ᠡᠳᠡᠭᠡᠷ ᠠᠵᠢᠯᠯᠠᠭ᠎ᠠ ᠶᠢ ᠴᠢᠩᠭ᠎ᠠ ᠪᠠᠶᠢᠴᠠᠭᠠᠨ᠎ᠠ
ᠨᠡᠶᠢᠲᠡᠯᠡᠭᠰᠡᠨ ᠴᠠᠭ᠄
2022/8/30
    ᠰᠤᠷᠭᠠᠭᠤᠯᠢ ᠶᠢᠨ ᠭᠠᠳᠠᠨᠠᠬᠢ ᠪᠣᠯᠪᠠᠰᠣᠷᠠᠯ ᠤᠨ ᠪᠠᠶᠢᠭᠤᠯᠣᠮᠵᠢ ᠶᠢᠨ ᠬᠢᠨᠠᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠰᠤᠷᠤᠭᠴᠢᠳ ᠤᠨ ᠠᠮᠤᠷ ᠲᠦᠪᠰᠢᠨ᠂ ᠪᠠᠶᠠᠷ ᠬᠥᠷ ᠲᠠᠢ᠂ ᠤᠳᠬ᠎ᠠ ᠠᠭᠤᠯᠭ᠎ᠠ ᠲᠠᠢ ᠠᠮᠠᠷᠠᠯᠲᠠ  ᠶᠢᠨ ᠬᠤᠭᠤᠴᠠᠭ᠎ᠠ ᠪᠠᠨ ᠥᠩᠭᠡᠷᠡᠭᠦᠯᠬᠦ ᠶᠢ ᠪᠠᠳᠣᠯᠠᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠪᠥᠬᠦ ᠤᠯᠤᠰ ᠤᠨ ᠬᠡᠪᠴᠢᠶᠡᠨ ᠳᠤ 2022 ᠣᠨ ᠤ ᠵᠣᠨ ᠤ ᠠᠮᠠᠷᠠᠯᠲᠠ ᠶᠢᠨ ᠬᠤᠭᠤᠴᠠᠭᠠᠨ ᠳᠠᠬᠢ ᠪᠣᠯᠪᠠᠰᠣᠷᠠᠯ ᠤᠨ ᠪᠠᠶᠢᠭᠤᠯᠣᠮᠵᠢ ᠶᠢ ᠴᠡᠭᠴᠡᠯᠡᠬᠦ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠪᠣᠶ᠃     ᠲᠤᠰᠬᠠᠶ ᠠᠵᠢᠯᠯᠠᠭ᠎ᠠ ᠨᠢ ᠭᠤᠤᠯᠳᠠᠭᠤ ᠣᠳᠣᠬᠠᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠣᠮᠵᠢ ᠶᠢ ᠴᠡᠭᠴᠡᠯᠡᠬᠦ ᠳᠤᠮᠳᠠ ᠣᠷᠣᠰᠢᠵᠤ ᠪᠠᠶᠢᠭ᠎ᠠ ᠭᠤᠷᠪᠠᠨ ᠲᠠᠯ᠎ᠠ ᠶᠢᠨ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠨ᠎ᠡ᠃ ᠨᠢᠭᠡ ᠳᠤ᠂ ᠰᠢᠨᠵᠢᠯᠡᠭᠡᠨ ᠤ ᠰᠠᠯᠠᠭ᠎ᠠ ᠶᠢᠨ ᠲᠥᠷᠥᠯ ᠤᠨ ᠪᠣᠯᠪᠠᠰᠤᠷᠠᠯ ᠤᠨ ᠪᠠᠶᠢᠭᠤᠯᠣᠮᠵᠢ ᠶᠢᠨ ᠬᠡᠯᠪᠡᠷᠢ ᠪᠠᠨ ᠬᠤᠪᠢᠷᠠᠭᠤᠯᠣᠨ ᠬᠢᠴᠢᠶᠠᠯ ᠨᠦᠬᠦᠬᠦ ᠠᠵᠢᠯᠯᠠᠭ᠎ᠠ ᠶᠢ ᠪᠠᠶᠢᠴᠠᠭᠠᠨ᠂ ᠢᠯᠡᠷᠡᠬᠦᠯᠦᠭᠰᠡᠡ ᠠᠰᠠᠭᠤᠳᠠᠯ  ᠳᠤ ᠴᠢᠩᠭ᠎ᠠ ᠴᠣᠬᠢᠯᠲᠠ ᠥᠭᠭᠦᠨ᠎ᠡ᠃ ᠬᠤᠶᠠᠷ ᠲᠤ᠂ ᠰᠢᠨᠵᠢᠯᠡᠭᠡᠨ ᠤ ᠰᠠᠯᠠᠭᠠᠨ ᠤ ᠪᠤᠰᠤ ᠪᠣᠯᠪᠠᠰᠣᠷᠠᠯ ᠤᠨ ᠪᠠᠶᠢᠭᠤᠯᠣᠮᠵᠢ ᠶᠢᠨ ᠵᠣᠷᠢᠭᠤᠲᠠ ᠦᠨ᠎ᠡ ᠪᠠᠨ ᠥᠰᠬᠡᠬᠦ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠬᠠᠤᠯᠢ ᠲᠣᠭᠲᠠᠭᠠᠯ  ᠠᠴᠠ ᠵᠥᠷᠢᠴᠡᠨ ᠰᠦᠢᠳᠭᠡᠯ ᠬᠤᠷᠢᠶᠠᠬᠤ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ ᠭᠤᠷᠪᠠ ᠳᠤ᠂ ᠣᠯᠠᠨ ᠲᠦᠮᠡᠨ ᠤ ᠲᠣᠰᠢᠶᠠᠭᠰᠠᠨ ᠰᠦᠢᠳᠭᠡᠯ ᠢᠶᠠᠨ ᠪᠣᠴᠠᠭᠠᠵᠦ ᠠᠪᠬᠤ ᠳᠤ ᠬᠦᠴᠢᠷᠳᠡᠵᠦ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠰᠣᠷᠣᠭᠴᠢ ᠵᠢᠴᠢ ᠬᠡᠷ ᠤᠨ ᠠᠬᠠᠮᠠᠳ ᠤᠨ ᠲᠣᠰᠢᠶᠠᠭᠰᠠᠨ ᠰᠦᠢᠳᠭᠡᠯ ᠢᠶᠠᠨ ᠪᠣᠴᠠᠭᠠᠵᠦ ᠠᠪᠬᠤ ᠬᠦᠰᠡᠯ ᠱᠠᠭᠠᠷᠳᠠᠯᠭ᠎ᠠ ᠶᠢ ᠴᠠᠭ ᠲᠣᠬᠠᠢ ᠳᠤᠨᠢ ᠰᠢᠢᠳᠪᠦᠷᠢᠯᠡᠨ᠂ ᠪᠣᠯᠪᠠᠰᠤᠷᠠᠯ ᠤᠨ ᠪᠠᠶᠢᠭᠤᠯᠤᠮᠵᠢ ᠶᠢᠨ ᠤᠷᠢᠳᠴᠢᠯᠠᠨ ᠰᠦᠢᠳᠬᠡᠯ ᠬᠤᠷᠢᠶᠠᠬᠤ ᠠᠵᠢᠯᠯᠠᠭ᠎ᠠ ᠶᠢ ᠴᠢᠩᠭ᠎ᠠ ᠬᠢᠨᠠᠠ ᠬᠠᠮᠢᠶᠠᠷᠤᠨ᠎ᠠ᠃ ᠲᠣᠰᠬᠠᠢ ᠠᠵᠢᠯᠯᠠᠭ᠎ᠠ ᠳᠤ ᠪᠠᠰᠠ ᠡᠯ᠎ᠡ ᠭᠠᠵᠠᠷ ᠤᠨ ᠬᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠠᠵᠢᠯᠲᠠᠨ ᠪᠠ ᠪᠣᠯᠪᠠᠰᠤᠷᠠᠯ ᠤᠨ ᠮᠠᠲ᠋ᠧᠷᠢᠶᠠᠯ ᠤᠨ ᠬᠠᠮᠢᠶᠠᠷᠤᠯᠲᠠ ᠶᠢ ᠵᠡᠷᠭᠡᠪᠡᠷ ᠴᠢᠩᠭᠠᠳᠬᠠᠵᠤ᠂ ᠪᠣᠯᠪᠠᠰᠤᠷᠠᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠪᠠᠶᠢᠴᠠᠭᠠᠯᠲᠠ ᠪᠠ ᠲᠣᠭᠲᠠᠭᠠᠯ ᠠᠴᠠ ᠵᠦᠷᠢᠴᠠᠨ ᠤᠷᠤᠯᠳᠤᠭᠠᠨ ᠡᠷᠬᠢᠯᠡᠬᠦ ᠶᠢ ᠪᠠᠶᠢᠴᠠᠭᠠᠨ ᠰᠢᠢᠳᠪᠤᠷᠢᠯᠡᠨ᠎ᠠ᠃
 
ᠢᠷᠡᠯᠲᠡ᠄ ᠦᠪᠣᠷ ᠮᠣᠩᠭᠤᠯ ᠤᠨ ᠮᠣᠩᠭᠤᠯ ᠷᠠᠳᠢᠣ᠋
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号