ᠰᠢᠯᠢ ᠶᠢᠨ ᠭᠤᠣᠯ ᠠᠶᠢᠮᠠᠭ᠄ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠦᠨᠳᠦᠰᠦᠨ ᠦᠨ᠎ᠡ ᠶᠢ ᠲᠣᠭᠲᠠᠪᠤᠷᠢᠵᠢᠭᠤᠯᠵᠤ᠂ ᠵᠤᠨ ᠤ ᠠᠮᠠᠷᠠᠯᠲᠠ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠰᠠᠶᠢᠵᠢᠷᠠᠯᠲᠠ ᠶᠢ ᠲᠦᠷᠭᠡᠳᠭᠡᠪᠡ
ᠨᠡᠶᠢᠲᠡᠯᠡᠭᠰᠡᠨ ᠴᠠᠭ᠄
2022/8/15
   ᠵᠤᠨ ᠤ ᠠᠮᠠᠷᠠᠯᠲᠠ ᠶᠢᠨ ᠬᠤᠭᠤᠴᠠᠭᠠᠨ ᠳᠤ ᠣᠷᠣᠭᠰᠠᠨ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 32 ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ᠂ ᠰᠢᠯᠢ ᠶᠢᠨ ᠭᠤᠣᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠶᠡᠭᠡ ᠵᠠᠮ ᠤᠨ ᠮᠠᠰᠢᠨ ᠲᠡᠷᠭᠡᠨ ᠤ ᠨᠠᠭᠠᠳᠤᠮ᠂ ᠠᠩᠬᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠬᠡᠭᠡᠷ᠎ᠡ ᠪᠠᠭᠤᠳᠠᠯᠯᠠᠬᠤ ᠶᠡᠭᠡ ᠴᠤᠭᠯᠠᠭᠠᠨ ᠵᠡᠷᠭᠡ ᠵᠢᠭᠤᠯᠴᠢᠯᠠᠯ ᠤᠨ ᠠᠵᠢᠯᠯᠠᠭ᠎ᠠ ᠪᠣᠯᠣᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠭᠦᠳᠡᠨ ᠪᠢᠯᠧᠲ ᠢ ᠬᠠᠰᠤᠵᠤ ᠬᠡᠯᠲᠦᠷᠢᠭᠦᠯᠬᠦ ᠵᠡᠷᠭᠡ ᠤᠯᠠᠨ ᠲᠠᠯ᠎ᠠ ᠶᠢᠨ ᠠᠰᠢᠭᠲᠠᠢ ᠲᠦᠷᠦ ᠶᠢᠨ ᠪᠣᠳᠣᠯᠭ᠎ᠠ ᠶᠢᠨ ᠰᠡᠳᠦᠯᠲᠡ ᠪᠠᠷ ᠰᠢᠯᠢ ᠶᠢᠨ ᠭᠤᠣᠯ ᠠᠶᠢᠮᠠᠭ ᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠮᠡᠳᠡᠭᠳᠡᠮ᠎ᠡ ᠰᠠᠶᠢᠵᠢᠷᠠᠪᠠ᠃

  ᠣᠲᠣ ᠪᠣᠯᠲᠠᠯ᠎ᠠ᠂ ᠰᠢᠯᠢ ᠶᠢᠨ ᠭᠤᠣᠯ ᠠᠶᠢᠮᠠᠭ ᠲᠤ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ

ᠨᠡᠶᠢᠲᠡ 21 ︵ᠡᠷᠢᠶᠡᠨ ᠢ ᠪᠠᠭᠲᠠᠭᠠᠬᠤ ᠦᠭᠡᠢ︶ ᠪᠠᠶᠢᠵᠤ᠂ ᠣᠲᠣ ᠪᠣᠯᠲᠠᠯ᠎ᠠ ᠨᠢᠭᠡᠨᠲᠡ 19 ᠵᠢᠭᠤᠯᠴᠢᠯᠠᠯ ᠤᠨ

ᠣᠷᠣᠨ ᠢ ᠬᠡᠪ ᠤᠨ ᠶᠣᠰᠣᠭᠠᠷ ᠡᠵᠡᠩᠨᠡᠵᠦ ᠪᠠᠶᠢᠬᠤ ᠪᠥᠭᠡᠳ ᠴᠠᠭ ᠬᠤᠪᠢᠶᠠᠬᠤ᠂ ᠣᠷᠭᠢᠯ ᠵᠥᠷᠢᠭᠦᠯᠬᠦ᠂

ᠤᠷᠢᠳᠴᠢᠯᠠᠨ ᠪᠣᠯᠵᠣᠬᠤ ᠱᠠᠭᠠᠷᠳᠠᠯᠭ᠎ᠠ ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ

ᠰᠠᠶᠢᠲᠤᠷ ᠬᠢᠵᠦ ᠪᠠᠶᠢᠨ᠎ᠠ᠃ 7 ᠳ᠋ᠤᠭᠠᠷ ᠰᠠᠷ᠎ᠠ ᠶᠢᠨ 30᠎ ᠤ ᠡᠳᠦᠷ ᠪᠣᠯᠲᠠᠯ᠎ᠠ᠂ ᠡᠵᠡᠩᠨᠡᠯᠲᠡ ᠶᠢᠨ A ᠲᠠᠰ ᠤᠨ

ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠥᠬᠦ ᠭᠥᠯᠢᠶᠡᠨ ᠠᠪᠤᠭᠰᠠᠨ ᠬᠥᠮᠥᠨ ᠤ ᠲᠤᠭ᠎ᠠ 31.2 ᠲᠦᠮᠡᠨ

ᠬᠥᠮᠥᠨ ᠤᠳᠠᠭ᠎ᠠ ᠳᠤ ᠬᠦᠷᠴᠦ᠂ ᠵᠢᠭᠤᠯᠴᠢᠯᠠᠯ ᠤᠨ ᠣᠷᠣᠯᠭ᠎ᠠ 1051 ᠲᠦᠮᠡᠨ ᠲᠥᠭᠦᠷᠢᠭ ᠲᠤ ᠬᠦᠷᠴᠦ᠂

ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠵᠠᠬ᠎ᠠ ᠳᠡᠯᠭᠡᠭᠦᠷ ᠤᠨ ᠰᠠᠶᠢᠵᠢᠷᠠᠬᠤ ᠬᠠᠨᠳᠤᠰᠢ

ᠢᠯᠡᠷᠬᠡᠢ ᠪᠠᠶᠢᠨ᠎ᠠ᠃ ᠡᠳᠦᠷ ᠲᠤ 1000 ᠬᠥᠮᠥᠨ ᠢ ᠭᠥᠯᠢᠶᠡᠨ ᠠᠪᠤᠭᠰᠠᠨ ᠦᠵᠡᠮᠵᠢ ᠶᠢᠨ ᠣᠷᠣᠨ ᠳᠤ ᠳᠤᠯᠤᠨ

ᠨᠠᠭᠤᠷ ᠤᠨ ᠦᠵᠡᠮᠵᠢ ᠶᠢᠨ ᠣᠷᠣᠨ᠂ ᠳᠤᠮᠳᠠᠳᠤ ᠤᠯᠤᠰ ᠤᠨ ᠠᠳᠤᠭᠤᠨ ᠤ ᠨᠤᠲᠤᠭ ᠤᠨ ᠭᠤᠣᠯ ᠣᠷᠣᠨ ᠤ

ᠰᠣᠶᠣᠯ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ︵ᠠᠳᠤᠭᠤᠨ ᠤ ᠨᠤᠲᠤᠭ ᠤᠨ ᠰᠥᠨᠢ ᠶᠢᠨ

ᠬᠤᠲᠠᠬᠠᠨ ᠳᠤ ᠲᠦᠰᠢᠭᠯᠡᠵᠦ᠂ ᠲᠤᠰ ᠭᠠᠵᠠᠷ ᠤᠨ ᠵᠢᠭᠤᠯᠴᠢᠯᠠᠭᠴᠢᠳ ᠢᠶᠠᠷ ᠭᠤᠣᠯ ᠪᠣᠯᠭᠠᠨ᠎ᠠ︶᠂ ᠪᠦᠯᠢᠶᠡᠨ

ᠪᠤᠯᠠᠭ ᠤᠨ ᠦᠵᠡᠮᠵᠢ ᠶᠢᠨ ᠣᠷᠣᠨ᠂ ᠤᠯᠠᠭᠠᠢ ᠶᠢᠨ ᠵᠢᠦ ᠴᠢᠦᠢ ᠸᠠᠨ ᠤ ᠦᠵᠡᠮᠵᠢ ᠶᠢᠨ ᠣᠷᠣᠨ ᠵᠢᠭᠰᠠᠭᠠᠭᠳᠠᠨ᠎ᠠ᠃

ᠵᠢᠭᠤᠯᠴᠢᠯᠠᠭᠴᠢᠳ ᠤᠨ ᠵᠠᠬ᠎ᠠ ᠳᠡᠯᠭᠡᠭᠦᠷ ᠤᠨ ᠵᠠᠳᠠᠯᠤᠯᠲᠠ ᠳᠤ᠂ ᠠᠶᠢᠮᠠᠭ ᠤᠨ ᠭᠠᠳᠠᠨᠠᠬᠢ ᠵᠢᠭᠤᠯᠴᠢᠯᠠᠭᠴᠢᠳ ᠤᠨ

ᠡᠵᠡᠯᠡᠬᠦ ᠬᠠᠷᠢᠴᠠᠯ ᠨᠢ ᠪᠠᠷᠤᠭ 60% ᠪᠠᠶᠢᠵᠤ᠂ ᠭᠤᠣᠯᠳᠠᠭᠤ ᠤᠯᠠᠭᠠᠨᠬᠠᠳᠠ ᠬᠤᠲᠠ᠂ ᠬᠢᠩᠭᠠᠨ ᠠᠶᠢᠮᠠᠭ᠂

ᠲᠦᠩᠯᠢᠶᠣᠣ ᠬᠤᠲᠠ ᠵᠡᠷᠭᠡ ᠭᠠᠵᠠᠷ ᠠᠴᠠ ᠢᠷᠡᠭᠰᠡᠨ ᠣᠷᠣᠨ ᠤ ᠳᠣᠲᠣᠷᠠᠬᠢ ᠠᠶᠢᠮᠠᠭ ᠤᠨ ᠭᠠᠳᠠᠨᠠᠬᠢ

ᠵᠢᠭᠤᠯᠴᠢᠯᠠᠭᠴᠢ ᠪᠣᠯᠣᠨ᠎ᠠ᠂ ᠳᠠᠷᠠᠭᠠᠯᠠᠪᠠᠯ ᠪᠡᠭᠡᠵᠢᠩ᠂ ᠾᠧᠪᠧᠢ᠂ ᠲᠢᠶᠠᠨᠵᠢᠨ᠂ ᠯᠢᠶᠣᠤᠨᠢᠩ᠂ ᠭᠢᠷᠢᠨ᠂ ᠱᠠᠨᠳᠦ᠋ᠩ᠂

ᠵᠢᠶᠠᠩᠰᠤ᠂ ᠱᠠᠨ ᠰᠢ ᠵᠡᠷᠭᠡ ᠭᠠᠵᠠᠷ ᠠᠴᠠ ᠢᠷᠡᠭᠰᠡᠨ ᠣᠷᠣᠨ ᠤ ᠭᠠᠳᠠᠨᠠᠬᠢ ᠵᠢᠭᠤᠯᠴᠢᠯᠠᠭᠴᠢ ᠪᠣᠯᠣᠨ᠎ᠠ᠃ ᠵᠡᠭᠦᠨ

ᠬᠡᠰᠡᠭ ᠤᠨ ᠠᠶᠢᠮᠠᠭ ᠤᠨ ᠭᠠᠳᠠᠨᠠᠬᠢ ᠵᠢᠭᠤᠯᠴᠢᠯᠠᠭᠴᠢᠳ ᠤᠨ ᠳᠣᠲᠣᠷ᠎ᠠ ᠤᠯᠠᠭᠠᠨᠬᠠᠳᠠ ᠵᠢᠴᠢ ᠵᠡᠭᠦᠨ ᠭᠤᠷᠪᠠᠨ

ᠮᠤᠵᠢ ᠶᠢᠨ ᠵᠢᠭᠤᠯᠴᠢᠯᠠᠭᠴᠢᠳ ᠤᠨ ᠲᠤᠭ᠎ᠠ ᠤᠯᠠᠨ ᠪᠠᠶᠢᠵᠤ᠂ ᠡᠮᠦᠨᠡᠲᠦ ᠬᠡᠰᠡᠭ ᠤᠨ ᠲᠤᠯᠤᠨ ᠨᠠᠭᠤᠷ᠂ ᠲᠠᠶᠢᠹᠦᠰᠧ

ᠬᠤᠰᠢᠭᠤ᠂ ᠰᠢᠯᠤᠭᠤᠨ ᠬᠥᠬᠡ ᠬᠤᠰᠢᠭᠤᠨ ᠤ ᠵᠢᠭᠤᠯᠴᠢᠯᠠᠭᠴᠢᠳ ᠤᠨ ᠢᠷᠡᠯᠲᠡ ᠨᠢ ᠪᠡᠭᠡᠵᠢᠩ ᠲᠢᠶᠠᠨᠵᠢᠨ ᠾᠥᠪᠸᠢ

ᠣᠷᠣᠨ ᠢᠶᠠᠷ ᠭᠤᠣᠯᠯᠠᠵᠤ ᠪᠤᠢ᠃

  ᠵᠢᠭᠤᠯᠴᠢᠯᠠᠯ ᠤᠨ ᠭᠤᠣᠯᠳᠠᠯᠭ᠎ᠠ ᠲᠠᠢ ᠪᠠᠭᠤᠳᠠᠯ ᠳᠤ ᠰᠠᠭᠤᠭᠰᠠᠨ ᠨᠣᠷᠮ᠎ᠠ 60%᠎ ᠶᠢ ᠳᠠᠪᠠᠵᠤ᠂ ᠡᠭᠦᠨ ᠳᠤ᠂

ᠲᠤᠯᠤᠨ ᠨᠠᠭᠤᠷ ᠤᠨ ᠭᠤᠣᠯᠳᠠᠯᠭ᠎ᠠ ᠲᠠᠢ ᠪᠠᠭᠤᠳᠠᠯ ᠳᠤ ᠭᠠᠷᠠᠭ ᠤᠨ ᠨᠢᠭᠡᠨ ᠠᠴᠠ ᠭᠠᠷᠠᠭ ᠤᠨ ᠳᠥᠷᠪᠡᠨ ᠪᠤᠯᠲᠠᠯ᠎ᠠ

ᠰᠠᠭᠤᠭᠰᠠᠨ ᠨᠣᠷᠮ᠎ᠠ 60%᠂ ᠭᠠᠷᠠᠭ ᠤᠨ ᠲᠠᠪᠤᠨ᠂ ᠭᠠᠷᠠᠭ ᠤᠨ ᠵᠢᠷᠭᠤᠭᠠᠨ ᠳᠤ ᠰᠠᠭᠤᠭᠰᠠᠨ ᠨᠣᠷᠮ᠎ᠠ 100%

ᠬᠦᠷᠴᠦ᠂ ᠭᠠᠷᠠᠭ ᠤᠨ ᠡᠳᠦᠷ ᠲᠤ ᠰᠠᠭᠤᠭᠰᠠᠨ ᠨᠣᠷᠮ᠎ᠠ 80%᠎ ᠶᠢ ᠳᠠᠪᠠᠵᠠᠢ︔ ᠲᠠᠶᠢᠹᠦᠰᠧ ᠬᠤᠰᠢᠭᠤᠨ ᠤ

ᠭᠠᠷᠠᠭ ᠤᠨ ᠨᠢᠭᠡᠨ ᠠᠴᠠ ᠭᠠᠷᠠᠭ ᠤᠨ ᠳᠥᠷᠪᠡᠨ ᠪᠣᠯᠲᠠᠯ᠎ᠠ ᠪᠠᠭᠤᠳᠠᠯ ᠳᠤ ᠰᠠᠭᠤᠭᠰᠠᠨ ᠨᠣᠷᠮ᠎ᠠ ᠨᠢ 60%᠎ ᠳᠤ

ᠬᠦᠷᠴᠦ᠂ ᠲᠣᠰ ᠭᠠᠷᠠᠭ ᠤᠨ ᠰᠡᠭᠦᠯᠴᠢ ᠶᠢᠨ ᠰᠠᠭᠤᠭᠰᠠᠨ ᠨᠣᠷᠮ᠎ᠠ ᠨᠢ 95%᠎ ᠳᠤ ᠬᠥᠷᠪᠡ︔ ᠰᠢᠯᠤᠭᠤᠨ ᠬᠥᠬᠡ

ᠬᠤᠰᠢᠭᠤᠨ ᠤ ᠭᠤᠣᠯᠳᠠᠯᠭ᠎ᠠ ᠲᠠᠢ ᠵᠣᠴᠢᠳ ᠤᠨ ᠪᠠᠭᠤᠳᠠᠯ ᠳᠤ ᠰᠠᠭᠤᠭᠰᠠᠨ ᠨᠣᠷᠮ᠎ᠠ 40%᠎ ᠳᠤ ᠬᠦᠷᠴᠡᠢ︔

ᠰᠢᠯᠢᠩᠬᠤᠲᠠ ᠶᠢᠨ ᠶᠤᠸᠠᠨ ᠾᠧ ᠵᠢᠶᠠᠨ ᠭᠦᠸᠧ ᠵᠣᠴᠢᠳ ᠤᠨ ᠪᠠᠭᠤᠳᠠᠯ ᠳᠤ ᠰᠠᠭᠤᠭᠰᠠᠨ ᠨᠣᠷᠮ᠎ᠠ ᠪᠠᠷᠤᠭ 70%

ᠪᠠᠶᠢᠵᠤ᠂ ᠪᠥᠬᠦ ᠤᠯᠠᠷᠢᠯ ᠤᠨ ᠵᠣᠴᠢᠳ ᠤᠨ ᠪᠠᠭᠤᠳᠠᠯ ᠪᠠᠷᠤᠭ 85%᠎ ᠳᠤ ᠬᠦᠷᠪᠡ︔ ᠪᠠᠷᠠᠭᠤᠨ ᠦᠵᠦᠮᠦᠴᠢᠨ ᠤ

ᠵᠣᠴᠢᠳ ᠤᠨ ᠪᠠᠭᠤᠳᠠᠯ ᠳᠤ ᠰᠠᠭᠤᠭᠰᠠᠨ ᠨᠣᠷᠮ᠎ᠠ 52% ᠪᠠᠶᠢᠵᠤ᠂ ᠴᠥᠮ ᠨᠢᠳᠤᠨᠤᠨ ᠤ ᠠᠳᠠᠯᠢ ᠬᠤᠭᠤᠴᠠᠭᠠᠨ ᠤ

ᠬᠢᠷᠢ ᠲᠦᠪᠰᠢᠨ ᠳᠤ ᠬᠦᠷᠴᠡᠢ᠃

 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号