ᠤᠯᠠᠭᠠᠶ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠵᠥᠪᠯᠡᠯ ᠤᠨ ᠣᠨᠣᠯ ᠤᠨ ᠰᠣᠷᠣᠯᠴᠠᠯᠭ᠎ᠠ ᠶᠢᠨ ᠭᠤᠤᠯ ᠳᠤᠭᠤᠶᠢᠯᠠᠩ 6 ᠳ᠋ᠤᠭᠠᠷ ᠣᠳᠠᠭᠠᠨ ᠤ ᠲᠥᠪᠯᠡᠷᠡᠩᠭᠦᠢ ᠰᠣᠷᠣᠯᠴᠠᠯᠭ᠎ᠠ ᠵᠢᠴᠢ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠬᠤᠷᠠᠯᠳᠣᠬᠰᠡᠨ
ᠨᠡᠶᠢᠲᠡᠯᠡᠭᠰᠡᠨ ᠴᠠᠭ᠄
2022/8/15
  ᠣᠳᠣᠷᠢᠳᠬᠠᠯ᠄ 8.10 ᠤ ᠡᠳᠦᠷ᠂ ᠤᠯᠠᠭᠠᠶ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠵᠥᠪᠯᠡᠯ ᠤᠨ ᠱᠦᠵᠢ ᠴᠢᠶᠣᠤ ᠵᠢᠶᠠᠨ ᠴᠢᠶᠠᠩ ᠨᠠᠮ ᠤᠨ ᠠᠵᠢᠯ ᠤᠨ ᠵᠥᠪᠯᠡᠯ ᠤᠨ ᠣᠨᠣᠯ ᠤᠨ ᠰᠣᠷᠣᠯᠴᠠᠯᠭ᠎ᠠ ᠶᠢᠨ ᠭᠤᠣᠯ ᠳᠣᠭᠤᠶᠢᠯᠠᠩ ᠤᠨ ᠵᠢᠷᠭᠤᠳᠤᠭᠠᠷ ᠤᠳᠠᠭᠠᠨ ᠤ ᠲᠥᠪᠯᠡᠷᠡᠩᠭᠦᠶ ᠰᠤᠷᠤᠯᠴᠠᠯᠭ᠎ᠠ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠣᠬᠰᠡᠨ ᠪᠠᠶᠢᠨ᠎ᠠ᠃

 ᠮᠡᠳᠡᠭᠡ᠄ ᠬᠤᠷᠠᠯ ᠠᠴᠠ ︿︿ᠰᠢ ᠶᠢᠨ ᠫᠢᠩ ᠶᠡᠷᠦᠩᠬᠡᠢ ᠱᠦᠵᠢ ᠤᠨ ᠲᠥᠪ ᠤᠨ ᠤᠯᠤᠰ ᠲᠦᠷᠦ ᠶᠢᠨ ᠲᠣᠪᠴᠢᠶᠠᠨ

 ᠤ ᠭᠤᠴᠢ ᠶᠢᠰᠦᠳᠦᠭᠡᠷ᠂ ᠳᠥᠴᠢᠳᠦᠭᠡᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶ᠎ᠠ﹀﹀᠂ ︿︿ᠰᠢ

 ᠶᠢᠨ ᠫᠢᠩ ᠶᠡᠷᠦᠩᠬᠡᠢ ᠱᠦᠵᠢ ᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ︵ᠰᠢ ᠶᠢᠨ ᠫᠢᠩ

ᠶᠡᠷᠦᠩᠬᠡᠢ ᠱᠦᠵᠢ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠥ᠂ ᠨᠠᠮ ᠤᠨ ᠬᠤᠷᠢᠳᠤᠭᠠᠷ ᠶᠡᠭᠡ

ᠬᠤᠷᠠᠯ ᠢ ᠤᠭᠲᠤᠬᠤ︶ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠶᠢᠨ ᠶᠠᠷᠢᠶ᠎ᠠ﹀﹀᠂ ︿︿ᠰᠢ ᠶᠢᠨ ᠫᠢᠩ

ᠶᠡᠷᠦᠩᠬᠡᠢ ᠱᠦᠵᠢ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠶᠠᠷᠢᠶ᠎ᠠ﹀﹀᠂ ︿︿ᠰᠢ ᠶᠢᠨ

ᠫᠢᠩ ᠶᠡᠷᠦᠩᠬᠡᠢ ᠱᠦᠵᠢ ᠤᠨ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠳᠡᠭᠡᠷᠡᠬᠢ ᠶᠠᠷᠢᠶ᠎ᠠ﹀﹀ ᠵᠡᠷᠭᠡ

ᠠᠭᠤᠯᠭ᠎ᠠ ᠶᠢ ᠲᠥᠪᠯᠡᠷᠡᠩᠭᠦᠢ ᠰᠤᠷᠤᠯᠴᠠᠵᠥ᠂ ᠣᠨᠣᠯ ᠤᠨ ᠰᠣᠷᠣᠯᠴᠠᠯᠭ᠎ᠠ ᠶᠢᠨ ᠭᠤᠣᠯ ᠳᠤᠭᠤᠶᠢᠯᠠᠩ ᠤᠨ

ᠬᠡᠰᠢᠭᠦᠳ ᠠᠴᠠ ︿︿ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ﹀﹀ ᠲᠤᠰᠬᠠᠢ ᠰᠡᠳᠦᠪ ᠤᠨ ᠲᠣᠭᠤᠷᠢᠨ ᠳᠤ ᠲᠥᠪᠯᠡᠷᠡᠩᠭᠦᠢ ᠰᠤᠳᠤᠯᠤᠨ ᠶᠠᠷᠢᠯᠴᠠᠵᠠᠢ᠃

  ᠬᠤᠷᠠᠯ ᠠᠴᠠ ᠵᠢᠭᠠᠬᠤ ᠳᠠᠭᠠᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠨᠠᠮ ᠤᠨ ᠠᠮᠢᠵᠢᠷᠠᠯ ᠤᠨ

ᠬᠦᠴᠦᠨ ᠢ ᠡᠭᠦᠷᠢᠳᠡ ᠪᠠᠲᠤᠯᠠᠵᠤ᠂ ᠰᠢᠨ᠎ᠡ ᠰᠢᠯᠭᠠᠯᠲᠠ ᠶᠢᠨ ᠵᠠᠮ ᠢ ᠰᠠᠶᠢᠲᠤᠷ ᠵᠠᠮᠨᠠᠬᠤ ᠳᠤ ᠵᠠᠪᠠᠯ ᠶᠠᠪᠤᠬᠤ ᠵᠠᠮ

ᠮᠥᠨ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠲᠦᠷᠦ ᠶᠢᠨ ᠨᠠᠮ

 ᠤᠨ ᠮᠥᠨ ᠴᠢᠨᠠᠷ ᠢ ᠡᠭᠦᠷᠢᠳᠡ ᠬᠠᠳᠠᠭᠠᠯᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢᠨ ᠡᠭᠦᠷᠢᠳᠡ

ᠳᠠᠭᠤᠰᠤᠰᠢ ᠦᠭᠡᠢ ᠪᠠᠶᠢᠬᠤ ᠤᠯᠤᠰ ᠲᠦᠷᠦ ᠶᠢᠨ ᠤᠬᠠᠮᠰᠠᠷ ᠢ ᠦᠨᠡᠨ ᠬᠦ ᠴᠢᠩᠭᠠᠳᠬᠠᠨ᠂ ᠢᠯᠵᠠᠷᠠᠬᠤ ᠠᠴᠠ

ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ

ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ᠂ ᠪᠣᠳᠠᠲᠤ

ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ

ᠬᠡᠷᠡᠭᠲᠡᠢ ᠭᠡᠰᠡᠨ ᠪᠠᠶᠢᠨ᠎ᠠ᠃

 ᠬᠤᠷᠠᠯ ᠠᠴᠠ ᠴᠢᠬᠤᠯᠴᠢᠯᠠᠬᠤ ᠳᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ

 ᠢ ᠭᠦᠨᠵᠡᠭᠡᠶ ᠤᠳᠠᠭᠠᠨ ᠳᠠᠭᠠᠭᠠᠮᠠᠭᠠᠶ ᠪᠠᠲᠤ ᠴᠣᠭᠴᠠᠯᠠᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ

ᠦᠵᠡᠯᠲᠡ ᠶᠢ ᠢᠳᠡᠪᠬᠢᠲᠡᠶ ᠪᠣᠶᠢᠵᠢᠭᠤᠯᠤᠨ ᠦᠶᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃

ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ

ᠣᠳᠣᠬᠢᠴᠢᠯᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠬᠤᠷᠢᠭ᠎ᠠ ᠱᠤᠭᠤᠮ ᠤᠨ ᠰᠡᠳᠬᠢᠬᠦᠢ ᠶᠢ

ᠪᠠᠷᠢᠮᠲᠠᠯᠠᠨ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠡᠯ᠎ᠡ ᠵᠦᠢᠯ ᠤᠨ ᠠᠰᠠᠭᠤᠳᠠᠯ ᠳᠠᠯᠳᠠ

ᠭᠡᠮ ᠢ ᠴᠠᠭ ᠲᠤᠬᠠᠢ ᠳᠤᠨᠢ ᠠᠷᠢᠯᠭᠠᠵᠤ᠂ ᠵᠥᠷᠢᠴᠡᠯ ᠠᠰᠠᠭᠤᠳᠠᠯ ᠢ ᠴᠤᠬᠤᠶᠢᠵᠤ ᠪᠠᠶᠢᠬᠤ ᠳᠤᠨᠢ ᠰᠢᠢᠳᠪᠦᠷᠢᠯᠡᠬᠦ

ᠬᠡᠷᠡᠭᠲᠡᠢ᠃ ᠡᠷᠬᠡᠪᠰᠢ ︿︿ᠠᠷᠪᠠᠨ ᠬᠤᠶᠠᠷ ᠡᠷᠬᠡᠪᠰᠢ﹀﹀ ᠶᠢᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ

ᠨᠢᠭᠡᠳᠦᠮᠡᠯ ᠹᠷᠣᠨᠲ ᠤᠨ ᠠᠵᠢᠯ ᠤᠨ ᠴᠢᠭᠯᠡᠯ ᠪᠠ ᠭᠤᠤᠯᠳᠠᠯᠭ᠎ᠠ ᠶᠢ ᠭᠦᠨᠵᠡᠭᠡᠶ ᠰᠠᠶᠢᠲᠤᠷ ᠡᠵᠡᠮᠳᠡᠵᠦ᠂ ᠨᠠᠮ ᠤᠨ

ᠭᠠᠳᠠᠨᠠᠬᠢ ᠰᠡᠬᠡᠭᠡᠲᠡᠨ ᠪᠣᠯᠤᠨ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ

 ᠢ ᠴᠢᠩᠭᠠᠳᠬᠠᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ

 ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠮᠦᠰ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ

ᠬᠡᠷᠡᠭᠲᠡᠶ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠲᠤ ᠪᠤᠢ ᠪᠣᠯᠭᠠᠵᠤ᠂ ︿︿ᠴᠠᠭ ᠢᠮᠠᠭᠲᠠ

ᠰᠡᠳᠬᠢᠯ ᠠᠮᠤᠷ ᠪᠠᠶᠢᠬᠤ﹀﹀ ᠬᠠᠷᠢᠭᠤᠴᠠᠯᠭᠠᠲᠤ ᠰᠡᠳᠬᠢᠯᠭᠡ ᠪᠠᠷ ᠠᠶᠤᠯ ᠲᠦᠭᠰᠢᠭᠦᠷᠢ ᠶᠢᠨ ᠳᠠᠯᠳᠠ ᠬᠡᠮ ᠢ

ᠭᠦᠨᠵᠡᠭᠡᠢ ᠵᠢᠭᠰᠠᠭᠠᠨ ᠪᠠᠶᠢᠴᠠᠭᠠᠵᠤ᠂ ᠰᠡᠷᠭᠡᠶᠢᠯᠡᠬᠦ ᠲᠣᠭᠲᠠᠯᠴᠠᠭ᠎ᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂

ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ

ᠭᠡᠰᠡᠨ ᠪᠠᠶᠢᠨ᠎ᠠ᠃

  ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠰᠢ ᠶᠢᠨ ᠫᠢᠩ

ᠶᠡᠷᠦᠩᠬᠡᠢ ᠱᠦᠵᠢ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ

ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ

 ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠦᠯᠵᠢᠶ᠎ᠡ ᠶᠢ ᠬᠠᠮᠢᠶᠠᠷᠬᠤ ᠰᠦᠯᠵᠢᠶ᠎ᠡ ᠶᠢ ᠵᠠᠰᠠᠬᠤ ᠪᠠ ᠦᠵᠡᠯ

ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢᠨ ᠲᠦᠪᠰᠢᠨ ᠢ ᠦᠷᠭᠦᠯᠵᠢᠯᠡᠨ

ᠳᠡᠭᠡᠭᠰᠢᠯᠡᠭᠦᠯᠬᠦ ᠬᠡᠷᠡᠭᠲᠡᠢ᠃ ︿︿ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠰᠤᠷᠭᠠᠭᠤᠯᠢ ( ᠵᠠᠰᠠᠭ

ᠵᠠᠬᠢᠷᠭᠠᠨ ᠤ ᠳᠡᠭᠡᠳᠦ ᠰᠤᠷᠭᠠᠭᠤᠯᠢ ) ᠶᠢᠨ ᠠᠵᠢᠯ ᠤᠨ ᠳᠦᠷᠢᠮ﹀﹀᠂ ︿︿ᠳᠤᠮᠳᠠᠳᠤ ᠤᠯᠤᠰ ᠤᠨ ᠡᠪ ᠬᠠᠮᠲᠤ ᠨᠠᠮ

 ᠤᠨ ᠪᠠᠶᠢᠭᠤᠯᠤᠮᠵᠢ ᠣᠷᠣᠨ ᠲᠣᠭᠠᠨ ᠤ ᠠᠵᠢᠯ ᠤᠨ ᠳᠦᠷᠢᠮ﹀﹀᠂ ︿︿ᠠᠯᠪᠠᠲᠠᠨ ᠤ ᠬᠠᠤᠯᠢ﹀﹀ ᠵᠢᠴᠢ ᠲᠥᠬᠦᠷ

ᠬᠠᠤᠯᠢ ᠴᠠᠭᠠᠵᠠ ᠬᠠᠤᠯᠢ ᠲᠣᠭᠲᠠᠭᠠᠯ ᠢ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠤᠨ

ᠰᠢᠨᠵᠢᠯᠡᠬᠦ ᠤᠬᠠᠭᠠᠨᠴᠢᠯᠠᠯᠲᠠ᠂ ᠳᠦᠷᠢᠮᠵᠢᠭᠦᠯᠦᠯᠲᠡ᠂ ᠵᠢᠷᠤᠮᠵᠢᠭᠤᠯᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ

ᠤᠢᠭᠡᠢ ᠳᠡᠭᠡᠭᠰᠢᠯᠡᠭᠦᠯᠬᠦ ᠬᠡᠷᠡᠭᠲᠡᠶ᠃ ︿︿ᠵᠠᠬᠢᠳᠠᠯ ᠰᠣᠷᠪᠣᠯᠵᠢᠯᠠᠭ᠎ᠠ ᠤᠨ ᠠᠵᠢᠯ ᠤᠨ ᠲᠦᠷᠢᠮ﹀﹀ ᠢ ᠤᠬᠠᠭᠤᠯᠤᠨ

ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠵᠠᠬᠢᠳᠠᠯ ᠰᠣᠷᠪᠣᠯᠵᠢᠯᠠᠭ᠎ᠠ ᠤᠨ

ᠠᠵᠢᠯ ᠤᠨ ᠵᠠᠷᠴᠢᠮ ᠪᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠠᠷᠠᠳ ᠣᠯᠠᠨ ᠤ ᠬᠠᠤᠯᠢ ᠶᠣᠰᠣᠨ ᠤ ᠡᠷᠬᠡ

ᠠᠰᠢᠭ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠶ ᠭᠡᠰᠡᠨ ᠪᠠᠶᠢᠨ᠎ᠠ᠃

 ᠬᠠᠮᠢᠶᠠᠷᠣᠯᠲᠠ ᠶᠢᠨ ᠣᠷᠣᠨ ᠤ ᠨᠠᠮ ᠤᠨ ᠠᠵᠢᠯ ᠤᠨ ᠵᠥᠪᠯᠡᠯ ᠤᠨ ᠣᠨᠣᠯ ᠤᠨ ᠰᠣᠷᠣᠯᠴᠠᠯᠭ᠎ᠠ ᠶᠢᠨ ᠭᠤᠤᠯ

ᠳᠤᠭᠤᠶᠢᠯᠠᠩ  ᠤᠨ ᠬᠡᠰᠢᠭᠦᠳ ᠲᠥᠪᠯᠡᠷᠡᠩᠭᠦᠶ ᠰᠤᠷᠤᠯᠴᠠᠯᠭ᠎ᠠ ᠳᠤ ᠣᠷᠣᠯᠴᠠᠵᠠᠢ᠃

 
ᠢᠷᠡᠯᠲᠡ᠄ ᠣᠯᠠᠭᠠᠢ ᠬᠠᠮᠢᠶᠠᠷᠤᠯᠲᠠ ᠶᠢᠨ ᠣᠷᠣᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号