᠳᠦ ᠶᠢᠨ ᠬᠢᠨᠠᠨ ᠪᠠᠶᠢᠴᠠᠭᠠᠯᠲᠠ ᠪᠠᠨ ᠴᠢᠩᠭᠠᠳᠬᠠᠬᠤ᠂ ᠡᠷᠡᠭᠦᠯ ᠠᠮᠢᠳᠤᠷᠠᠯ ᠤᠨ ᠳᠠᠳᠬᠠᠯ ᠢᠶᠠᠨ ᠪᠠᠷᠢᠮᠲᠠᠯᠠᠬᠤ ᠶᠢ

ᠬᠥᠮᠥᠵᠢᠭᠦᠯᠦᠨ ᠵᠢᠯᠣᠭᠤᠳᠴᠤ᠂ ᠰᠤᠯᠠᠷᠠᠭᠤᠯᠬᠤ ᠦᠭᠡᠢ᠂ ᠬᠥᠩᠭᠡᠨ ᠬᠠᠭᠤᠳᠠᠮ ᠬᠠᠨᠳᠤᠬᠤ ᠦᠭᠡᠢ ᠪᠠᠶᠢᠵᠤ᠂ ᠬᠤᠪᠢ

ᠬᠥᠮᠥᠨ ᠤ ᠬᠠᠮᠠᠭᠠᠯᠠᠯᠲᠠ ᠪᠠᠨ ᠦᠷᠭᠦᠯᠵᠢᠯᠡᠨ ᠰᠠᠶᠢᠲᠤᠷ ᠬᠢᠬᠦ ᠶᠢ ᠬᠥᠲᠥᠯᠥᠨ ᠵᠢᠯᠣᠭᠤᠳᠤᠨ᠎ᠠ᠃

   ᠬᠤᠶᠠᠳᠤᠭᠠᠷ ᠲᠤ᠂ ᠰᠤᠷᠭᠠᠭᠤᠯᠢ ᠶᠢᠨ ᠬᠦᠷᠢᠶᠡᠨ ᠤ ᠦᠢᠯᠡᠴᠢᠯᠡᠭᠡᠨ ᠤ ᠪᠠᠲᠤᠯᠠᠭ᠎ᠠ ᠶᠢ ᠬᠠᠩᠭᠠᠨ᠎ᠠ᠃

ᠰᠤᠷᠭᠠᠭᠤᠯᠢ ᠳᠤ ᠪᠠᠨ ᠦᠯᠡᠳᠡᠭᠰᠡᠨ ᠣᠶᠤᠲᠠᠳ ᠤᠨ ᠡᠷᠡᠭᠦᠯ ᠮᠡᠨᠳᠦ᠂ ᠰᠤᠷᠤᠯᠭ᠎ᠠ᠂ ᠠᠮᠢᠳᠤᠷᠠᠯ ᠤᠨ ᠪᠠᠶᠢᠳᠠᠯ ᠬᠢᠭᠡᠳ

ᠬᠡᠷᠡᠭᠴᠡᠭᠡ ᠶᠢ ᠬᠥᠳᠡᠯᠦᠩᠭᠦᠢ ᠪᠠᠷ ᠡᠵᠡᠮᠰᠢᠵᠦ᠂ ᠴᠠᠭ ᠲᠤᠬᠠᠢ ᠳᠤ ᠨᠢ ᠴᠢᠭᠯᠡᠯᠲᠦ ᠴᠢᠨᠠᠷᠲᠠᠢ ᠦᠢᠯᠡᠴᠢᠯᠡᠭᠡ ᠬᠠᠩᠭᠠᠨ᠎ᠠ᠃

ᠢᠯᠠᠩᠭᠤᠶ᠎ᠠ ᠵᠢᠭᠠᠨ ᠰᠤᠷᠭᠠᠯᠲᠠ ᠶᠢᠨ ᠠᠬᠢᠴᠠ ᠪᠠ ᠬᠤᠭᠤᠴᠠᠭᠠᠨ ᠡᠴᠦᠰ ᠤᠨ ᠰᠢᠯᠭᠠᠯᠲᠠ ᠶᠢ ᠨᠢᠭᠡᠳᠦᠯᠲᠡᠢ ᠲᠥᠯᠥᠪᠯᠡᠨ

ᠲᠣᠬᠢᠷᠠᠭᠤᠯᠵᠤ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠪᠠ ᠰᠦᠯᠵᠢᠶᠡᠨ ᠠᠴᠠ ᠭᠠᠳᠠᠨᠠᠬᠢ ᠵᠢᠭᠠᠨ ᠰᠤᠷᠭᠠᠯᠲᠠ ᠶᠢ

ᠵᠣᠬᠢᠰᠲᠠᠢ ᠲᠣᠬᠢᠷᠠᠭᠤᠯᠵᠤ᠂ ᠬᠤᠭᠤᠯᠠ ᠢᠳᠡᠬᠦ᠂ ᠪᠠᠷᠠᠭ᠎ᠠ ᠬᠤᠳᠠᠯᠳᠤᠨ ᠠᠪᠬᠤ᠂ ᠲᠦᠷᠭᠡᠨ ᠬᠦᠷᠭᠡᠬᠦ ᠵᠡᠷᠭᠡ ᠬᠠᠮᠢᠶ᠎ᠠ

ᠪᠦᠬᠦᠢ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠢᠯᠠᠩᠭᠤᠶ᠎ᠠ ᠬᠡᠷᠡᠭᠴᠡᠭᠡ ᠶᠣᠰᠣᠭᠠᠷ ᠰᠤᠷᠭᠠᠭᠤᠯᠢ ᠶᠢᠨ

ᠬᠦᠷᠢᠶᠡᠨ ᠤ ᠰᠤᠷᠤᠯᠴᠠᠬᠤ᠂ ᠪᠡᠶ᠎ᠡ ᠪᠣᠯᠪᠠᠰᠤᠷᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠵᠡᠷᠭᠡ ᠭᠤᠣᠯᠳᠠᠯᠭ᠎ᠠ ᠲᠠᠢ

ᠲᠠᠯᠠᠪᠤᠷ ᠢ ᠨᠡᠭᠡᠭᠡᠵᠦ᠂ ᠣᠶᠤᠲᠠᠳ ᠤᠨ ᠡᠪᠡᠳᠴᠢᠨ ᠦᠵᠡᠭᠦᠯᠬᠦ ᠵᠡᠷᠭᠡ ᠣᠨᠴᠠᠭᠠᠶ ᠬᠡᠷᠡᠭᠴᠡᠭᠡ ᠶᠢ ᠬᠠᠩᠭᠠᠵᠤ᠂

ᠰᠤᠷᠭᠠᠭᠤᠯᠢ ᠳᠤ ᠪᠠᠨ ᠦᠯᠡᠳᠡᠭᠰᠡᠨ ᠣᠶᠤᠲᠠᠳ ᠲᠤ ︽ᠰᠤᠷᠭᠠᠭᠤᠯᠢ ᠳᠤ ᠪᠠᠶᠢᠬᠤ ᠨᠢ ᠭᠡᠷ ᠲᠤ ᠪᠠᠨ ᠪᠠᠶᠢᠬᠤ ᠰᠢᠭ᠋︾

ᠳᠣᠲᠣᠨᠣ ᠲᠥᠷᠥᠭᠳᠡᠯ ᠣᠯᠭᠤᠨ᠎ᠠ᠃

   ᠭᠤᠷᠪᠠᠳᠤᠭᠠᠷ ᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃

ᠶᠡᠭᠡ ᠳᠡᠭᠡᠳᠦ ᠰᠤᠷᠭᠠᠭᠤᠯᠢ ᠨᠤᠭᠤᠳ ᠰᠤᠷᠭᠠᠨ ᠬᠥᠮᠦᠵᠢᠯ ᠤᠨ ᠶᠠᠮᠤᠨ ᠪᠣᠯᠣᠨ ᠤᠯᠤᠰ ᠤᠨ ᠡᠷᠡᠭᠦᠯ ᠬᠠᠮᠠᠭᠠᠯᠠᠯ ᠡᠷᠡᠭᠦᠯ

ᠮᠡᠨᠳᠦ ᠶᠢᠨ ᠵᠥᠪᠯᠡᠯ ᠤᠨ ᠬᠤᠯᠪᠣᠭᠠᠯᠠᠨ ᠨᠡᠶᠢᠲᠡᠯᠡᠭᠰᠡᠨ ︽ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠲᠢᠲᠢᠮᠯᠢᠭ ᠠᠭᠤᠰᠬᠢᠨ

ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠥᠰᠥᠯ ︵ᠲᠠᠪᠤᠳᠤᠭᠠᠷ ᠬᠡᠪᠯᠡᠯ︶︾ ᠢ

ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ︽ᠰᠤᠷᠭᠠᠭᠤᠯᠢ ᠶᠢᠨ ᠡᠭᠦᠳᠡᠨ ᠤ ᠪᠣᠭᠤᠮᠲᠠ︾ ᠶᠢ ᠰᠠᠶᠢᠲᠤᠷ ᠰᠠᠬᠢᠵᠤ᠂

ᠬᠥᠮᠥᠨ᠂ ᠪᠣᠳᠠᠰ᠂ ᠣᠷᠴᠢᠨ ᠲᠣᠭᠤᠷᠢᠨ ᠢ ᠵᠡᠷᠭᠡ ᠳᠤ ᠨᠢ ᠰᠡᠷᠭᠡᠶᠢᠯᠡᠬᠦ ᠶᠢ ᠪᠠᠷᠢᠮᠲᠠᠯᠠᠨ᠂ ᠢᠯᠠᠩᠭᠤᠶ᠎ᠠ ᠭᠤᠣᠯᠳᠠᠯᠭ᠎ᠠ ᠲᠠᠢ

ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ᠂ ᠭᠤᠣᠯᠳᠠᠯᠭ᠎ᠠ ᠲᠠᠢ ᠲᠠᠯᠠᠪᠤᠷ ᠤᠨ ᠣᠷᠴᠢᠨ ᠲᠣᠭᠤᠷᠢᠨ ᠢ ᠰᠠᠶᠢᠲᠤᠷ

ᠠᠷᠢᠭᠤᠳᠬᠠᠵᠤ᠂ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠠᠴᠢᠮ ᠪᠠᠶᠢᠳᠠᠯ ᠢ

ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠲᠡᠭᠦᠯᠳᠡᠷᠵᠢᠭᠦᠯᠦᠨ᠎ᠡ᠃ ᠲᠤᠬᠠᠢ ᠶᠢᠨ ᠭᠠᠵᠠᠷ ᠤᠨ ᠬᠢᠵᠢᠭ ᠤᠨ

ᠪᠠᠶᠢᠳᠠᠯ ᠢ ᠦᠨᠳᠦᠰᠦᠯᠡᠨ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ

ᠬᠡᠮᠵᠢᠶ᠎ᠡ ᠶᠢ ᠬᠥᠳᠡᠯᠦᠩᠭᠦᠢ ᠪᠠᠷ ᠲᠣᠬᠢᠷᠠᠭᠤᠯᠤᠨ ᠰᠢᠯᠢᠳᠡᠭᠵᠢᠭᠦᠯᠵᠦ᠂ ᠬᠥᠮᠥᠡᠯᠢᠭ᠂ ᠬᠠᠷᠢᠮᠠᠬᠠᠢ ᠪᠠ ᠰᠢᠨᠵᠢᠯᠡᠬᠦ

ᠤᠬᠠᠭᠠᠨᠴᠢᠯᠠᠭᠰᠠᠨ ᠬᠠᠮᠢᠶᠠᠷᠤᠯᠲᠠ ᠶᠢᠨ ᠠᠷᠭ᠎ᠠ ᠪᠠᠷ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ

ᠡᠵᠡᠮᠳᠡᠬᠦ ᠡᠯ᠎ᠡ ᠵᠦᠢᠯ ᠤᠨ ᠠᠵᠢᠯ ᠢ ᠨᠠᠷᠢᠯᠢᠭ ᠪᠦᠲᠦᠮᠵᠢᠲᠡᠶ ᠰᠠᠶᠢᠲᠤᠷ ᠬᠢᠨ᠎ᠡ᠃

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号