ᠵᠤᠨ ᠤ ᠠᠮᠠᠷᠠᠯᠲᠠ ᠶᠢᠨ ᠬᠤᠭᠤᠴᠠᠭᠠᠨ ᠳᠤ ᠣᠷᠣᠭᠰᠠᠨ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ 32 ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ᠂ ᠰᠢᠯᠢ ᠶᠢᠨ ᠭᠤᠣᠯ ᠤᠨ ᠮᠢᠩᠭᠠᠨ | ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠶᠡᠭᠡ ᠵᠠᠮ ᠤᠨ ᠮᠠᠰᠢᠨ ᠲᠡᠷᠭᠡᠨ ᠤ ᠨᠠᠭᠠᠳᠤᠮ᠂ ᠠᠩᠬᠠᠳᠤᠭᠠᠷ | ᠬᠤᠭᠤᠴᠠᠭᠠᠨ ᠤ ᠲᠠᠯ᠎ᠠ ᠨᠤᠲᠤᠭ ᠤᠨ ᠬᠡᠭᠡᠷ᠎ᠡ ᠪᠠᠭᠤᠳᠠᠯᠯᠠᠬᠤ ᠶᠡᠭᠡ ᠴᠤᠭᠯᠠᠭᠠᠨ ᠵᠡᠷᠭᠡ ᠵᠢᠭᠤᠯᠴᠢᠯᠠᠯ ᠤᠨ ᠠᠵᠢᠯᠯᠠᠭ᠎ᠠ | ᠪᠣᠯᠣᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠭᠦᠳᠡᠨ ᠪᠢᠯᠧᠲ ᠢ ᠬᠠᠰᠤᠵᠤ ᠬᠡᠯᠲᠦᠷᠢᠭᠦᠯᠬᠦ ᠵᠡᠷᠭᠡ ᠤᠯᠠᠨ | ᠲᠠᠯ᠎ᠠ ᠶᠢᠨ ᠠᠰᠢᠭᠲᠠᠢ ᠲᠦᠷᠦ ᠶᠢᠨ ᠪᠣᠳᠣᠯᠭ᠎ᠠ ᠶᠢᠨ ᠰᠡᠳᠦᠯᠲᠡ ᠪᠠᠷ ᠰᠢᠯᠢ ᠶᠢᠨ ᠭᠤᠣᠯ ᠠᠶᠢᠮᠠᠭ ᠤᠨ ᠰᠣᠶᠣᠯ | ᠵᠢᠭᠤᠯᠴᠢᠯᠠᠯ ᠤᠨ ᠵᠠᠬ᠎ᠠ ᠳᠡᠯᠭᠡᠭᠦᠷ ᠮᠡᠳᠡᠭᠳᠡᠮ᠎ᠡ ᠰᠠᠶᠢᠵᠢᠷᠠᠪᠠ᠃ | ᠣᠲᠣ ᠪᠣᠯᠲᠠᠯ᠎ᠠ᠂ ᠰᠢᠯᠢ ᠶᠢᠨ ᠭᠤᠣᠯ ᠠᠶᠢᠮᠠᠭ ᠲᠤ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ | ᠨᠡᠶᠢᠲᠡ 21 ︵ᠡᠷᠢᠶᠡᠨ ᠢ ᠪᠠᠭᠲᠠᠭᠠᠬᠤ ᠦᠭᠡᠢ︶ ᠪᠠᠶᠢᠵᠤ᠂ ᠣᠲᠣ ᠪᠣᠯᠲᠠᠯ᠎ᠠ ᠨᠢᠭᠡᠨᠲᠡ 19 ᠵᠢᠭᠤᠯᠴᠢᠯᠠᠯ ᠤᠨ | ᠣᠷᠣᠨ ᠢ ᠬᠡᠪ ᠤᠨ ᠶᠣᠰᠣᠭᠠᠷ ᠡᠵᠡᠩᠨᠡᠵᠦ ᠪᠠᠶᠢᠬᠤ ᠪᠥᠭᠡᠳ ᠴᠠᠭ ᠬᠤᠪᠢᠶᠠᠬᠤ᠂ ᠣᠷᠭᠢᠯ ᠵᠥᠷᠢᠭᠦᠯᠬᠦ᠂ | ᠤᠷᠢᠳᠴᠢᠯᠠᠨ ᠪᠣᠯᠵᠣᠬᠤ ᠱᠠᠭᠠᠷᠳᠠᠯᠭ᠎ᠠ ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ | ᠰᠠᠶᠢᠲᠤᠷ ᠬᠢᠵᠦ ᠪᠠᠶᠢᠨ᠎ᠠ᠃ 7 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ ᠡᠵᠡᠩᠨᠡᠯᠲᠡ ᠶᠢᠨ A ᠲᠠᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠥᠬᠦ ᠭᠥᠯᠢᠶᠡᠨ ᠠᠪᠤᠭᠰᠠᠨ ᠬᠥᠮᠥᠨ ᠤ ᠲᠤᠭ᠎ᠠ 31.2 ᠲᠦᠮᠡᠨ | ᠬᠥᠮᠥᠨ ᠤᠳᠠᠭ᠎ᠠ ᠳᠤ ᠬᠦᠷᠴᠦ᠂ ᠵᠢᠭᠤᠯᠴᠢᠯᠠᠯ ᠤᠨ ᠣᠷᠣᠯᠭ᠎ᠠ 1051 ᠲᠦᠮᠡᠨ ᠲᠥᠭᠦᠷᠢᠭ ᠲᠤ ᠬᠦᠷᠴᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠵᠠᠬ᠎ᠠ ᠳᠡᠯᠭᠡᠭᠦᠷ ᠤᠨ ᠰᠠᠶᠢᠵᠢᠷᠠᠬᠤ ᠬᠠᠨᠳᠤᠰᠢ | ᠢᠯᠡᠷᠬᠡᠢ ᠪᠠᠶᠢᠨ᠎ᠠ᠃ ᠡᠳᠦᠷ ᠲᠤ 1000 ᠬᠥᠮᠥᠨ ᠢ ᠭᠥᠯᠢᠶᠡᠨ ᠠᠪᠤᠭᠰᠠᠨ ᠦᠵᠡᠮᠵᠢ ᠶᠢᠨ ᠣᠷᠣᠨ ᠳᠤ ᠳᠤᠯᠤᠨ | ᠨᠠᠭᠤᠷ ᠤᠨ ᠦᠵᠡᠮᠵᠢ ᠶᠢᠨ ᠣᠷᠣᠨ᠂ ᠳᠤᠮᠳᠠᠳᠤ ᠤᠯᠤᠰ ᠤᠨ ᠠᠳᠤᠭᠤᠨ ᠤ ᠨᠤᠲᠤᠭ ᠤᠨ ᠭᠤᠣᠯ ᠣᠷᠣᠨ ᠤ | ᠰᠣᠶᠣᠯ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ︵ᠠᠳᠤᠭᠤᠨ ᠤ ᠨᠤᠲᠤᠭ ᠤᠨ ᠰᠥᠨᠢ ᠶᠢᠨ | ᠬᠤᠲᠠᠬᠠᠨ ᠳᠤ ᠲᠦᠰᠢᠭᠯᠡᠵᠦ᠂ ᠲᠤᠰ ᠭᠠᠵᠠᠷ ᠤᠨ ᠵᠢᠭᠤᠯᠴᠢᠯᠠᠭᠴᠢᠳ ᠢᠶᠠᠷ ᠭᠤᠣᠯ ᠪᠣᠯᠭᠠᠨ᠎ᠠ︶᠂ ᠪᠦᠯᠢᠶᠡᠨ | ᠪᠤᠯᠠᠭ ᠤᠨ ᠦᠵᠡᠮᠵᠢ ᠶᠢᠨ ᠣᠷᠣᠨ᠂ ᠤᠯᠠᠭᠠᠢ ᠶᠢᠨ ᠵᠢᠦ ᠴᠢᠦᠢ ᠸᠠᠨ ᠤ ᠦᠵᠡᠮᠵᠢ ᠶᠢᠨ ᠣᠷᠣᠨ ᠵᠢᠭᠰᠠᠭᠠᠭᠳᠠᠨ᠎ᠠ᠃ | ᠵᠢᠭᠤᠯᠴᠢᠯᠠᠭᠴᠢᠳ ᠤᠨ ᠵᠠᠬ᠎ᠠ ᠳᠡᠯᠭᠡᠭᠦᠷ ᠤᠨ ᠵᠠᠳᠠᠯᠤᠯᠲᠠ ᠳᠤ᠂ ᠠᠶᠢᠮᠠᠭ ᠤᠨ ᠭᠠᠳᠠᠨᠠᠬᠢ ᠵᠢᠭᠤᠯᠴᠢᠯᠠᠭᠴᠢᠳ ᠤᠨ | ᠡᠵᠡᠯᠡᠬᠦ ᠬᠠᠷᠢᠴᠠᠯ ᠨᠢ ᠪᠠᠷᠤᠭ 60% ᠪᠠᠶᠢᠵᠤ᠂ ᠭᠤᠣᠯᠳᠠᠭᠤ ᠤᠯᠠᠭᠠᠨᠬᠠᠳᠠ ᠬᠤᠲᠠ᠂ ᠬᠢᠩᠭᠠᠨ ᠠᠶᠢᠮᠠᠭ᠂ | ᠲᠦᠩᠯᠢᠶᠣᠣ ᠬᠤᠲᠠ ᠵᠡᠷᠭᠡ ᠭᠠᠵᠠᠷ ᠠᠴᠠ ᠢᠷᠡᠭᠰᠡᠨ ᠣᠷᠣᠨ ᠤ ᠳᠣᠲᠣᠷᠠᠬᠢ ᠠᠶᠢᠮᠠᠭ ᠤᠨ ᠭᠠᠳᠠᠨᠠᠬᠢ | ᠵᠢᠭᠤᠯᠴᠢᠯᠠᠭᠴᠢ ᠪᠣᠯᠣᠨ᠎ᠠ᠂ ᠳᠠᠷᠠᠭᠠᠯᠠᠪᠠᠯ ᠪᠡᠭᠡᠵᠢᠩ᠂ ᠾᠧᠪᠧᠢ᠂ ᠲᠢᠶᠠᠨᠵᠢᠨ᠂ ᠯᠢᠶᠣᠤᠨᠢᠩ᠂ ᠭᠢᠷᠢᠨ᠂ ᠱᠠᠨᠳᠦ᠋ᠩ᠂ | ᠵᠢᠶᠠᠩᠰᠤ᠂ ᠱᠠᠨ ᠰᠢ ᠵᠡᠷᠭᠡ ᠭᠠᠵᠠᠷ ᠠᠴᠠ ᠢᠷᠡᠭᠰᠡᠨ ᠣᠷᠣᠨ ᠤ ᠭᠠᠳᠠᠨᠠᠬᠢ ᠵᠢᠭᠤᠯᠴᠢᠯᠠᠭᠴᠢ ᠪᠣᠯᠣᠨ᠎ᠠ᠃ ᠵᠡᠭᠦᠨ | ᠬᠡᠰᠡᠭ ᠤᠨ ᠠᠶᠢᠮᠠᠭ ᠤᠨ ᠭᠠᠳᠠᠨᠠᠬᠢ ᠵᠢᠭᠤᠯᠴᠢᠯᠠᠭᠴᠢᠳ ᠤᠨ ᠳᠣᠲᠣᠷ᠎ᠠ ᠤᠯᠠᠭᠠᠨᠬᠠᠳᠠ ᠵᠢᠴᠢ ᠵᠡᠭᠦᠨ ᠭᠤᠷᠪᠠᠨ | ᠮᠤᠵᠢ ᠶᠢᠨ ᠵᠢᠭᠤᠯᠴᠢᠯᠠᠭᠴᠢᠳ ᠤᠨ ᠲᠤᠭ᠎ᠠ ᠤᠯᠠᠨ ᠪᠠᠶᠢᠵᠤ᠂ ᠡᠮᠦᠨᠡᠲᠦ ᠬᠡᠰᠡᠭ ᠤᠨ ᠲᠤᠯᠤᠨ ᠨᠠᠭᠤᠷ᠂ ᠲᠠᠶᠢᠹᠦᠰᠧ | ᠬᠤᠰᠢᠭᠤ᠂ ᠰᠢᠯᠤᠭᠤᠨ ᠬᠥᠬᠡ ᠬᠤᠰᠢᠭᠤᠨ ᠤ ᠵᠢᠭᠤᠯᠴᠢᠯᠠᠭᠴᠢᠳ ᠤᠨ ᠢᠷᠡᠯᠲᠡ ᠨᠢ ᠪᠡᠭᠡᠵᠢᠩ ᠲᠢᠶᠠᠨᠵᠢᠨ ᠾᠥᠪᠸᠢ | ᠣᠷᠣᠨ ᠢᠶᠠᠷ ᠭᠤᠣᠯᠯᠠᠵᠤ ᠪᠤᠢ᠃ | ᠵᠢᠭᠤᠯᠴᠢᠯᠠᠯ ᠤᠨ ᠭᠤᠣᠯᠳᠠᠯᠭ᠎ᠠ ᠲᠠᠢ ᠪᠠᠭᠤᠳᠠᠯ ᠳᠤ ᠰᠠᠭᠤᠭᠰᠠᠨ ᠨᠣᠷᠮ᠎ᠠ 60% ᠶᠢ ᠳᠠᠪᠠᠵᠤ᠂ ᠡᠭᠦᠨ ᠳᠤ᠂ | ᠲᠤᠯᠤᠨ ᠨᠠᠭᠤᠷ ᠤᠨ ᠭᠤᠣᠯᠳᠠᠯᠭ᠎ᠠ ᠲᠠᠢ ᠪᠠᠭᠤᠳᠠᠯ ᠳᠤ ᠭᠠᠷᠠᠭ ᠤᠨ ᠨᠢᠭᠡᠨ ᠠᠴᠠ ᠭᠠᠷᠠᠭ ᠤᠨ ᠳᠥᠷᠪᠡᠨ ᠪᠤᠯᠲᠠᠯ᠎ᠠ | ᠰᠠᠭᠤᠭᠰᠠᠨ ᠨᠣᠷᠮ᠎ᠠ 60%᠂ ᠭᠠᠷᠠᠭ ᠤᠨ ᠲᠠᠪᠤᠨ᠂ ᠭᠠᠷᠠᠭ ᠤᠨ ᠵᠢᠷᠭᠤᠭᠠᠨ ᠳᠤ ᠰᠠᠭᠤᠭᠰᠠᠨ ᠨᠣᠷᠮ᠎ᠠ 100% | ᠬᠦᠷᠴᠦ᠂ ᠭᠠᠷᠠᠭ ᠤᠨ ᠡᠳᠦᠷ ᠲᠤ ᠰᠠᠭᠤᠭᠰᠠᠨ ᠨᠣᠷᠮ᠎ᠠ 80% ᠶᠢ ᠳᠠᠪᠠᠵᠠᠢ︔ ᠲᠠᠶᠢᠹᠦᠰᠧ ᠬᠤᠰᠢᠭᠤᠨ ᠤ | ᠭᠠᠷᠠᠭ ᠤᠨ ᠨᠢᠭᠡᠨ ᠠᠴᠠ ᠭᠠᠷᠠᠭ ᠤᠨ ᠳᠥᠷᠪᠡᠨ ᠪᠣᠯᠲᠠᠯ᠎ᠠ ᠪᠠᠭᠤᠳᠠᠯ ᠳᠤ ᠰᠠᠭᠤᠭᠰᠠᠨ ᠨᠣᠷᠮ᠎ᠠ ᠨᠢ 60% ᠳᠤ | ᠬᠦᠷᠴᠦ᠂ ᠲᠣᠰ ᠭᠠᠷᠠᠭ ᠤᠨ ᠰᠡᠭᠦᠯᠴᠢ ᠶᠢᠨ ᠰᠠᠭᠤᠭᠰᠠᠨ ᠨᠣᠷᠮ᠎ᠠ ᠨᠢ 95% ᠳᠤ ᠬᠥᠷᠪᠡ︔ ᠰᠢᠯᠤᠭᠤᠨ ᠬᠥᠬᠡ | ᠬᠤᠰᠢᠭᠤᠨ ᠤ ᠭᠤᠣᠯᠳᠠᠯᠭ᠎ᠠ ᠲᠠᠢ ᠵᠣᠴᠢᠳ ᠤᠨ ᠪᠠᠭᠤᠳᠠᠯ ᠳᠤ ᠰᠠᠭᠤᠭᠰᠠᠨ ᠨᠣᠷᠮ᠎ᠠ 40% ᠳᠤ ᠬᠦᠷᠴᠡᠢ︔ | ᠰᠢᠯᠢᠩᠬᠤᠲᠠ ᠶᠢᠨ ᠶᠤᠸᠠᠨ ᠾᠧ ᠵᠢᠶᠠᠨ ᠭᠦᠸᠧ ᠵᠣᠴᠢᠳ ᠤᠨ ᠪᠠᠭᠤᠳᠠᠯ ᠳᠤ ᠰᠠᠭᠤᠭᠰᠠᠨ ᠨᠣᠷᠮ᠎ᠠ ᠪᠠᠷᠤᠭ 70% | ᠪᠠᠶᠢᠵᠤ᠂ ᠪᠥᠬᠦ ᠤᠯᠠᠷᠢᠯ ᠤᠨ ᠵᠣᠴᠢᠳ ᠤᠨ ᠪᠠᠭᠤᠳᠠᠯ ᠪᠠᠷᠤᠭ 85% ᠳᠤ ᠬᠦᠷᠪᠡ︔ ᠪᠠᠷᠠᠭᠤᠨ ᠦᠵᠦᠮᠦᠴᠢᠨ ᠤ | ᠵᠣᠴᠢᠳ ᠤᠨ ᠪᠠᠭᠤᠳᠠᠯ ᠳᠤ ᠰᠠᠭᠤᠭᠰᠠᠨ ᠨᠣᠷᠮ᠎ᠠ 52% ᠪᠠᠶᠢᠵᠤ᠂ ᠴᠥᠮ ᠨᠢᠳᠤᠨᠤᠨ ᠤ ᠠᠳᠠᠯᠢ ᠬᠤᠭᠤᠴᠠᠭᠠᠨ ᠤ | ᠬᠢᠷᠢ ᠲᠦᠪᠰᠢᠨ ᠳᠤ ᠬᠦᠷᠴᠡᠢ᠃ | | |