ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠡᠶᠢᠲᠡᠯᠡᠭᠰᠡᠨ ︽2022 ᠣᠨ ᠤ ᠳᠡᠯᠡᠬᠡᠶ ᠶᠢᠨ | ᠬᠥᠮᠦᠨ ᠠᠮᠠ ᠶᠢᠨ ᠪᠠᠷᠠᠭᠠᠯᠠᠯ︾ ᠭᠡᠰᠡᠨ ᠮᠡᠳᠡᠭᠦᠯᠦᠯᠲᠡ ᠳᠤ᠂ ᠡᠨᠡ ᠵᠢᠯ ᠤᠨ 11 ᠳ᠋ᠦ᠋ᠭᠡᠷ ᠰᠠᠷ᠎ᠠ ᠶᠢᠨ 15 ᠤ | ᠡᠳᠦᠷ ᠳᠡᠯᠡᠬᠡᠶ ᠶᠢᠨ ᠬᠥᠮᠦᠨ ᠠᠮᠠ 80 ᠳ᠋ᠦᠩᠰᠢᠭᠤᠷ ᠢ ᠳᠠᠪᠠᠭ᠋ᠤ ᠪᠣᠯᠣᠨ᠎ᠠ ᠭᠡᠵᠤ ᠵᠢᠱᠢᠭᠰᠡᠨ ᠪᠠᠶᠢᠨ᠎ᠠ᠃ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠡᠭᠦᠯ ᠤᠨ ᠦᠶ᠎ᠡ ᠶᠢᠨ ᠵᠢᠱᠢᠯᠲᠡ ᠪᠠᠷ᠂ ᠳᠡᠯᠡᠬᠡᠢ ᠶᠢᠨ ᠬᠥᠮᠦᠨ ᠠᠮᠠ | 2030 ᠣᠨ ᠪᠠ 2050 ᠣᠨ ᠪᠣᠯᠬᠤ ᠳᠤ ᠲᠤᠰ ᠲᠤᠰ ᠨᠡᠮᠡᠭᠳᠡᠵᠦ 85 ᠳ᠋ᠦᠩᠰᠢᠭᠤᠷ ᠰᠢᠬᠠᠮ ᠪᠠ 97 | ᠳ᠋ᠦᠩᠰᠢᠭᠤᠷ ᠰᠢᠬᠠᠮ ᠪᠣᠯᠵᠤ᠂ ᠲᠤᠰ ᠵᠠᠭᠤᠨ ᠤ ᠨᠠᠶᠠᠭᠠᠳ ᠣᠨ ᠪᠣᠯᠬᠤ ᠳᠤ ᠨᠡᠮᠡᠭᠳᠡᠭᠡᠳ 104 ᠳ᠋ᠦᠩᠰᠢᠭᠤᠷ | ᠰᠢᠬᠠᠮ ᠪᠣᠯᠵᠤ ᠣᠷᠭᠢᠯ ᠳᠠᠭᠠᠨ ᠬᠦᠷᠬᠦ ᠪᠥᠭᠡᠳ ᠲᠤᠰ ᠵᠠᠭᠤᠨ ᠤ ᠰᠡᠭᠦᠯᠴᠢ ᠪᠣᠯᠲᠠᠯ᠎ᠠ ᠡᠨᠡ ᠲᠦᠪᠰᠢᠨ ᠢᠶᠠᠨ | ᠪᠠᠲᠤᠯᠠᠬᠤ ᠪᠣᠯᠣᠨ᠎ᠠ᠃ | ᠮᠡᠳᠡᠭᠦᠯᠦᠯᠲᠡ ᠳᠤ ᠵᠢᠱᠢᠭᠰᠡᠨ ᠢᠶᠠᠷ᠂ ᠪᠥᠬᠦ ᠳᠡᠯᠡᠬᠡᠶ ᠶᠢᠨ 65 ᠨᠠᠰᠤ ᠪᠠ ᠲᠡᠭᠦᠨ ᠠᠴᠠ ᠳᠡᠭᠡᠭᠰᠢ ᠨᠠᠰᠤᠨ ᠤ | ᠬᠥᠮᠦᠨ ᠠᠮᠠ ᠶᠢᠨ ᠡᠵᠡᠯᠡᠬᠦ ᠬᠠᠷᠢᠴᠠᠯ 2022 ᠣᠨ ᠳᠤ 10% ᠪᠠᠶᠢᠭᠰᠠᠨ ᠠᠴᠠ ᠪᠠᠨ 2050 ᠣᠨ | ᠪᠣᠯᠬᠤ ᠳᠤ ᠨᠡᠮᠡᠭᠳᠡᠭᠡᠳ 16% ᠳᠤ ᠬᠦᠷᠦᠨ᠎ᠡ᠃ ᠲᠤᠬᠠᠢ ᠶᠢᠨ ᠦᠶ᠎ᠡ ᠳᠤ ᠪᠥᠬᠦ ᠳᠡᠯᠡᠬᠡᠶ ᠶᠢᠨ 65 ᠨᠠᠰᠤ ᠪᠠ | ᠲᠡᠭᠦᠨ ᠠᠴᠠ ᠳᠡᠭᠡᠭᠰᠢ ᠨᠠᠰᠤᠨ ᠤ ᠬᠦᠮᠦᠨ ᠠᠮᠠ ᠶᠢᠨ ᠲᠤᠭ᠎ᠠ 5 ᠠᠴᠠ ᠳᠣᠷᠣᠭᠰᠢ ᠨᠠᠰᠤᠨ ᠤ ᠬᠡᠦᠬᠡᠳ ᠤᠳ ᠠᠴᠠ | ᠬᠤᠶᠠᠷ ᠳᠠᠬᠢᠨ ᠢᠯᠡᠭᠦᠦ ᠪᠣᠯᠬᠤ ᠪᠥᠭᠡᠳ 12 ᠠᠴᠠ ᠳᠣᠷᠣᠭᠰᠢ ᠨᠠᠰᠤᠨ ᠤ ᠬᠡᠦᠬᠡᠳ ᠤᠳ ᠲᠠᠢ ᠶᠡᠭᠡ ᠲᠥᠯᠥᠪ | ᠲᠡᠩᠴᠡᠬᠦ ᠪᠣᠯᠤᠨ᠎ᠠ᠃ ᠮᠡᠳᠡᠭᠦᠯᠦᠯᠲᠡ ᠳᠤ ᠵᠢᠱᠢᠬᠦ ᠳᠡᠭᠡᠨ᠂ 2050 ᠣᠨ ᠪᠣᠯᠬᠤ ᠳᠤ ᠪᠥᠬᠦ ᠳᠡᠯᠡᠬᠡᠶ ᠶᠢᠨ ᠬᠥᠮᠦᠨ | ᠠᠮᠠ ᠶᠢᠨ ᠳᠤᠮᠳᠠᠴᠢ ᠨᠠᠰᠤᠨ ᠬᠤᠲᠤᠭ 77.2 ᠨᠠᠰᠤᠨ ᠳᠤ ᠬᠥᠷᠬᠦ ᠪᠣᠯᠤᠨ᠎ᠠ ᠭᠡᠵᠡᠢ᠃ | | | |