ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠵᠥᠪᠯᠡᠯ ᠤᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠠᠩ ᠱᠧᠩ 2022 ᠣᠨ ᠤ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠴᠠ ᠡᠮᠦᠨᠡᠬᠢ ᠪᠡᠯᠡᠳᠬᠡᠯ ᠠᠵᠢᠯ ᠢ ᠬᠢᠨᠠᠨ ᠵᠢᠯᠤᠭᠤᠳᠣᠬᠰᠡᠨ
ᠨᠡᠶᠢᠲᠡᠯᠡᠭᠰᠡᠨ ᠴᠠᠭ᠄
2022/8/29
                 ᠰᠣᠷᠪᠣᠯᠵᠢᠯᠠᠬᠴᠢ᠄ ᠬᠤᠷᠸ᠎ᠠ  ᠯᠢ ᠰᠢᠨ ᠣᠣ ᠴᠦ᠋ ᠢ   ᠣᠳᠣᠷᠢᠳᠬᠠᠯ᠄ 8. 26 ᠤ ᠡᠳᠦᠷ᠂ ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠵᠥᠪᠯᠡᠯ ᠤᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠠᠩ ᠱᠧᠩ ᠬᠠᠮᠢᠶᠠᠷᠤᠯᠲᠠ ᠶᠢᠨ ᠣᠷᠣᠨ ᠤ ᠳᠤᠮᠳᠠᠳᠤ ᠰᠤᠷᠭᠠᠭᠤᠯᠢ᠂ ᠮᠣᠩᠭᠤᠯ ᠦᠨᠳᠦᠰᠦᠲᠡᠨ ᠤ ᠰᠤᠷᠭᠠᠭᠤᠯᠢ᠂ ᠨᠢᠭᠡᠳᠦᠭᠡᠷ ᠪᠠᠭ᠎ᠠ ᠰᠤᠷᠭᠠᠭᠤᠯᠢ ᠪᠠ ᠬᠤᠶᠠᠳᠤᠭᠠᠷ ᠪᠠᠭ᠎ᠠ ᠰᠤᠷᠭᠠᠭᠤᠯᠢ ᠳᠤ ᠭᠦᠨᠵᠡᠭᠡᠶᠢᠷᠡᠨ᠂ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠪᠡᠯᠡᠳᠬᠡᠯ ᠠᠵᠢᠯ ᠢ ᠬᠢᠨᠠᠨ ᠵᠢᠯᠤᠭᠤᠳᠣᠬᠰᠡᠨ ᠪᠠᠶᠢᠨ᠎ᠠ᠃

   ᠮᠡᠳᠡᠭᠡ᠄ ᠴᠠᠩ ᠱᠧᠩ ᠡᠯ᠎ᠡ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠠᠴᠠ ᠡᠮᠦᠨᠡᠬᠢ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ᠂ ᠭᠠᠯ ᠰᠡᠷᠭᠡᠶᠢᠯᠡᠬᠦ

ᠠᠮᠤᠷ ᠲᠦᠪᠰᠢᠨ ᠵᠢᠴᠢ ᠪᠠᠶᠢᠷᠢ ᠶᠢᠨ ᠭᠡᠷ ᠢ ᠥᠭᠡᠷᠡᠴᠢᠯᠡᠨ ᠵᠠᠰᠠᠬᠤ ᠢᠨᠵᠧᠨᠧᠷᠢᠩ ᠵᠡᠷᠭᠡ ᠪᠠᠶᠢᠳᠠᠯ ᠢ ᠲᠤᠬᠠᠢ ᠶᠢᠨ

ᠭᠠᠵᠠᠷ ᠲᠤᠨᠢ ᠪᠠᠶᠢᠴᠠᠭᠠᠨ ᠦᠵᠡᠵᠦ᠂ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠡᠯ᠎ᠡ ᠰᠤᠷᠭᠠᠭᠤᠯᠢ ᠶᠢᠨ

ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠠᠭᠰᠢ ᠶᠢᠨ ᠲᠣᠬᠢᠷᠠᠭᠤᠯᠤᠯᠲᠠ᠂

ᠰᠤᠷᠭᠠᠨ ᠬᠥᠮᠦᠵᠢᠯ ᠵᠢᠭᠠᠨ ᠰᠤᠷᠭᠠᠯᠲᠠ ᠵᠢᠴᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠠᠵᠢᠯ ᠤᠨ

ᠪᠠᠶᠢᠳᠠᠯ ᠢ ᠭᠦᠨᠵᠡᠭᠡᠢ ᠣᠶᠢᠯᠭᠠᠬᠰᠡᠨ ᠪᠠᠶᠢᠨ᠎ᠠ᠃

   ᠴᠠᠩ ᠱᠧᠩ ᠵᠢᠭᠠᠬᠤ ᠳᠠᠭᠠᠨ᠂ ᠰᠤᠷᠭᠠᠨ ᠬᠥᠮᠦᠵᠢᠯ ᠤᠨ ᠠᠵᠢᠯ ᠪᠣᠯ ᠲᠦᠭ ᠲᠦᠮᠡᠨ ᠠᠶᠢᠯ ᠡᠷᠦᠬᠡ ᠲᠠᠢ

ᠬᠤᠯᠪᠣᠭᠳᠠᠵᠤ ᠪᠠᠶᠢᠳᠠᠭ᠂ ᠡᠯ᠎ᠡ ᠰᠤᠷᠭᠠᠭᠤᠯᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠡᠶᠢᠭᠡᠮ ᠤᠨ

ᠱᠠᠭᠠᠷᠳᠠᠯᠭ᠎ᠠ ᠪᠠᠷ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ

ᠠᠳᠬᠤᠵᠤ᠂ ᠰᠣᠷᠣᠭᠴᠢ ᠵᠢᠴᠢ ᠭᠡᠷ ᠤᠨ ᠠᠬᠠᠮᠠᠳ ᠤᠨ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋᠂ 48

ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢᠯᠡᠯ ᠵᠡᠷᠭᠡ

ᠪᠠᠶᠢᠴᠠᠭᠠᠨ ᠰᠢᠯᠭᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠤᠷᠤᠭᠰᠢᠲᠠᠢ ᠡᠬᠢᠯᠡᠬᠦ ᠶᠢ

ᠦᠨᠡᠨ ᠬᠦ ᠪᠠᠲᠤᠯᠠᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠵᠥᠭᠡᠯᠡᠨ ᠬᠠᠲᠠᠭᠤ ᠬᠡᠷᠡᠭᠰᠡᠯ ᠤᠨ

ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠠᠶᠢᠷᠢ ᠶᠢᠨ ᠭᠡᠷ᠂ ᠭᠠᠯ ᠤᠨᠲᠠᠷᠠᠭᠠᠬᠤ ᠵᠡᠷᠭᠡ ᠰᠠᠭᠤᠷᠢ

ᠲᠥᠬᠦᠭᠡᠷᠦᠮᠵᠢ ᠶᠢ ᠰᠡᠯᠪᠢᠨ ᠵᠠᠰᠠᠵᠤ ᠥᠭᠡᠷᠡᠴᠢᠯᠡᠬᠦ ᠶᠢ ᠲᠦᠷᠭᠡᠳᠬᠡᠨ᠂ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ

ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠬᠤ ᠬᠡᠷᠡᠭᠲᠡᠢ ᠭᠡᠰᠡᠨ ᠪᠠᠶᠢᠨ᠎ᠠ᠃

   ᠴᠠᠩ ᠱᠧᠩ ᠴᠢᠬᠤᠯᠴᠢᠯᠠᠬᠤ ᠳᠠᠭᠠᠨ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠢᠴᠢ ᠰᠤᠷᠭᠠᠨ ᠬᠥᠮᠦᠵᠢᠯ

ᠵᠢᠭᠠᠨ ᠰᠤᠷᠭᠠᠯᠲᠠ ᠶᠢᠨ ᠰᠤᠳᠤᠯᠭᠠᠨ ᠢ ᠴᠢᠩᠭᠠᠳᠬᠠᠵᠤ᠂ ᠪᠠᠭᠰᠢ ᠶᠢᠨ ᠲᠤᠰᠬᠠᠢ ᠮᠡᠷᠭᠡᠵᠢᠯ ᠤᠨ ᠲᠦᠪᠰᠢᠨ ᠪᠣᠯᠣᠨ

ᠠᠵᠢᠯ ᠮᠡᠷᠭᠡᠵᠢᠯ ᠤᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ

ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠡᠬᠢ

ᠪᠠᠶᠠᠯᠢᠭ ᠤᠨ ᠲᠣᠬᠢᠷᠠᠭᠤᠯᠤᠯᠲᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠵᠢᠭᠠᠨ

ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ

ᠠᠷᠠᠳ ᠤᠨ ᠠᠮᠢᠳᠤᠷᠠᠯ ᠤᠨ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠡᠩ ᠲᠡᠩᠴᠡᠭᠦᠷᠢᠲᠡᠢ

ᠰᠢᠯᠢᠳᠡᠭ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠷᠢᠰᠢᠯ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠰᠡᠨ

ᠪᠠᠶᠢᠨ᠎ᠠ᠃

   ᠬᠠᠮᠢᠶᠠᠷᠤᠯᠲᠠ ᠶᠢᠨ ᠣᠷᠣᠨ ᠤ ᠨᠠᠮ ᠵᠠᠰᠠᠭ ᠤᠨ ᠠᠯᠪᠠᠨ ᠭᠡᠷ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ

ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠤᠯᠤᠨ ᠬᠢᠨᠠᠨ

ᠵᠢᠯᠣᠭᠤᠳᠣᠬᠰᠡᠨ ᠪᠠᠶᠢᠨ᠎ᠠ᠃

 
ᠢᠷᠡᠯᠲᠡ᠄ ᠣᠯᠠᠭᠠᠢ ᠬᠠᠮᠢᠶᠠᠷᠤᠯᠲᠠ ᠶᠢᠨ ᠣᠷᠣᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号