ᠨᠠᠮ ᠤᠨ ᠲᠥᠪ ᠬᠤᠷᠢᠶᠠᠨ ᠤ ᠤᠯᠣᠰ ᠲᠦᠷᠦ ᠶᠢᠨ ᠲᠣᠪᠴᠢᠶᠠᠨ ᠤ ᠬᠤᠷᠠᠯ ᠠᠴᠠ ᠳᠤᠮᠳᠠᠳᠤ ᠣᠯᠣᠰ ᠤᠨ ᠡᠪ ᠬᠠᠮᠳᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ 10 ᠰᠠᠷ᠎ᠠ ᠶᠢᠨ16 ᠤ ᠡᠳᠦᠷ ᠪᠡᠭᠡᠵᠢᠩ ᠳᠤ ᠬᠤᠷᠠᠯᠳᠤᠭᠤᠯᠬᠤ ᠰᠠᠨᠠᠭᠤᠯᠭ᠎ᠠ ᠳᠤᠷᠠᠳᠤᠨ᠎ᠠ ᠭᠡᠵᠦ ᠳᠤᠭᠳᠠᠪᠠ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ ᠰᠢ ᠶᠢᠨ ᠫᠢᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2022/9/1
   ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 8 ᠰᠠᠷ᠎ᠠ ᠶᠢᠨ 30 ᠤ ᠡᠳᠦᠷ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠭᠡᠯ ᠠᠵᠢᠯ ᠢ ᠰᠤᠳᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠠᠢ᠃

   ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ

ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠢ 2022 ᠣᠨ ᠤ 10 ᠰᠠᠷ᠎ᠠ ᠶᠢᠨ 9 ᠤ ᠡᠳᠦᠷ ᠪᠡᠭᠡᠵᠢᠩ ᠳᠤ

ᠬᠤᠷᠠᠯᠳᠤᠭᠤᠯᠤᠨ᠎ᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠴᠠ ᠨᠠᠮ ᠤᠨ ᠠᠷᠪᠠ ᠶᠢᠰᠦᠳᠦᠭᠡᠷ

ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠬᠦᠳᠠ ᠬᠤᠷᠠᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ

ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ 2022 ᠣᠨ ᠤ 10 ᠰᠠᠷ᠎ᠠ ᠶᠢᠨ

16 ᠤ ᠡᠳᠦᠷ ᠪᠡᠭᠡᠵᠢᠩ ᠳᠤ ᠬᠤᠷᠠᠯᠳᠤᠭᠤᠯᠬᠤ ᠰᠠᠨᠠᠭᠤᠯᠭ᠎ᠠ ᠳᠤᠷᠠᠳᠬᠤ ᠪᠠᠷ ᠲᠤᠭᠳᠠᠵᠠᠢ᠃

   ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ

ᠲᠥᠯᠥᠭᠡᠯᠡᠭᠴᠢᠳ ᠤᠨ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ

ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠠᠭᠠᠨ ᠮᠣᠷᠳᠠᠵᠤ

᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠦᠶ᠎ᠡ ᠳᠤ

ᠬᠤᠷᠠᠯᠳᠤᠬᠤ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠶᠡᠭᠡ ᠬᠤᠷᠠᠯ ᠪᠣᠯᠤᠨ᠎ᠠ᠃ ᠶᠡᠭᠡ ᠬᠤᠷᠠᠯ ᠠᠴᠠ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠮᠠᠷᠺᠰ ᠯᠧᠨᠢᠨ ᠤ

ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾

ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠳᠠᠯᠠᠵᠤ᠂ ᠰᠢ ᠶᠢᠨ ᠫᠢᠩ ᠤᠨ

ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ

ᠲᠠᠯ᠎ᠠ ᠪᠠᠷ ᠲᠤᠭᠤᠰᠢᠯᠠᠭᠤᠯᠵᠤ᠂ ᠥᠩᠭᠡᠷᠡᠭᠰᠡᠨ 5 ᠵᠢᠯ ᠤᠨ ᠠᠵᠢᠯ ᠢᠶᠠᠨ ᠨᠠᠷᠢᠨ ᠬᠢᠨᠠᠮᠠᠭᠠᠶ ᠳ᠋ᠦᠩᠨᠡᠵᠤ᠂ ᠰᠢᠨ᠎ᠡ ᠴᠠᠭ

ᠦᠶ᠎ᠡ ᠳᠤ ᠤᠷᠤᠭᠰᠠᠨ ᠠᠴᠠ ᠨᠠᠭᠠᠰᠢᠬᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠪᠥᠬᠦ

ᠨᠠᠮ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ

ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠦᠭᠡᠳ ᠣᠯᠤᠭᠰᠠᠨ ᠴᠢᠬᠤᠯᠠ ᠶᠡᠭᠡ ᠠᠮᠵᠢᠯᠲᠠ

ᠪᠦᠲᠦᠮᠵᠢ ᠪᠠ ᠡᠷᠬᠢᠮ ᠨᠠᠨᠳᠢᠨ ᠲᠤᠷᠰᠢᠯᠭ᠎ᠠ ᠶᠢ ᠪᠥᠬᠦ ᠲᠠᠯ᠎ᠠ ᠪᠠᠷ ᠳ᠋ᠦᠩᠨᠡᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ

ᠪᠠᠶᠢᠳᠠᠯ ᠢ ᠭᠦᠨᠵᠡᠭᠡᠶ ᠵᠠᠳᠠᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠪᠣᠯᠤᠨ ᠤᠯᠤᠰ ᠤᠨ ᠠᠵᠢᠯ ᠦᠢᠯᠡᠰ ᠤᠨ

ᠬᠥᠭᠵᠢᠯᠲᠡ ᠶᠢᠨ ᠰᠢᠨ᠎ᠡ ᠱᠠᠭᠠᠷᠳᠠᠯᠭ᠎ᠠ᠂ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠢ ᠪᠦᠬᠦ ᠲᠠᠯ᠎ᠠ ᠪᠠᠷ ᠡᠵᠡᠮᠳᠡᠵᠤ᠂

ᠠᠵᠢᠯᠯᠠᠭᠠᠨ ᠤ ᠬᠥᠲᠥᠯᠪᠦᠷᠢ ᠪᠠ ᠦᠨᠳᠦᠰᠦᠨ ᠪᠣᠳᠣᠯᠭ᠎ᠠ ᠴᠢᠭᠯᠡᠯᠲᠡ ᠶᠢ ᠲᠣᠭᠲᠠᠭᠠᠵᠤ᠂ ᠪᠦᠬᠦ ᠨᠠᠮ ᠪᠦᠬᠦ ᠤᠯᠤᠰ ᠤᠨ

ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠶᠢᠴᠢᠯᠠᠨ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ

ᠰᠠᠨᠠᠭᠠᠴᠢᠯᠠᠭᠠᠲᠤ ᠴᠢᠨᠠᠷ ᠢ ᠴᠢᠩᠭᠠᠳᠬᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠤ ᠡᠷᠡᠯᠬᠡᠭ ᠢᠶᠠᠷ

ᠤᠷᠤᠭᠰᠢᠯᠠᠵᠤ᠂ ᠦᠷᠭᠦᠯᠵᠢᠯᠡᠨ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ

ᠲᠥᠯᠥᠪᠵᠢᠭᠦᠯᠦᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ

ᠵᠣᠬᠢᠴᠠᠭᠤᠯᠤᠨ ᠠᠬᠢᠭᠤᠯᠵᠤ᠂ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠦᠷᠭᠦᠯᠵᠢᠯᠡᠨ ᠯᠠᠪᠳᠠᠭᠤᠨ ᠪᠠᠲᠤᠲᠠᠶ

ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ ᠦᠷᠭᠦᠯᠵᠢᠯᠡᠨ ᠬᠦᠴᠦᠲᠡᠢ ᠠᠬᠢᠭᠤᠯᠵᠤ

᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠦᠷᠭᠦᠯᠵᠢᠯᠡᠨ ᠢᠳᠡᠪᠬᠢᠲᠡᠢ

ᠠᠬᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ

ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ

ᠲᠡᠮᠡᠴᠡᠨ᠎ᠠ ᠭᠡᠵᠦ ᠴᠢᠬᠤᠯᠠᠴᠢᠯᠠᠪᠠ᠃

   ᠶᠡᠭᠡ ᠬᠤᠷᠠᠯ ᠠᠴᠠ ᠰᠢᠨ᠎ᠡ ᠨᠢᠭᠡ ᠬᠤᠭᠤᠴᠠᠭᠠᠨ ᠤ ᠲᠥᠪ ᠬᠤᠷᠢᠶ᠎ᠠ ᠪᠣᠯᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ

ᠬᠤᠷᠢᠶ᠎ᠠ ᠶᠢ ᠰᠣᠩᠭᠤᠨ ᠭᠠᠷᠭᠠᠨ᠎ᠠ᠃

   ᠬᠤᠷᠠᠯ ᠠᠴᠠ᠂ ᠣᠳᠣᠬᠠᠨ ᠳᠤ ᠶᠡᠭᠡ ᠬᠤᠷᠠᠯ ᠤᠨ ᠡᠯ᠎ᠡ ᠵᠦᠢᠯ ᠤᠨ ᠪᠡᠯᠡᠳᠭᠡᠯ ᠠᠵᠢᠯ ᠤᠷᠤᠭᠰᠢᠲᠠᠢ ᠶᠠᠪᠤᠭᠳᠠᠵᠤ

ᠪᠠᠶᠢᠨ᠎ᠠ᠂ ᠶᠡᠭᠡ ᠬᠤᠷᠠᠯ ᠤᠨ ᠪᠡᠯᠡᠳᠭᠡᠯ ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠶᠡᠭᠡ

ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃

   ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃

 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号