ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠵᠥᠪᠯᠡᠯ ᠤᠨ ᠱᠦᠵᠢ᠂ ᠶᠡᠷᠦᠩᠬᠡᠢ ᠨᠠᠭᠤᠷ ᠭᠤᠣᠯ ‍ᠤᠨ‌‍ᠲ᠋ᠠᠷᠤᠭ᠎ᠠ ᠴᠢᠶᠣᠤ ᠵᠢᠶᠠᠨ ᠴᠢᠶᠠᠩ ᠬᠠᠷᠢᠶᠠᠨ ᠳᠠᠬᠢ ᠨᠠᠭᠤᠷ ᠭᠤᠣᠯ᠂ ᠤᠰᠤᠨ ᠴᠥᠭᠦᠷᠥᠮ ᠳᠤ ᠲᠣᠭᠤᠷᠢᠨ ᠪᠠᠶᠢᠴᠠᠭᠠᠯᠲᠠ‌‍ᠬᠢᠨ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2022/9/2
                  ᠰᠣᠷᠪᠣᠯᠵᠢᠯᠠᠬᠴᠢ᠄ ᠬᠤᠷᠸ᠎ᠠ ᠯᠢ ᠵᠢᠶᠠᠨ ᠸᠧᠢ    ᠣᠳᠣᠷᠢᠳᠬᠠᠯ᠄ ︿︿ᠨᠠᠭᠤᠷ ᠭᠤᠣᠯ ᠤᠨ ᠳᠠᠷᠤᠭ᠎ᠠ﹀﹀ ᠶᠢᠨ ᠲᠣᠭᠤᠷᠢᠨ ᠪᠠᠶᠢᠴᠠᠭᠠᠵᠤ ᠬᠠᠮᠢᠶᠠᠷᠬᠤ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠨᠠᠭᠤᠷ ᠭᠤᠣᠯ ᠤᠨ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠥᠯᠥᠭᠡ᠂ 8 . 30  ᠤ ᠡᠳᠦᠷ᠂ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠵᠥᠪᠯᠡᠯ ᠤᠨ ᠱᠦᠵᠢ᠂ ᠶᠡᠷᠦᠩᠬᠡᠢ ᠨᠠᠭᠤᠷ ᠭᠤᠣᠯ ᠤᠨ ᠳᠠᠷᠤᠭ᠎ᠠ ᠴᠢᠶᠣᠤ ᠵᠢᠶᠠᠨ ᠴᠢᠶᠠᠩ ᠤᠯᠭᠠᠢ ᠭᠤᠣᠯ᠂ ᠰᠧᠶᠡᠯᠴᠢᠨ ᠭᠤᠣᠯ᠂ ᠬᠡᠰᠡᠭ ᠠᠭᠤᠯᠠ ᠤᠰᠤᠨ ᠴᠥᠭᠦᠷᠥᠮ ᠵᠡᠷᠭᠡ ᠭᠠᠵᠠᠷ ᠢᠶᠠᠷ ᠭᠦᠨᠵᠡᠭᠡᠶᠢᠷᠡᠨ ᠲᠣᠭᠤᠷᠢᠨ ᠪᠠᠶᠢᠴᠠᠭᠠᠯᠲᠠ ᠬᠢᠨ ᠪᠠᠶᠢᠴᠠᠭᠠᠨ ᠰᠤᠳᠤᠯᠤᠯᠲᠠ ᠬᠢᠵᠦ᠂ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠳᠤᠭᠤᠶᠢᠯᠠᠩ ᠤᠨ ᠬᠡᠰᠢᠭᠦᠨ ᠰᠢᠶᠧ ᠬᠠᠢ ᠶᠢᠩ᠂ ᠨᠠᠮ ᠵᠠᠰᠠᠭ ᠤᠨ ᠠᠯᠪᠠᠨ ᠭᠡᠷ᠂ ᠤᠰᠤᠨ ᠠᠰᠢᠭᠯᠠᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠪᠠᠷ᠎ᠠ ᠪᠤᠯᠤᠨ ᠪᠠᠶᠢᠴᠠᠭᠠᠨ ᠰᠤᠳᠤᠯᠤᠯᠲᠠ ᠬᠢᠭᠰᠡᠨ ᠪᠠᠶᠢᠨ᠎ᠠ᠃

   ᠮᠡᠳᠡᠭᠡ᠄ ᠴᠢᠶᠣᠤ ᠵᠢᠶᠠᠨ ᠴᠢᠶᠠᠩ ᠤᠯᠠᠭᠠᠢ ᠭᠤᠣᠯ ᠤᠨ ᠬᠥᠪᠡᠭᠡ ᠪᠠᠷ ᠶᠠᠪᠤᠵᠤ᠂ ᠲᠤᠬᠠᠢ ᠶᠢᠨ ᠭᠠᠵᠠᠷ ᠲᠤᠨᠢ

ᠲᠣᠭᠤᠷᠢᠨ ᠪᠠᠶᠢᠴᠠᠭᠠᠬᠤ + ᠵᠢᠯᠣᠭᠤᠴᠢ ᠦᠭᠡᠢ ᠨᠢᠰᠬᠡᠯ ᠤᠨ ᠠᠭᠠᠷ ᠤᠨ ᠠᠶᠠᠯᠠᠯ ᠤᠨ ᠪᠠᠶᠢᠴᠠᠭᠠᠯᠲᠠ ᠶᠢᠨ ᠠᠷᠭ᠎ᠠ

ᠮᠠᠶ᠋ᠢᠭ ᠢᠶᠠᠷ ᠳᠠᠮᠵᠢᠨ᠂ ᠣᠳᠣᠬᠢ ᠱᠠᠲᠤᠨ ᠤ ᠤᠯᠠᠭᠠᠢ ᠭᠤᠣᠯ ᠵᠢᠴᠢ ᠴᠢᠳᠬᠤᠯᠠᠩ ᠤᠨ ᠰᠧᠶᠡᠯᠴᠢᠨ ᠭᠤᠣᠯ ᠢ

ᠲᠣᠭᠤᠷᠢᠨ ᠪᠠᠶᠢᠴᠠᠭᠠᠵᠤ᠂ ᠤᠯᠠᠭᠠᠢ ᠭᠤᠣᠯ ᠵᠢᠴᠢ ᠰᠠᠯᠪᠤᠷᠢ ᠤᠷᠤᠰᠬᠠᠯ ᠤᠨ ᠤᠰᠤᠨ ᠤ ᠴᠢᠨᠠᠷ ᠵᠢᠴᠢ ᠡᠷᠭᠢ

ᠳᠠᠭᠠᠤ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠤᠯᠠᠭᠠᠢ

ᠭᠤᠣᠯ ᠤᠨ ᠡᠯ᠎ᠡ ᠬᠡᠰᠡᠭ ᠤᠨ ᠤᠰᠤᠨ ᠤ ᠬᠡᠮᠵᠢᠶ᠎ᠡ᠂ ᠤᠷᠤᠰᠬᠠᠯ ᠤᠨ ᠬᠤᠷᠳᠤᠴᠠ ᠵᠡᠷᠭᠡ ᠶᠢᠨ ᠮᠡᠳᠡᠭᠡ ᠵᠠᠩᠭᠢ ᠶᠢ

ᠡᠵᠡᠮᠰᠢᠨ᠂ ᠣᠳᠣᠬᠢ ᠱᠠᠲᠤᠨ ᠤ ᠭᠤᠣᠯ ᠤᠨ ᠡᠷᠭᠢ ᠶᠢᠨ ᠤᠷᠭᠤᠮᠠᠯ ᠤᠨ ᠬᠤᠴᠢᠯᠭ᠎ᠠ ᠶᠢᠨ ᠪᠠᠶᠢᠳᠠᠯ ᠢ ᠪᠠᠶᠢᠴᠠᠭᠠᠨ

ᠦᠵᠡᠬᠦ ᠶᠢᠨ ᠬᠠᠮᠲᠤ᠂ ︿︿ᠳᠤᠷ᠎ᠠ ᠪᠠᠷ ᠢᠶᠠᠨ ᠡᠵᠡᠯᠡᠨ ᠪᠠᠶᠢᠭᠤᠯᠬᠤ᠂ ᠳᠤᠷ᠎ᠠ ᠪᠠᠷ ᠢᠶᠠᠨ ᠬᠦᠷᠢᠶᠡᠯᠡᠵᠦ ᠪᠥᠭᠯᠡᠬᠦ᠂

ᠳᠤᠷ᠎ᠠ ᠪᠠᠷ ᠢᠶᠠᠨ ᠲᠡᠭᠦᠵᠦ ᠮᠠᠯᠲᠠᠬᠤ᠂ ᠳᠤᠷ᠎ᠠ ᠪᠠᠷ ᠢᠶᠠᠨ ᠭᠠᠳᠠᠭᠰᠢᠯᠠᠭᠤᠯᠵᠤ ᠲᠠᠯᠪᠢᠬᠤ᠂ ᠦᠢᠯᠡᠳᠪᠦᠷᠢᠯᠡᠯ ᠢ

ᠪᠣᠬᠢᠷᠲᠤᠭᠤᠯᠬᠤ﹀﹀ ᠵᠡᠷᠭᠡ ᠤᠰᠤᠨ ᠤ ᠣᠷᠴᠢᠨ ᠲᠣᠭᠤᠷᠢᠨ ᠢ ᠡᠪᠳᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠬᠤ

ᠡᠰᠡᠬᠦ ᠶᠢ ᠪᠠᠶᠢᠴᠠᠭᠠᠨ ᠦᠵᠡᠭᠰᠡᠨ ᠪᠠᠶᠢᠨ᠎ᠠ᠃

   ᠬᠡᠰᠡᠭ ᠠᠭᠤᠯᠠ ᠤᠰᠤᠨ ᠴᠥᠭᠦᠷᠥᠮ ᠳᠤ᠂ ᠴᠢᠶᠣᠤ ᠵᠢᠶᠠᠨ ᠴᠢᠶᠠᠩ ᠤᠰᠤᠨ ᠴᠥᠭᠦᠷᠥᠮ ᠤᠨ ᠠᠵᠢᠯᠯᠠᠭᠠᠨ

ᠪᠠ ᠤᠰᠤᠨ ᠤ ᠬᠡᠮᠵᠢᠶ᠎ᠡ ᠶᠢᠨ ᠲᠣᠬᠢᠷᠠᠭᠤᠯᠤᠯᠲᠠ ᠬᠠᠮᠢᠶᠠᠷᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ

ᠪᠠᠶᠢᠴᠠᠭᠠᠨ ᠦᠵᠡᠵᠦ᠂ ᠤᠰᠤᠨ ᠴᠥᠭᠦᠷᠥᠮ ᠤᠨ ᠣᠳᠣᠬᠢ ᠱᠠᠲᠤᠨ ᠤ ᠤᠰᠤᠨ ᠭᠠᠳᠠᠷᠭᠤ ᠶᠢᠨ ᠲᠠᠯᠠᠪᠠᠶ᠂ ᠤᠰᠤᠨ

ᠴᠥᠭᠦᠷᠥᠮ ᠤᠨ ᠪᠠᠭᠲᠠᠭᠠᠮᠵᠢ᠂ ᠡᠳᠦᠷ ᠲᠤᠲᠤᠮ ᠤᠨ ᠲᠣᠬᠢᠷᠠᠭᠤᠯᠤᠯᠲᠠ ᠵᠡᠷᠭᠡ ᠰᠤᠷᠠᠭ ᠵᠠᠩᠭᠢ ᠶᠢ ᠨᠠᠷᠢᠨ ᠠᠰᠠᠭᠤᠨ

ᠯᠠᠪᠯᠠᠵᠤ᠂ ᠡᠭᠦᠨ ᠤ ᠬᠠᠮᠲᠤ ᠲᠤᠬᠠᠢ ᠶᠢᠨ ᠲᠠᠯᠠᠪᠠᠢ ᠳᠤ ᠬᠡᠰᠡᠭ ᠠᠭᠤᠯᠠ ᠤᠰᠤᠨ ᠴᠥᠭᠦᠷᠥᠮ ᠤᠨ ᠬᠥᠮᠥᠷᠭᠡ ᠳᠤ

ᠣᠷᠣᠭᠤᠯᠬᠤ ᠤᠰᠤᠨ ᠤ ᠬᠡᠮᠵᠢᠶ᠎ᠡ ᠶᠢ ᠪᠠᠶᠢᠴᠠᠭᠠᠨ ᠦᠵᠡᠵᠦ ᠴᠢᠬᠤᠯᠴᠢᠯᠠᠬᠤ ᠳᠠᠭᠠᠨ᠂ ᠡᠨᠡ ᠵᠢᠯ ᠤᠨ ᠦᠶᠡᠷ ᠤᠨ

ᠬᠤᠭᠤᠴᠠᠭ᠎ᠠ ᠰᠢᠪᠲᠤᠷᠭᠠᠨ ᠳᠠᠭᠠᠨ ᠣᠷᠣᠵᠤ᠂ ᠦᠶᠡᠷ ᠤᠨ ᠬᠤᠭᠤᠴᠠᠭ᠎ᠠ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠬᠦ

ᠬᠡᠷᠡᠭᠲᠡᠢ᠂ ᠤᠰᠤᠨ ᠴᠥᠭᠦᠷᠥᠮ ᠤᠨ ᠬᠠᠮᠢᠶᠠᠷᠤᠯᠲᠠ ᠶᠢᠨ ᠨᠢᠭᠡᠴᠡ ᠶᠢᠨ ᠬᠢᠨ ᠠᠮᠤᠷ ᠲᠦᠪᠰᠢᠨ ᠤ ᠤᠬᠠᠮᠰᠠᠷ ᠢᠶᠠᠨ

ᠪᠠᠲᠤᠳᠬᠠᠵᠤ᠂ ᠤᠰᠤᠨ ᠤ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ 24 ᠴᠠᠭ ᠤᠨ ᠦᠶᠡᠷ ᠢ

ᠰᠡᠷᠭᠡᠶᠢᠯᠡᠬᠦ ᠵᠢᠵᠢᠭᠦᠷᠯᠡᠨ ᠰᠠᠬᠢᠬᠤ ᠳᠦᠷᠢᠮ ᠢ ᠨᠠᠷᠢᠨ ᠬᠢᠨᠠᠮᠠᠭᠠᠢ ᠭᠦᠢᠴᠡᠳᠬᠡᠵᠦ᠂ ᠥᠴᠥᠬᠡᠨ ᠴᠦ ᠴᠠᠯᠠᠭᠠᠶᠢᠷᠠᠵᠤ

ᠪᠣᠯᠬᠤ ᠦᠭᠡᠢ᠂ ᠠᠮᠤᠷ ᠲᠦᠪᠰᠢᠨ ᠢ ᠪᠠᠲᠤᠯᠠᠵᠤ᠂ ᠦᠶᠡᠷ ᠢ ᠲᠣᠭᠲᠠᠭᠤᠨ ᠢᠶᠠᠷ ᠥᠩᠭᠡᠷᠡᠭᠦᠯᠬᠦ ᠬᠡᠷᠡᠭᠲᠡᠢ ᠭᠡᠰᠡᠨ

ᠪᠠᠶᠢᠨ᠎ᠠ᠃

   ᠴᠢᠶᠣᠤ ᠵᠢᠶᠠᠨ ᠴᠢᠶᠠᠩ ᠵᠢᠭᠠᠬᠤ ᠳᠠᠭᠠᠨ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ

ᠳᠦᠷᠢᠮ ᠤᠨ ᠠᠵᠢᠯ ᠳᠤ ᠭᠤᠣᠯ ᠮᠥᠷᠡᠨ ᠨᠠᠭᠤᠷ ᠴᠥᠭᠦᠷᠥᠮ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ

ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠦ᠂ ᠭᠤᠣᠯ ᠮᠥᠷᠡᠨ ᠨᠠᠭᠤᠷ ᠴᠥᠭᠦᠷᠥᠮ ᠳᠤ ᠣᠷᠣᠰᠢᠵᠤ

ᠪᠠᠶᠢᠭ᠎ᠠ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠢ ᠳᠤᠨᠢ ᠵᠠᠰᠠᠵᠤ᠂ ᠡᠭᠦᠨ ᠤ ᠬᠠᠮᠲᠤ ᠬᠠᠮᠠᠭᠠᠯᠠᠬᠤ ᠶᠢ

ᠲᠡᠷᠢᠭᠦᠨ ᠳᠤ ᠲᠠᠯᠪᠢᠬᠤ᠂ ᠠᠯᠤᠰ ᠬᠤᠯᠠ ᠶᠢ ᠪᠣᠳᠣᠯᠬᠢᠯᠠᠬᠤ ᠱᠠᠭᠠᠷᠳᠠᠯᠭ᠎ᠠ ᠶᠣᠰᠣᠭᠠᠷ᠂ ᠭᠤᠣᠯ ᠮᠥᠷᠡᠨ ᠨᠠᠭᠤᠷ

ᠴᠥᠭᠦᠷᠥᠮ ᠤᠨ ᠤᠰᠤᠨ ᠤ ᠣᠷᠴᠢᠨ ᠲᠣᠭᠤᠷᠢᠨ ᠪᠣᠯᠣᠨ ᠡᠷᠭᠢ ᠳᠠᠭᠠᠤ ᠶᠢᠨ ᠠᠮᠢ ᠠᠬᠤᠢ ᠶᠢᠨ ᠬᠠᠮᠠᠭᠠᠯᠠᠯᠲᠠ ᠶᠢ

ᠬᠠᠷᠢᠯᠴᠠᠨ ᠤᠶᠠᠯᠳᠤᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠡᠷᠭᠢ ᠶᠢᠨ ᠱᠤᠭᠤᠮ ᠢ ᠵᠢᠷᠤᠮᠵᠢᠯ ᠲᠠᠢ

ᠡᠮᠬᠢ ᠵᠢᠷᠤᠮ ᠲᠠᠢ᠂ ᠭᠤᠣᠯ ᠤᠨ ᠵᠠᠮ ᠤᠰᠤᠨ ᠤ ᠶᠠᠪᠤᠳᠠᠯ ᠤᠨ ᠡᠮᠬᠢ ᠳᠢᠭᠯᠢᠮ ᠢ ᠰᠠᠶᠢᠨ ᠪᠣᠯᠭᠠᠬᠤ᠂ ᠤᠰᠤᠨ ᠤ

ᠠᠮᠢ ᠠᠬᠤᠢ ᠶᠢᠨ ᠣᠷᠴᠢᠨ ᠲᠣᠭᠤᠷᠢᠨ ᠢ ᠪᠦᠬᠦᠯᠢ ᠴᠣᠭᠴᠠ ᠪᠠᠷ ᠨᠢ ᠰᠠᠶᠢᠵᠢᠷᠠᠭᠤᠯᠬᠤ᠂ ᠠᠮᠢ ᠠᠬᠤᠢ ᠶᠢᠨ

ᠴᠢᠳᠠᠪᠬᠢ ᠶᠢ ᠦᠷᠭᠦᠯᠵᠢᠯᠡᠨ ᠳᠡᠭᠡᠭᠰᠢᠯᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠬᠲᠠᠯᠴᠠᠭ᠎ᠠ ᠶᠢ

ᠠᠬᠢᠭᠤᠯᠵᠤ᠂ ᠠᠷᠠᠳ ᠤᠨ ᠠᠮᠢᠳᠤᠷᠠᠯ ᠤᠨ ︿︿ᠵᠣᠯ ᠵᠢᠷᠭᠠᠯᠲᠤ ᠭᠤᠣᠯ﹀﹀ ᠢ ᠪᠠᠶᠢᠭᠤᠯᠬᠤ ᠳᠤ ᠰᠠᠭᠤᠷᠢ ᠲᠠᠯᠪᠢᠬᠤ

ᠬᠡᠷᠡᠭᠲᠡᠢ ᠭᠡᠰᠡᠨ ᠪᠠᠶᠢᠨ᠎ᠠ᠃

 
ᠢᠷᠡᠯᠲᠡ᠄ ᠣᠯᠠᠭᠠᠢ ᠬᠠᠮᠢᠶᠠᠷᠤᠯᠲᠠ ᠶᠢᠨ ᠣᠷᠣᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号