ᠴᠢᠶᠣᠤ ᠵᠢᠶᠠᠨ ᠴᠢᠶᠠᠩ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ᠂ ᠵᠠᠮ ᠬᠠᠷᠢᠯᠴᠠᠭᠠᠨ ᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠬᠤ ᠶᠢᠨ ᠬᠠᠮᠲᠦ ᠬᠢᠵᠢᠭ‌ᠢ ᠰᠡᠷᠭᠡᠶᠢᠯᠡᠬᠦ ᠨᠢᠭᠡᠳᠦᠭᠡᠷ ᠹᠷᠣᠨᠲ ᠤᠨ ᠬᠥᠮᠥᠰ ᠢ ᠪᠤᠯᠭᠤᠭᠠᠨ ᠲᠣᠬᠤᠨᠢᠭᠤᠯᠤᠬᠰᠡᠨ
ᠨᠡᠶᠢᠲᠡᠯᠡᠭᠰᠡᠨ ᠴᠠᠭ᠄
2022/9/15
                           ᠰᠣᠷᠪᠣᠯᠵᠢᠯᠠᠬᠴᠢ᠄ ᠬᠤᠷᠸ᠎ᠠ ᠯᠢ ᠰᠢᠨ ᠣᠣ  ᠣᠳᠣᠷᠢᠳᠬᠠᠯ᠄ 9. 10᠎ ᠤ ᠡᠳᠦᠷ᠂ ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠵᠥᠪᠯᠡᠯ ᠤᠨ ᠱᠦᠵᠢ ᠴᠢᠶᠣᠤ ᠵᠢᠶᠠᠨ ᠴᠢᠶᠠᠩ ᠲᠥᠪᠯᠡᠷᠡᠭᠦᠯᠦᠨ ᠲᠤᠰᠠᠭᠠᠷᠯᠠᠬᠤ ᠴᠡᠭ᠂ ᠵᠠᠮ ᠬᠠᠷᠢᠯᠴᠠᠭᠠᠨ ᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠬᠤ ᠶᠢᠨ ᠬᠠᠮᠲᠤ ᠡᠮᠦᠨ᠎ᠡ ᠹᠷᠣᠨᠲ ᠲᠤ ᠠᠵᠢᠯᠯᠠᠵᠦ ᠪᠠᠶᠢᠭ᠎ᠠ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠨ᠂ ᠴᠢᠬᠤᠯᠴᠢᠯᠠᠬᠤ ᠳᠠᠭᠠᠨ᠂ ᠤᠯᠤᠰ ᠲᠥᠷᠥ ᠶᠢᠨ ᠵᠣᠬᠰᠣᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠠᠭᠠᠨ ᠳᠠᠪᠲᠠᠮᠵᠢ ᠪᠠᠷ ᠲᠣᠬᠢᠷᠠᠭᠤᠯᠬᠤ ᠬᠤᠷᠠᠯ ᠤᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠥᠬᠦᠴᠡᠯ ᠦᠭᠡᠢ᠂ ᠤᠴᠢᠷ ᠰᠢᠯᠲᠠᠭᠠᠨ ᠦᠭᠡᠢ᠂ ᠦᠷᠭᠦᠯᠵᠢᠯᠡᠨ ᠪᠠᠶᠢᠯᠳᠤᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠦ ᠰᠡᠳᠬᠢᠯᠭᠡ ᠪᠠ ᠴᠢᠨᠠᠷ ᠰᠠᠶᠢᠲᠠᠢ ᠭᠦᠢᠴᠡᠳᠬᠡᠬᠦ ᠬᠦᠴᠦᠨ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠠᠬᠢᠵᠢᠭᠦᠯᠦᠨ᠂ ᠣᠯᠠᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠠᠲᠤᠯᠠᠬᠤ ᠬᠡᠷᠡᠭᠲᠡᠢ ᠭᠡᠰᠡᠨ ᠪᠠᠶᠢᠨ᠎ᠠ᠃ ᠬᠠᠮᠢᠶᠠᠷᠤᠯᠲᠠ ᠶᠢᠨ ᠣᠷᠣᠨ ᠤ ᠨᠠᠮ ᠵᠠᠰᠠᠭ ᠤᠨ ᠬᠠᠮᠢᠶ᠎ᠠ ᠪᠦᠬᠦᠢ ᠤᠳᠤᠷᠢᠳᠤᠯᠭ᠎ᠠ ᠪᠠᠷ᠎ᠠ ᠪᠤᠯᠤᠬᠰᠡᠨ ᠪᠠᠶᠢᠨ᠎ᠠ᠃    ᠮᠡᠳᠡᠭᠡ᠄ ᠡᠯ᠎ᠡ ᠲᠥᠪᠯᠡᠷᠡᠭᠦᠯᠦᠨ ᠲᠤᠰᠠᠭᠠᠷᠯᠠᠬᠤ ᠴᠡᠭ ᠲᠤ᠂ ᠴᠢᠶᠣᠤ ᠵᠢᠶᠠᠨ ᠴᠢᠶᠠᠩ ᠲᠤᠰᠠᠭᠠᠷᠯᠠᠬᠤ ᠲᠠᠯᠠᠪᠤᠷ ᠤᠨ ᠠᠵᠢᠯᠲᠠᠨ ᠤ ᠲᠣᠬᠢᠷᠠᠭᠤᠯᠤᠯᠲᠠ᠂ ᠠᠵᠢᠯ ᠤᠨ ᠶᠠᠪᠤᠴᠠ ᠵᠢᠴᠢ ᠲᠤᠰᠠᠭᠠᠷᠯᠠᠬᠤ ᠬᠥᠮᠥᠰ ᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠤᠬᠠᠢ ᠶᠢᠨ ᠲᠠᠯᠠᠪᠤᠷ ᠲᠤ ᠶᠠᠪᠤᠴᠠ ᠶᠢ ᠵᠢᠯᠣᠭᠤᠳᠤᠨ ᠰᠢᠯᠢᠳᠡᠭᠵᠢᠭᠦᠯᠵᠦ᠂ ᠲᠡᠮᠳᠡᠭᠯᠡᠯ ᠢ ᠲᠡᠭᠦᠯᠳᠡᠷᠵᠢᠭᠦᠯᠦᠨ᠂ ᠬᠦᠴᠢᠷᠳᠡᠯ ᠢ ᠨᠢ ᠰᠢᠢᠳᠪᠦᠷᠢᠯᠡᠭᠰᠡᠨ ᠪᠠᠶᠢᠨ᠎ᠠ᠃ ᠭᠤᠷᠪᠠᠨ ᠭᠠᠵᠠᠷ ᠤᠨ ᠵᠠᠮ ᠬᠠᠷᠢᠯᠴᠠᠭᠠᠨ ᠤ ᠣᠷᠣᠴᠠᠨ ᠳᠡᠭᠡᠷ᠎ᠡ ᠨᠠᠰᠢ ᠴᠠᠰᠢ ᠥᠩᠭᠡᠷᠡᠬᠦ ᠲᠡᠷᠭᠡ ᠤᠨᠤᠭ᠎ᠠ᠂ ᠬᠥᠮᠥᠰ ᠤᠨ ᠳᠠᠩᠰᠠᠯᠠᠨ ᠪᠠᠶᠢᠴᠠᠭᠠᠬᠰᠡᠨ ᠪᠠ ᠪᠥᠭᠡᠮ ᠬᠦᠴᠢᠯ ᠤᠨ ᠪᠠᠶᠢᠴᠠᠭᠠᠯᠲᠠ ᠬᠢᠭᠰᠡᠨ ᠵᠡᠷᠭᠡ ᠪᠠᠶᠢᠳᠠᠯ ᠢ ᠪᠠᠶᠢᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠠᠵᠢᠯᠲᠠᠨ ᠤ ᠠᠵᠢᠯ  ᠳᠤ ᠭᠦᠢᠴᠡᠳ ᠨᠤᠲᠠᠯᠠᠯᠲᠠ ᠥᠭᠴᠠᠢ᠃

   ᠴᠢᠶᠣᠤ ᠵᠢᠶᠠᠨ ᠴᠢᠶᠠᠩ ᠴᠢᠬᠤᠯᠴᠢᠯᠠᠬᠤ ᠳᠠᠭᠠᠨ᠂ ᠲᠥᠪᠯᠡᠷᠡᠭᠦᠯᠦᠨ ᠲᠤᠰᠠᠭᠠᠷᠯᠠᠬᠤ ᠪᠣᠯ ᠬᠢᠵᠢᠭ ᠤᠨ ᠪᠠᠶᠢᠳᠠᠯ

᠎ ᠢ ᠰᠡᠷᠭᠡᠶᠢᠯᠡᠨ ᠡᠵᠡᠮᠳᠡᠬᠦ ᠠᠵᠢᠯ ᠤᠨ ᠵᠠᠩᠭᠢᠯᠠᠭ᠎ᠠ ᠶᠢᠨ ᠭᠤᠭᠴᠤᠭ᠎ᠠ ᠮᠥᠨ᠃ ᠬᠥᠮᠥᠨ ᠨᠢᠭᠡᠪᠦᠷᠢ ᠴᠥᠮ ᠬᠢᠵᠢᠭ ᠢ

ᠡᠰᠡᠷᠭᠦᠴᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠪᠣᠯᠬᠤ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ︿︿

ᠨᠢᠭᠡ ᠶᠢ ᠠᠯᠳᠠᠪᠠᠯ ᠲᠦᠮᠡ ᠶᠢ ᠠᠯᠳᠠᠬᠤ﹀﹀ ᠳᠡᠭᠡᠳᠦ ᠬᠡᠮᠵᠢᠶᠡᠨ ᠤ ᠰᠡᠷᠡᠮᠵᠢ ᠪᠠᠷ ᠲᠤᠰᠠᠭᠠᠷᠯᠠᠬᠤ ᠲᠠᠯᠠᠪᠤᠷ ᠤᠨ

ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ︿︿ᠨᠢᠭᠡ ᠶᠢ ᠴᠦ ᠠᠯᠳᠠᠬᠤ ᠦᠭᠡᠢ﹀﹀ ᠪᠠᠶᠢᠬᠤ ᠶᠢ ᠦᠨᠡᠨ ᠬᠦ

ᠪᠠᠲᠤᠯᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠦᠬᠦ ᠬᠡᠯᠬᠢᠶ᠎ᠡ ᠪᠠᠷ᠂ ᠥᠨᠴᠥᠭ

ᠪᠤᠯᠤᠩ ᠦᠯᠡᠳᠡᠭᠡᠬᠦ ᠦᠭᠡᠢ᠂ ᠲᠤᠰᠠᠭᠠᠷᠯᠠᠬᠤ ᠴᠡᠭ ᠤᠨ ᠬᠠᠮᠢᠶᠠᠷᠤᠯᠲᠠ ᠶᠢ ᠵᠢᠷᠤᠮᠵᠢᠭᠤᠯᠤᠨ ᠰᠠᠶᠢᠲᠤᠷ ᠠᠳᠬᠤᠵᠤ᠂

ᠰᠣᠯᠪᠢᠴᠠᠨ ᠬᠠᠯᠳᠠᠪᠤᠷᠢᠯᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠤᠬᠠᠭᠤᠯᠤᠨ ᠨᠡᠪᠲᠡᠷᠡᠯᠴᠡᠬᠦ ᠶᠢ ᠴᠢᠬᠤᠯᠠᠴᠢᠯᠠᠵᠤ᠂

ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠪᠣᠯᠣᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠢ ᠶᠠᠷᠢᠵᠤ

᠂ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠪᠣᠯᠣᠨ ᠰᠤᠷᠤᠯᠴᠠᠬᠤ ᠨᠥᠬᠦᠴᠡᠯ ᠢ ᠡᠭᠦᠳᠴᠦ᠂

ᠡᠷᠴᠢᠮ ᠲᠠᠢ ᠪᠥᠭᠡᠳ ᠬᠠᠯᠠᠮᠵᠢ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠰᠡᠨ ᠪᠠᠶᠢᠨ᠎ᠠ᠃

  ᠵᠠᠮ ᠬᠠᠷᠢᠯᠴᠠᠭᠠᠨ ᠤ ᠣᠷᠣᠴᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︿︿ᠭᠠᠳᠠᠨ᠎ᠠ ᠠᠴᠠ ᠣᠷᠣᠵᠦ

ᠢᠷᠡᠬᠦ ᠶᠢ ᠰᠡᠷᠭᠡᠶᠢᠯᠡᠬᠦ﹀﹀ ︿︿ᠨᠢᠭᠡᠳᠦᠭᠡᠷ ᠰᠡᠷᠭᠡᠶᠢᠯᠡᠯᠲᠡ ᠶᠢᠨ ᠱᠤᠭᠤᠮ﹀﹀ ᠪᠣᠯᠣᠨ᠎ᠠ᠃ ᠴᠢᠶᠣᠤ ᠵᠢᠶᠠᠨ ᠴᠢᠶᠠᠩ

ᠱᠠᠭᠠᠷᠳᠠᠬᠤ ᠳᠠᠭᠠᠨ᠂ ᠡᠯ᠎ᠡ ᠵᠠᠮ ᠬᠠᠷᠢᠯᠴᠠᠭᠠᠨ ᠤ ᠣᠷᠣᠴᠠ ᠨᠢ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ

ᠡᠵᠡᠮᠳᠡᠬᠦ ᠵᠢᠯᠤᠭᠤᠳᠬᠤ ᠭᠠᠵᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠥᠭᠡᠮ ᠬᠦᠴᠢᠯ ᠤᠨ ᠪᠠᠶᠢᠴᠠᠭᠠᠨ

ᠬᠡᠮᠵᠢᠯᠲᠡ᠂ ᠮᠡᠳᠡᠭᠡ ᠵᠠᠩᠭᠢ ᠶᠢ ᠪᠠᠶᠢᠴᠠᠭᠠᠨ ᠰᠢᠯᠭᠠᠵᠤ ᠳᠠᠩᠰᠠᠯᠠᠬᠤ ᠵᠡᠷᠭᠡ ᠠᠵᠢᠯ ᠢ ᠵᠢᠷᠤᠮᠵᠢᠭᠤᠯᠤᠨ ᠬᠡᠷᠡᠭᠵᠢᠭᠦᠯᠬᠦ

ᠬᠡᠷᠡᠭᠲᠡᠢ᠃ ︿︿ᠴᠡᠭ ᠤᠨ ᠳᠠᠷᠤᠭ᠎ᠠ﹀﹀᠎ ᠶᠢᠨ ᠬᠠᠷᠢᠭᠤᠴᠠᠯᠭ᠎ᠠ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂

ᠵᠢᠵᠢᠭᠦᠷᠯᠡᠨ ᠰᠠᠬᠢᠬᠤ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠪᠥᠭᠡᠮ ᠬᠦᠴᠢᠯ ᠤᠨ ᠪᠠᠶᠢᠴᠠᠭᠠᠨ

ᠬᠡᠮᠵᠢᠯᠲᠡ ᠶᠢ ᠲᠡᠷᠡ ᠳᠠᠷᠤᠢ ᠳᠤᠨᠢ ᠠᠪᠴᠤ ᠶᠠᠪᠤᠬᠤ ᠶᠢ ᠪᠠᠲᠤᠯᠠᠨ᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ

ᠬᠡᠷᠡᠭᠲᠡᠢ᠃ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠪᠠᠨ ᠴᠢᠩᠭᠠᠳᠬᠠᠵᠤ᠂ ᠠᠵᠢᠯᠯᠠᠬᠤ ᠶᠠᠪᠤᠴᠠ ᠶᠢ

ᠴᠢᠩᠭ᠎ᠠ ᠵᠢᠷᠤᠮᠵᠢᠭᠤᠯᠵᠤ᠂ ᠨᠢᠭᠡᠳᠦᠭᠡᠷ ᠹᠷᠣᠨᠲ ᠤᠨ ᠬᠢᠵᠢᠭ ᠢ ᠰᠡᠷᠭᠡᠶᠢᠯᠡᠬᠦ ᠠᠵᠢᠯᠲᠠᠨ ᠤ ᠡᠷᠡᠭᠦᠯ ᠮᠡᠨᠳᠦ ᠪᠠ ᠠᠮᠤᠷ

ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠰᠡᠨ ᠪᠠᠶᠢᠨ᠎ᠠ᠃

   ᠬᠠᠮᠢᠶᠠᠷᠤᠯᠲᠠ ᠶᠢᠨ ᠣᠷᠣᠨ ᠤ ᠨᠠᠮ ᠵᠠᠰᠠᠭ ᠤᠨ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ

ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ

ᠬᠠᠷᠢᠭᠤᠴᠠᠯᠭᠠᠲᠠᠨ ᠪᠠᠷ᠎ᠠ ᠪᠣᠯᠣᠬᠰᠡᠨ ᠪᠠᠶᠢᠨ᠎ᠠ᠃

 
ᠢᠷᠡᠯᠲᠡ᠄ ᠣᠯᠠᠭᠠᠢ ᠬᠠᠮᠢᠶᠠᠷᠤᠯᠲᠠ ᠶᠢᠨ ᠣᠷᠣᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号